ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠵᠥ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠲᠥᠬᠦᠮ ᠦᠵᠡᠭᠦᠯᠬᠦ ᠲᠦᠪᠰᠢᠨ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/7
    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠵᠥ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠲᠥᠬᠦᠮ ᠦᠵᠡᠭᠦᠯᠬᠦ ᠲᠦᠪᠰᠢᠨ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠳᠦᠬᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠬᠦᠯᠵᠦ᠂ ᠢᠲᠡᠭᠡᠮᠵᠢ ᠶᠢᠨ ᠮᠡᠳᠡᠭᠡ ᠵᠠᠩᠭᠢ ᠪᠠᠷ ᠰᠠᠭᠤᠷᠢ ᠪᠣᠯᠭᠠᠭᠰᠠᠨ ᠲᠦᠭᠡᠮᠡᠯ ᠬᠠᠷᠠᠭᠠᠯᠵᠠᠯᠲᠤ ᠪᠠᠯᠠ ᠬᠤᠷᠠᠮᠳᠤᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃     ︽ᠬᠡᠷᠡᠭᠵᠢᠭᠦᠯᠬᠦ ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠶᠢᠲ᠋ᠠ ᠶᠢᠨ ᠰᠠᠭᠤᠷᠢ ᠲᠦᠷᠢᠮ ᠢ ᠪᠦᠷᠢᠨᠰᠢᠬᠦᠯᠵᠦ᠂ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠬᠦᠯᠵᠦ᠂ ︽ᠢᠲᠡᠭᠡᠮᠵᠢᠲᠦ ᠲᠥᠬᠦᠮ ᠵᠢᠭᠡᠯᠡᠯᠭᠡ︾ ᠶᠢᠨ ᠠᠵᠢᠯ ᠢ ᠭᠦᠨᠵᠡᠭᠡᠶ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠠᠬᠢᠭᠤᠯᠪᠠ᠃     ︽ᠬᠡᠷᠡᠭᠵᠢᠭᠦᠯᠬᠦ ᠲᠥᠰᠦᠯ︾ ᠳᠤ᠂ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠨᠢᠭᠡ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠠᠷᠭ᠎ᠠ ᠵᠠᠮ ᠢ ᠲᠣᠳᠣᠷᠬᠠᠶᠢᠯᠠᠨ᠎ᠠ᠃ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ︽ᠶᠡᠷᠦᠩᠬᠡᠶ ᠬᠦᠢᠰᠦ︾ ᠶᠢᠨ ᠴᠢᠳᠠᠮᠵᠢ ᠶᠢ ᠴᠢᠩᠭᠠᠷᠠᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢ ᠪᠦᠷᠢᠨᠰᠢᠬᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠬᠤ ︽ᠴᠣᠷ ᠤᠨ ᠭᠠᠭᠴᠠ ᠵᠠᠮ︾ ᠪᠣᠯᠭᠠᠨ᠎ᠠ᠃ ᠬᠤᠶᠠᠷ ᠲᠤ᠂ ᠣᠷᠣᠨ ᠨᠤᠲᠤᠭ ᠤᠨ ᠲᠠᠪᠴᠠᠩ ᠢ ᠡᠮᠬᠢᠯᠡᠨ ᠨᠡᠶᠢᠳᠬᠡᠬᠦ ᠪᠠ ᠨᠢᠭᠡᠳᠦᠯᠲᠡᠶ ᠬᠠᠮᠢᠶᠠᠷᠬᠤ ᠶᠢ ᠴᠢᠩᠭᠠᠳᠬᠠᠨ᠎ᠠ᠃ ᠴᠢᠳᠠᠮᠵᠢ ᠨᠢ ᠳᠠᠪᠬᠤᠷᠳᠠᠭᠰᠠᠨ ᠪᠤᠶᠤ ᠠᠵᠢᠯᠯᠠᠭᠠᠨ ᠨᠢ ᠦᠷ᠎ᠡ ᠪᠦᠲᠦᠮᠵᠢ ᠪᠠᠷ ᠳᠤᠤᠷ᠎ᠠ ᠪᠠᠶᠢᠭ᠎ᠠ ᠣᠷᠣᠨ ᠨᠤᠲᠤᠭ ᠤᠨ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠡᠮᠬᠢᠯᠡᠨ ᠨᠡᠶᠢᠳᠬᠡᠵᠥ᠂ ᠵᠠᠷᠴᠢᠮ ᠳᠡᠭᠡᠷ᠎ᠡ ᠪᠠᠨ ᠨᠢᠭᠡ ᠮᠤᠵᠢ ᠣᠷᠣᠨ ᠨᠢ ᠵᠥᠪᠬᠡᠨ ᠨᠢᠭᠡ ᠮᠤᠵᠢ ᠶᠢᠨ ᠱᠠᠲᠤᠨ ᠤ ᠲᠠᠪᠴᠠᠩ ᠢ ᠦᠯᠡᠳᠡᠭᠡᠵᠦ᠂ ᠬᠤᠲᠠ ᠰᠢᠶᠠᠨ ᠤ ᠪᠠᠶᠢᠭᠤᠯᠤᠭᠰᠠᠨ ᠲᠠᠪᠴᠠᠩ ᠢ ᠨᠢᠭᠡ ᠠᠴᠠ ᠬᠡᠲᠦᠷᠡᠭᠦᠯᠵᠦ ᠪᠣᠯᠬᠤ ᠥᠬᠡᠶ᠃ ᠭᠤᠷᠪᠠ ᠳᠤ᠂ ᠣᠷᠣᠨ ᠨᠤᠲᠤᠭ ᠤᠨ ᠲᠠᠪᠴᠠᠩ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠲᠠᠪᠴᠠᠩ ᠤᠨ ᠲᠤᠤᠷ ᠰᠦᠯᠵᠢᠶ᠎ᠡ ᠶᠢᠨ ᠪᠠᠷᠢᠮᠵᠢᠶ᠎ᠠ ᠳᠤ ᠵᠠᠯᠭᠠᠨ ᠣᠷᠣᠭᠤᠯᠵᠤ᠂ ᠣᠷᠣᠨ ᠨᠤᠲᠤᠭ ᠤᠨ ᠲᠠᠪᠴᠠᠩ ᠤᠨ ᠵᠢᠷᠦᠮᠵᠢᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠳᠡᠢ ᠬᠡᠵᠥ ᠳᠤᠷᠠᠳᠴᠤ ᠭᠠᠷᠭᠠᠪᠠ᠃     ︽ᠬᠡᠷᠡᠭᠵᠢᠭᠦᠯᠬᠦ ᠲᠥᠰᠦᠯ︾ ᠳᠤ᠂ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠶ᠃ ᠨᠢᠭᠡ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠬᠡᠪᠴᠢᠶ᠎ᠡ ᠶᠢ ᠲᠣᠳᠣᠷᠬᠠᠶᠢᠯᠠᠨ᠎ᠠ᠃ ᠠᠵᠤ ᠠᠬᠤᠶᠢᠯᠠᠯ ᠤᠨ ᠭᠤᠤᠯ ᠠᠵᠢᠯᠲᠠᠨ ᠤ ᠮᠡᠳᠡᠭᠡ ᠵᠠᠩᠭᠢ᠂ ᠡᠯ᠎ᠡ ᠲᠥᠷᠥᠯ ᠤᠨ ᠬᠢᠷᠢ ᠬᠡᠮ ᠤᠨ ᠮᠡᠳᠡᠭᠡ ᠵᠠᠩᠭᠢ᠂ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠮᠡᠳᠡᠭᠡ ᠵᠠᠩᠭᠢ ᠵᠡᠷᠭᠡ ᠶᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠨᠠᠷᠢᠨ ᠳᠠᠩᠰᠠ ᠳᠤ ᠣᠷᠣᠭᠤᠯᠤᠨ᠎ᠠ᠃ ᠣᠷᠣᠨ ᠨᠤᠲᠤᠭ ᠤᠨ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠳᠠᠩᠰᠠ ᠠᠴᠠ ᠭᠠᠳᠠᠨᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠡᠷᠴᠢᠮ ᠢ ᠬᠠᠤᠯᠢ ᠲᠣᠭᠲᠠᠭᠠᠯ ᠶᠣᠰᠣᠭᠠᠷ ᠴᠢᠩᠭᠠᠷᠠᠭᠤᠯᠤᠨ᠎ᠠ᠃ ᠬᠤᠶᠠᠷ ᠲᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠥᠪᠯᠡᠷᠡᠭᠦᠯᠦᠨ ᠬᠠᠮᠢᠶᠠᠷᠬᠤ ᠶᠢ ᠨᠢᠭᠡᠨᠲᠡ ᠪᠡᠶᠡᠯᠡᠭᠦᠯᠦᠭᠰᠡᠨ ᠢᠲᠡᠭᠡᠮᠵᠢ ᠶᠢᠨ ᠮᠡᠳᠡᠭᠡ ᠵᠠᠩᠭᠢ ᠳᠤ ︽ᠠᠷᠠᠳ ᠤᠨ ᠳᠡᠬᠡᠳᠤ ᠰᠢᠬᠦᠬᠦ ᠬᠤᠷᠢᠶ᠎ᠠ ᠪᠠ ᠶᠡᠷᠦᠩᠬᠡᠢ ᠪᠠᠩᠬᠢ ᠶᠢᠨ ᠪᠠᠶᠢᠴᠠᠭᠠᠬᠤ ᠰᠢᠰᠲ᠋ᠤᠮ︾ ᠤᠨ ᠬᠠᠮᠲᠤ ᠪᠠᠷ ᠡᠳ᠋ᠯᠡᠬᠦ ᠡᠷᠴᠢᠮ ᠢ ᠨᠡᠮᠡᠭᠳᠡᠭᠦᠯᠤᠨ᠎ᠡ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠳᠡᠢ ᠬᠡᠵᠥ ᠳᠤᠳᠤᠷᠬᠠᠶᠢᠯᠠᠪᠠ᠃     ︽ᠬᠡᠷᠡᠭᠵᠢᠭᠦᠯᠬᠦ ᠲᠥᠰᠦᠯ︾ ᠳᠤ᠂ ᠢᠲᠡᠭᠡᠮᠵᠢ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠬᠦ ᠬᠡᠷᠡᠭᠲᠡᠶ᠃ ᠨᠢᠭᠡ ᠳᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠠᠯᠠ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠷᠴᠢᠮ ᠶᠣᠰᠣᠭᠠᠷ ᠬᠠᠤᠯᠢ ᠲᠣᠭᠲᠠᠭᠠᠯ ᠶᠣᠰᠣᠭᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠮᠡᠳᠡᠭᠡ ᠵᠠᠩᠭᠢ ᠬᠦᠷᠭᠡᠬᠦ᠂ ᠮᠡᠳᠡᠭᠡ ᠵᠠᠩᠭᠢ ᠪᠠᠶᠢᠴᠠᠭᠠᠨ ᠯᠠᠪᠯᠠᠬᠤ᠂ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠬᠤᠶᠠᠷ ᠲᠤ᠂ ᠬᠠᠮᠲᠤᠷᠠᠨ ᠵᠠᠭᠪᠤᠷ ᠪᠠᠶᠢᠭᠤᠯᠤᠨ ᠬᠡᠷᠡᠭᠯᠡᠬᠦ ᠶᠢ ᠥᠷᠨᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠪᠣᠯᠪᠠᠰᠤᠷᠠᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠨ᠎ᠡ᠃ ᠭᠤᠷᠪᠠ ᠳᠤ᠂ ᠢᠲᠡᠭᠡᠮᠵᠢᠲᠦ ᠪᠠᠯᠠ ᠬᠤᠷᠠᠮᠳᠤᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠢᠲᠡᠭᠡᠮᠵᠢᠲᠦ ᠲᠥᠬᠦᠮ ᠵᠢᠭᠡᠯᠡᠯᠭᠡ︾ ᠶᠢᠨ ᠲᠤᠰᠬᠠᠶ ᠦᠢᠯᠡᠳᠭᠦᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠠᠷᠢᠯᠢᠭ ᠬᠦᠷᠢᠶ᠎ᠡ ᠴᠠᠷᠠᠭ᠎ᠠ ᠬᠤᠪᠢᠶᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ ᠳᠥᠷᠪᠡ ᠳᠤ᠂ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠭᠡᠨ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠪᠴᠠᠩ ᠢᠶᠠᠷ ᠳᠡᠮᠵᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠰᠢᠭᠤᠳ ᠬᠥᠷᠬᠦ ᠶᠢ ᠠᠬᠢᠭᠤᠯᠤᠨ᠎ᠠ᠃ ᠲᠠᠪᠤ ᠳᠤ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠥᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠡᠷᠬᠡ ᠣᠯᠭᠤᠵᠤ ᠠᠵᠢᠯᠯᠠᠭᠤᠯᠬᠤ ᠨᠥᠬᠦᠴᠡᠯ ᠪᠣᠯᠤᠨ ᠪᠠᠷᠢᠮᠵᠢᠶ᠎ᠠ ᠶᠢ ᠲᠣᠭᠲᠠᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃     ︽ᠬᠡᠷᠡᠭᠵᠢᠭᠦᠯᠬᠦ ᠲᠥᠰᠦᠯ︾ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠭᠤᠤᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠲᠥᠬᠦᠮ ᠦᠵᠡᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号