ᠸᠠᠩ ᠯᠢ ᠰᠢᠶᠠ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
   ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠳᠡᠮᠡᠴᠡᠯ︾᠎ ᠢ ᠰᠠᠶᠢᠲᠤᠷ ᠬᠢᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠠᠵᠢᠯ ᠤᠨ ᠲᠦᠷᠢᠮ᠂ ᠨᠠᠷᠢᠨ ᠲᠦᠷᠢᠮ᠂ ᠣᠨ ᠤ ᠠᠵᠢᠯ ᠤᠨ ᠭᠤᠤᠯᠳᠠᠯᠭ᠎ᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠠᠷᠭ᠎ᠠ ᠬᠡᠮᠵᠢᠶ᠎ᠡ ᠨᠦᠭᠦᠳ︾ ᠪᠣᠯᠤᠨ ᠲᠦᠷᠦᠭᠦᠦ ᠪᠦᠯᠦᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠤᠭᠤᠮᠳᠠ ᠰᠢᠪᠲᠤᠯᠬᠤ︾ ᠴᠡᠭ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃   ᠸᠠᠩ ᠯᠢ ᠰᠢᠶᠠ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠳᠡᠮᠡᠴᠡᠯ︾᠎ ᠢ ᠰᠠᠶᠢᠲᠤᠷ ᠬᠢᠬᠦ ᠳᠤ ᠶᠡᠷᠦᠩᠬᠡᠶ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠵᠦ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ᠂ ᠪᠣᠬᠢᠷᠲᠤᠯ ᠥᠬᠡᠶ ᠮᠥᠩᠭᠦᠨ ᠭᠦᠢᠯᠭᠡᠭᠡᠨ᠂ ᠲᠦᠭᠡᠮᠡᠯ ᠬᠦᠷᠳᠡᠭᠡᠮᠵᠢᠳᠦ ᠮᠥᠩᠭᠦᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ᠂ ᠲᠣᠭᠠᠴᠢᠯᠠᠭᠰᠠᠨ ᠮᠥᠩᠭᠦᠨ ᠭᠦᠢᠯᠭᠡᠭᠡᠨ ᠵᠡᠷᠭᠡ 5 ᠳᠠᠯ᠎ᠠ ᠶᠢᠨ ᠲᠤᠮᠤ ᠶᠠᠪᠤᠳᠠᠯ ᠢ ᠰᠠᠶᠢᠲᠤᠷ ᠬᠢᠵᠦ᠂ ᠲᠠᠰ ᠳᠡᠪᠰᠢᠬᠦ ᠶᠢ ᠲᠦᠷᠭᠡᠳᠭᠡᠵᠦ᠂ ᠮᠥᠩᠭᠦᠨ ᠭᠦᠢᠯᠭᠡᠭᠡᠨ ᠤ ᠦᠢᠯᠡᠰ ᠢ ᠳᠤᠮᠳᠠ ᠲᠦᠪᠰᠢᠨ ᠳᠤ ᠣᠷᠣᠭᠤᠯᠬᠤ ᠶᠢ ᠡᠷᠲᠡᠬᠡᠨ ᠪᠡᠶᠡᠯᠡᠭᠦᠯᠬᠦ ᠬᠡᠷᠡᠭᠲᠡᠶ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠠᠬᠢ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠤᠰᠠᠳᠬᠠᠬᠤ ᠳᠠᠶᠢᠯᠠᠯᠳᠤᠭᠠᠨ᠂ ᠵᠠᠬ᠎ᠠ ᠬᠢᠵᠠᠭᠠᠷ ᠤᠨ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠪᠡ᠃ᠸᠠᠩ ᠯᠢ ᠰᠢᠶᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠤᠭᠤᠮᠲᠠ ᠰᠢᠪᠲᠤᠯᠬᠤ︾ ᠵᠣᠷᠢᠯᠭ᠎ᠠ ᠪᠣᠯ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠂ ᠡᠷᠬᠡᠪᠰᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠤᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ᠃ ᠰᠦ ᠶᠢᠨ ᠦᠢᠯᠡᠰ᠂ ᠬᠤᠪᠣᠷ ᠰᠢᠷᠣᠶ᠂ ᠰᠢᠨ᠎ᠡ ᠡᠨᠧᠷᠭᠢ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠳᠠᠭᠠᠭᠠᠴᠠ ᠶᠢᠨ ᠭᠠᠵᠠᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠲᠥᠪᠯᠡᠷᠡᠭᠦᠯᠦᠨ ᠴᠤᠭᠯᠠᠷᠠᠭᠤᠯᠤᠨ ᠡᠷᠴᠢᠮᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠴᠢᠬᠤᠯᠠ ᠡᠯᠧᠮᠧᠨ᠋ᠲ ᠢ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠲᠡᠶᠢᠰᠢ ᠲᠥᠪᠯᠡᠷᠡᠭᠦᠯᠵᠦ᠂ ᠰᠢᠨᠵᠢᠯᠡᠬᠦ ᠤᠬᠠᠭᠠᠨᠲᠠᠨ ᠪᠣᠯᠤᠨ ᠠᠵᠤ ᠠᠬᠤᠶᠢᠯᠠᠯᠲᠠᠨ ᠢ ᠭᠠᠷ ᠠᠳᠬᠤᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠪᠡ᠃    ᠸᠠᠩ ᠯᠢ ᠰᠢᠶᠠ᠂ ᠮᠥᠩᠭᠦᠨ ᠭᠦᠢᠯᠭᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠴᠠᠭ ᠲᠤᠬᠠᠢ ᠳᠤᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号