ᠥᠪᠡᠷᠲᠡᠭᠡᠨ ᠵᠠᠰᠠᠬᠤ ᠣᠷᠣᠨ ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠵᠦ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2024/4/30
    ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠴᠣᠬᠤᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠥᠷᠭᠡᠨ ᠤᠯᠠᠨ ᠬᠥᠳᠡᠯᠮᠦᠷᠢᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠭᠡᠯ ᠳᠡᠪᠰᠢᠭᠦᠯᠪᠡ᠃ ᠲᠡᠷᠡ᠂ ᠣᠳᠣᠬᠠᠨ ᠳᠤ ᠮᠠᠨ ᠤ ᠣᠷᠣᠨ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠥᠬᠦ ᠣᠷᠣᠨ ᠤ ᠥᠷᠭᠡᠨ ᠣᠯᠠᠨ ᠬᠥᠳᠡᠯᠮᠦᠷᠢᠴᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠡᠵᠡᠨ ᠬᠥᠮᠦᠨ ᠤ ᠴᠢᠩᠭ᠎ᠠ ᠤᠬᠠᠮᠰᠠᠷ ᠢᠶᠠᠷ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ ᠭᠠᠯ ᠬᠠᠯᠠᠭᠤᠨ ᠦᠢᠯᠡᠳᠦᠯᠭᠡ ᠳᠤ ᠣᠷᠣᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠲᠡᠰᠪᠦᠷᠢ ᠬᠠᠲᠠᠭᠤᠵᠢᠯᠲᠠᠶ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠥᠬᠡᠶ ᠤᠷᠤᠭᠰᠢᠯᠠᠵᠤ ᠲᠤᠮᠳᠠ ᠲᠦᠪᠰᠢᠨ ᠳᠤ ᠤᠷᠤᠬᠤ ᠶᠢ ᠬᠦᠰᠡᠪᠡ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ ︽ᠠᠵᠢᠯᠳᠠᠨ ᠠᠵᠢᠯᠴᠢᠨ ᠤ ᠭᠡᠷ ᠪᠦᠯᠢ︾ ᠢᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠢᠯᠴᠢᠨ ᠤ ᠡᠪᠯᠡᠯ ᠤᠨ ᠠᠵᠢᠯ ᠳᠤ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ ᠭᠡᠵᠡᠢ᠃    4 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ︽5 · 1︾᠎ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ ᠤ ︽5 · 1︾᠎ ᠤ ᠬᠥᠳᠡᠯᠮᠦᠷᠢ ᠶᠢᠨ ᠱᠠᠩᠨᠠᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠬᠤᠷᠠᠯ ᠳᠤ ᠣᠷᠣᠯᠴᠠᠭᠰᠡᠨ ᠪᠦᠭᠡᠳ ᠶᠠᠷᠢᠶ᠎ᠠ ᠲᠠᠯᠪᠢᠵᠠᠢ᠃ ᠲᠡᠷᠡ᠂ ᠪᠦᠬᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤ ᠡᠵᠡᠮᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠤᠨ ᠰᠦᠨ ᠱᠤᠤ ᠴᠧᠩ ᠨᠥᠬᠦᠷ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠳᠠᠨ ᠠᠵᠢᠯᠴᠢᠨ ᠤᠯᠠᠨ ᠲᠦᠮᠡᠨ ᠢ ᠵᠣᠬᠢᠶᠠᠨ ᠪᠠᠶᠢᠭᠤᠯᠤᠨ ᠲᠠᠶᠢᠴᠢᠯᠠᠵᠥ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠪᠣᠯᠤᠨ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠭᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠬᠦᠴᠦ ᠤᠷᠤᠭᠤᠯᠤᠨ ᠰᠠᠶᠢᠲᠤᠷ ᠬᠢᠵᠦ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠡᠢ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠸᠢ ᠬᠤᠷᠠᠯ ᠳᠤ ᠣᠷᠣᠯᠴᠠᠵᠠᠶ᠃ ᠬᠤᠷᠠᠯ ᠠᠴᠠ 2024 ᠣᠨ ᠤ ᠪᠥᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽5 · 1︾᠎ ᠤ ᠬᠥᠳᠡᠯᠮᠦᠷᠢ ᠶᠢᠨ ᠬᠦᠬᠢᠭᠦᠯᠦᠯ ᠤᠨ ᠦᠨᠡᠮᠯᠡᠯ᠂ ᠱᠠᠩᠨᠠᠯ ᠤᠨ ᠮᠧᠳᠠᠯ᠂ ᠠᠵᠢᠯᠴᠢᠨ ᠤ ᠬᠤᠰᠢᠭᠤᠴᠢ ᠴᠣᠯᠠ ᠭᠥᠷᠳᠡᠭᠰᠡᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号