ᠪᠠᠢ ᠬᠠᠢ ᠯᠢᠨ ᠤᠯᠤᠰ ᠤᠨ ᠡᠨᠧᠷᠭᠢ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠶᠢᠩ ᠯᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/7
    4 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠤᠯᠤᠰ ᠤᠨ ᠡᠨᠧᠷᠭᠢ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠶᠢᠩ ᠯᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠨᠡᠭᠦᠷᠡᠰᠦ ᠬᠡᠤᠷᠰᠢᠭᠦᠯᠬᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠠᠭᠤᠰᠤᠯᠴᠠᠨ ᠬᠥᠭᠵᠢᠬᠦ ᠵᠡᠷᠭᠡ ᠶᠠᠪᠤᠳᠠᠯ ᠤᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃
    ᠪᠠᠢ ᠬᠠᠢ ᠯᠢᠨ ᠵᠢᠶᠠᠩ ᠶᠢᠩ ᠯᠢ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠢᠨ ᠭᠡᠷᠡᠯ ᠰᠠᠯᠬᠢ᠂ ᠵᠠᠮ ᠬᠠᠷᠢᠯᠴᠠᠭ᠎ᠠ᠂ ᠣᠷᠣᠨ ᠪᠠᠶᠢᠷᠢ ᠵᠡᠷᠭᠡ ᠬᠠᠷᠢᠴᠠᠭᠤᠯᠤᠭᠰᠠᠨ ᠳᠠᠪᠠᠭᠤᠯᠢᠭ ᠲᠣᠪᠤᠶᠢᠮ᠎ᠠ ᠪᠠᠶᠢᠵᠤ᠂ ᠶᠠᠭ ᠪᠥᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ᠂ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠪᠣᠯᠤᠨ ᠲᠡᠷᠢᠭᠦᠨ ᠤ ᠥᠨᠳᠥᠷ ᠳᠠᠭᠠᠭᠠᠴᠠ ᠲᠠᠢ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠥᠲᠥᠭᠡᠨ ᠪᠠᠶᠢᠭᠤᠯᠵᠤ᠂ ︽ᠨᠡᠭᠦᠷᠡᠰᠦ ᠬᠡᠤᠷᠰᠢᠭᠦᠯᠬᠦ ᠬᠢᠮᠢ ᠶᠢᠨ ᠠᠵᠤ ᠦᠢᠯᠡᠳᠪᠦᠷᠢ + ᠰᠢᠨ᠎ᠡ ᠡᠨᠧᠷᠭᠢ︾ ᠶᠢᠨ ᠣᠷᠴᠢᠯ ᠬᠥᠭᠵᠢᠯᠲᠡ ᠶᠢ ᠠᠬᠢᠭᠤᠯᠬᠤ ᠰᠠᠭᠤᠷᠢ ᠲᠠᠢ᠂ ᠳᠠᠪᠠᠭᠤᠯᠢᠭ ᠲᠠᠢ ᠶᠤᠮ᠃ ᠤᠯᠤᠰ ᠤᠨ ᠡᠨᠧᠷᠭᠢ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠺᠣᠮᠫᠠᠨᠢ ᠪᠣᠳᠠᠲᠤ ᠬᠦᠴᠦᠨ ᠢᠶᠠᠷ ᠴᠢᠩᠭ᠎ᠠ᠂ ᠲᠤᠷᠰᠢᠯᠭ᠎ᠠ ᠪᠠᠷ ᠪᠠᠶᠠᠯᠢᠭ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠡᠭᠡᠳᠦ ᠬᠡᠮᠵᠢᠶ᠎ᠡ ᠪᠠᠷ ᠨᠡᠶᠢᠴᠡᠵᠦ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠠᠵᠤ ᠠᠬᠤᠶᠢᠯᠠᠯ ᠠᠯᠠᠱᠠ ᠳᠤ ᠬᠦᠨᠵᠡᠭᠡᠶᠢᠷᠡᠵᠦ᠂ ᠠᠯᠠᠱᠠ ᠳᠤ ᠪᠡᠯᠡ ᠣᠷᠣᠭᠤᠯᠵᠤ᠂ ᠪᠣᠳᠠᠲᠠᠢ ᠤᠴᠢᠷ ᠶᠠᠪᠤᠳᠠᠯ ᠤᠨ ᠲᠤᠬᠠᠢ ᠤᠯᠤᠯᠴᠠᠭ᠎ᠠ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠡᠯᠬᠢᠶ᠎ᠡ ᠶᠢ ᠤᠷᠲᠤᠳᠬᠠᠬᠤ  ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ ᠴᠢᠩᠭᠠᠳᠬᠠᠬᠤ ᠲᠦᠷᠦᠯ ᠵᠦᠢᠯ ᠢ ᠢᠳᠡᠪᠬᠢᠲᠡᠢ ᠰᠦᠪᠡᠭᠴᠢᠯᠡᠵᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠠ᠃     ᠵᠢᠶᠠᠩ ᠶᠢᠩ ᠯᠢ ᠠᠵᠤ ᠠᠬᠤᠶᠢᠯᠠᠯ ᠤᠨ ᠲᠦᠢᠮᠣ ᠪᠠᠶᠢᠳᠠᠯ ᠪᠣᠯᠤᠨ ᠬᠠᠮᠲᠤᠷᠠᠯᠴᠠᠭᠠᠨ ᠤ ᠰᠠᠨᠠᠮᠵᠢ ᠶᠢ ᠲᠣᠪᠴᠢ ᠲᠠᠨᠢᠯᠴᠠᠭᠤᠯᠪᠠ᠃ ᠲᠡᠷᠡ᠂ ᠠᠯᠠᠱᠠ ᠨᠢ ᠪᠦᠬᠦ ᠣᠷᠣᠨ ᠤ ᠨᠡᠭᠦᠷᠡᠰᠦ ᠬᠡᠤᠷᠰᠢᠭᠦᠯᠬᠦ ᠬᠢᠮᠢ ᠶᠢᠨ ᠠᠵᠤ ᠦᠢᠯᠡᠳᠪᠦᠷᠢ ᠪᠣᠯᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠦᠭᠵᠢᠬᠦᠯᠬᠦ ᠴᠢᠬᠤᠯᠠ ᠠᠶᠢᠮᠠᠭ ᠬᠤᠳᠠ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠰᠠᠭᠤᠷᠢ ᠰᠠᠶᠢᠨ᠂ ᠪᠡᠯᠡ ᠣᠷᠣᠭᠤᠯᠤᠯᠲᠠ ᠶᠢᠨ ᠲᠠᠯᠳᠠ ᠬᠦᠴᠦᠨ ᠶᠡᠭᠡ ᠪᠠᠶᠢᠨ᠎ᠠ᠃ ᠪᠢᠳᠡᠨ ᠤ ᠬᠤᠪᠢ ᠠᠴᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠨᠡᠩ ᠥᠨᠳᠥᠷ ᠲᠦᠪᠰᠢᠨ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号