ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠭᠦᠷᠭᠡ ᠴᠢᠳᠠᠮᠵᠢ᠂ ᠳᠣᠳᠣᠭᠠᠳᠣ ᠪᠠᠶᠢᠭᠤᠯᠣᠮᠵᠢ
ᠨᠡᠶᠢᠲᠡᠯᠡᠭᠰᠡᠨ ᠴᠠᠭ᠄
2024/4/30
    ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ᠨᠢᠭᠡ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠶᠠᠪᠤᠳᠠᠯ᠂ ᠬᠢᠯᠢ ᠶᠢᠨ ᠬᠠᠮᠠᠭᠠᠯᠠᠯᠲᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠠᠵᠢᠯ ᠤᠨ ᠲᠦᠷᠢᠮ ᠪᠠ ᠠᠵᠢᠯ ᠤᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠨ᠎ᠠ᠃ ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃    ᠬᠤᠶᠠᠷ᠂ ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠵᠢᠴᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠴᠢᠬᠤᠯᠠ ᠶᠡᠭᠡ ᠬᠡᠷᠡᠭ ᠲᠤ ᠰᠢᠢᠳᠪᠦᠷᠢᠯᠡᠬᠦ ᠰᠠᠨᠠᠯ ᠳᠣᠷᠠᠳᠣᠨ᠎ᠠ᠃ ᠴᠢᠬᠤᠯᠠ ᠶᠡᠭᠡ ᠭᠠᠳᠠᠭᠠᠳᠤ ᠲᠠᠢ ᠬᠤᠯᠪᠣᠭᠳᠠᠬᠤ ᠬᠡᠷᠡᠭ ᠶᠠᠪᠤᠳᠠᠯ ᠢ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠬᠦ ᠶᠢ ᠬᠠᠷᠢᠭᠤᠴᠠᠨ᠎ᠠ᠃    ᠭᠤᠷᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠠᠯᠠᠱᠠ ᠠᠶᠢᠮᠠᠭ ᠲᠠᠬᠢ ᠬᠡᠰᠡᠭ ᠤᠨ ᠭᠠᠳᠠᠭᠠᠳᠤ ᠲᠠᠢ ᠬᠤᠯᠪᠣᠭᠳᠠᠬᠤ ᠶᠠᠪᠤᠳᠠᠯ ᠢ ᠬᠠᠮᠢᠶᠠᠷᠴᠤ᠂ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠲᠠ ᠶᠢᠨ ᠠᠵᠢᠯ ᠢ ᠵᠢᠯᠣᠭᠤᠳᠤᠨ᠎ᠠ᠃    ᠳᠥᠷᠪᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠤᠬᠠᠭᠤᠯᠭ᠎ᠠ ᠪᠣᠯᠤᠨ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠨ᠎ᠠ᠃ ᠪᠥᠬᠦ ᠠᠶᠢᠮᠠᠭ ᠤᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠪᠦᠯᠬᠦᠮ ᠳᠣᠮᠢᠯᠠᠬᠤ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠵᠤ᠂ ᠠᠯᠪᠠᠨ ᠶᠠᠪᠤᠳᠠᠯ ᠢᠶᠠᠷ ᠫᠠᠰᠫᠣᠷᠲ ᠪᠠ ᠰᠢᠶᠠᠩᠭᠠᠩ ᠣᠣᠮᠧᠨ ᠳᠤ ᠬᠦᠷᠬᠦ ᠦᠨᠡᠮᠯᠡᠯ ᠢ ᠬᠠᠮᠵᠢᠨ ᠬᠠᠮᠢᠶᠠᠷᠤᠨ᠎ᠠ᠃    ᠲᠠᠪᠤ᠂ ᠴᠢᠬᠤᠯᠠ ᠭᠠᠳᠠᠭᠠᠳᠤ ᠶᠢᠨ ᠵᠣᠴᠢᠳ ᠢ ᠬᠦᠯᠢᠶᠡᠨ ᠠᠪᠬᠤ᠂ ᠤᠷᠢᠬᠤ ᠶᠠᠪᠤᠳᠠᠯ ᠢ ᠡᠭᠦᠷᠭᠡᠯᠡᠵᠦ᠂ ᠪᠦᠬᠦ ᠠᠶᠢᠮᠠᠭ ᠤᠨ ᠤᠯᠤᠰ ᠤᠨ ᠭᠠᠳᠠᠭᠠᠳᠤ ᠯᠤᠭ᠎ᠠ ᠨᠥᠬᠦᠷᠰᠡᠭ ᠬᠤᠲᠠ ︵ᠭᠠᠵᠠᠷ ᠣᠷᠣᠨ︶ ᠵᠢᠴᠢ ᠨᠥᠬᠦᠷᠰᠡᠭ ᠦᠨᠳᠦᠰᠦᠨ ᠱᠠᠲᠤᠨ ᠤ ᠨᠢᠬᠡᠴᠡ ᠪᠣᠯᠬᠤ ᠠᠵᠢᠯ ᠢ ᠵᠢᠯᠣᠭᠤᠳᠤᠨ ᠬᠠᠮᠢᠶᠠᠷᠴᠤ᠂ ᠪᠦᠬᠦ ᠠᠶᠢᠮᠠᠭ ᠤᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢ ᠵᠢᠯᠣᠭᠤᠳᠤᠨ᠎ᠠ᠃    ᠵᠢᠷᠭᠤᠭ᠎ᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯ ᠤᠨ ᠲᠤᠬᠠᠶ ᠨᠠᠮ ᠪᠠ ᠤᠯᠤᠰ  ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠳᠣᠣᠱᠯᠠᠭᠤᠯᠣᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠰᠢᠶᠠᠩᠭᠠᠩ᠂ ᠣᠣᠮᠧᠨ ᠤ ᠠᠵᠤ ᠠᠬᠤᠶ᠂ ᠰᠢᠨᠵᠢᠯᠡᠭᠡ ᠮᠡᠷᠭᠡᠵᠢᠯ᠂ ᠰᠣᠶᠣᠯ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠎ᠠ᠃    ᠳᠣᠯᠤᠭ᠎ᠠ᠂ ᠴᠡᠷᠢᠭ ᠠᠩᠭᠢ ᠪᠠ ᠣᠷᠣᠨ ᠨᠤᠲᠤᠭ ᠤᠨ ᠬᠡᠷᠡᠭᠴᠡᠭᠡ ᠶᠢ ᠵᠣᠯᠭᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠤᠨ ᠵᠦᠪᠳᠡᠯᠴᠡᠬᠦ᠂ ᠴᠡᠷᠢᠭ ᠠᠩᠭᠢ ᠶᠢᠨ ᠪᠠᠲᠤᠯᠠᠭ᠎ᠠ ᠶᠢ ᠨᠡᠶᠢᠭᠡᠮᠴᠢᠯᠡᠬᠦ ᠠᠵᠢᠯ ᠢ ᠵᠣᠬᠢᠴᠠᠭᠤᠯᠤᠨ ᠳᠡᠬᠦᠨ ᠳᠤ ᠦᠢᠯᠡᠴᠢᠯᠡᠨ᠎ᠡ᠃    ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ 5 ᠰᠠᠯᠠᠭ᠎ᠠ᠄    1. ᠭᠠᠳᠠᠭᠠᠳᠤ ᠶᠠᠪᠤᠳᠠᠯ ᠤᠨ ᠰᠠᠯᠠᠭ᠎ᠠ    2. ᠴᠡᠷᠢᠭ ᠠᠷᠠᠳ ᠤᠨ ᠭᠡᠷᠡᠭᠯᠡᠭᠡ ᠶᠢ ᠠᠭᠤᠰᠣᠯᠴᠠᠭᠤᠯᠣᠨ ᠬᠦᠭᠵᠢᠬᠦᠯᠬᠦ ᠰᠠᠯᠠᠭ᠎ᠠ    3. ᠬᠢᠯᠢ ᠶᠢᠨ ᠬᠠᠮᠠᠭᠠᠯᠠᠯᠲᠠ ᠶᠢ ᠵᠣᠬᠢᠴᠠᠭᠤᠯᠬᠤ ᠰᠠᠯᠠᠭ᠎ᠠ    4. ᠶᠡᠷᠦᠩᠬᠡᠶᠢᠯᠡᠭᠰᠡᠨ ᠰᠠᠯᠠᠭ᠎ᠠ    5. ᠭᠠᠲᠠᠭᠠᠲᠤ ᠲᠠᠢ ᠰᠣᠯᠢᠯᠴᠠᠭ᠎ᠠ ᠬᠠᠮᠳᠣᠷᠠᠯᠴᠠᠭ᠎ᠠ ᠬᠢᠬᠦ ᠰᠠᠯᠠᠭ᠎ᠠ    ᠪᠠᠶᠢᠭᠤᠯᠭ᠎ᠠ ᠶᠢᠨ ᠰᠦᠯᠵᠢᠶ᠎ᠡ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号