ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠄ ᠰᠣᠶᠣᠯ ᠵᠢᠭᠤᠯᠴᠢᠯᠠᠯ ᠬᠠᠩᠭᠠᠨ ᠪᠣᠷᠣᠯᠠᠭᠤᠯᠬᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠨᠡᠭᠡᠭᠡᠪᠡ
ᠨᠡᠶᠢᠲᠡᠯᠡᠭᠰᠡᠨ ᠴᠠᠭ᠄
2024/4/8
    ᠡᠨᠡ ᠵᠢᠯ᠂ ᠮᠠᠨ ᠤ ᠠᠶᠢᠮᠠᠭ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠰᠢᠨ᠎ᠡ ᠠᠷᠭ᠎ᠠ ᠵᠠᠮ ᠢ ᠥᠷᠭᠡᠳᠬᠡᠵᠦ᠂ ︽ᠰᠣᠶᠣᠯ ᠵᠢᠭᠤᠯᠴᠢᠯᠠᠯ ᠬᠠᠩᠭᠠᠨ ᠪᠣᠷᠣᠯᠠᠭᠤᠯᠭ᠎ᠠ︾᠎ ᠶᠢᠨ ᠪᠦᠲᠦᠭᠡᠨ ᠪᠠᠶᠢᠭᠤᠯᠤᠯᠲᠠ ᠪᠠᠷ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠵᠤ᠂ ᠪᠦᠲᠦᠮᠵᠢᠲᠡᠢ ᠪᠠᠷ ᠠᠷᠠᠯᠵᠢᠶᠠᠴᠢᠨ ᠤᠷᠢᠬᠤ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ  ᠭᠦᠢᠯᠭᠡᠭᠡ ᠶᠢ ᠠᠬᠢᠭᠤᠯᠬᠤ ᠲᠠᠯ᠎ᠠ ᠪᠠᠷ᠂ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠠᠮᠠᠷ ᠶᠠᠮᠠᠷ ᠠᠵᠢᠯ ᠬᠢᠭᠰᠡᠨ ᠪᠣᠶ︖ ᠬᠡᠷᠬᠢᠨ ᠳᠣᠲᠣᠭᠠᠳᠤ ᠠᠴᠠ ᠤᠷᠤᠭᠤᠯᠵᠤ ᠭᠠᠳᠠᠭᠠᠳᠤ ᠲᠠᠢ ᠬᠤᠯᠪᠣᠭᠠᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ︽ᠠᠯᠠᠱᠠ ᠶᠢᠨ ᠪᠡᠯᠡᠭ︾᠎ ᠢ ᠪᠦᠬᠦ ᠤᠯᠤᠰ ᠲᠤ ᠬᠦᠷᠭᠡᠬᠦ ᠳᠤ ᠭᠦᠴᠦᠨ ᠨᠡᠮᠡᠷᠢᠯᠡᠬᠦ ᠪᠤᠢ︖ ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ ᠬᠤᠷᠢᠶᠠᠨ ᠤ ᠱᠦᠵᠢ ᠵᠠᠩ ᠲᠤᠤ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠶᠠᠷᠢᠯᠴᠠᠪᠠ᠃   ᠬᠥᠲᠥᠯᠥᠭᠴᠢ᠄ ᠮᠠᠯᠵᠢᠬᠤ ᠲᠠᠷᠢᠶᠠᠯᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠠᠬᠢᠭᠤᠯᠬᠤ ᠲᠠᠯ᠎ᠠ ᠪᠠᠷ᠂ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠠᠮᠠᠷ ᠶᠠᠮᠠᠷ ᠠᠵᠢᠯ ᠬᠢᠭᠰᠡᠨ ᠪᠣᠶ︖   ᠵᠠᠩ ᠲᠤᠤ᠄ 2024 ᠣᠨ ᠤ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠯ ᠢ ᠬᠠᠩᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂  ᠦᠢᠯᠡᠴᠢᠯᠡᠭᠡᠨ ᠤ ᠲᠤᠤᠷ ᠴᠡᠭ ᠢ ᠪᠥᠬᠦ ᠠᠶᠢᠮᠠᠭ ᠤᠨ ᠭᠤᠤᠯ ᠪᠣᠯᠬᠤ ᠲᠠᠷᠢᠶᠠᠯᠠᠬᠤ ᠣᠷᠣᠨ ᠳᠤ ᠬᠠᠮᠤᠷᠤᠭᠤᠯᠵᠤ᠂ ᠬᠢᠮᠢ ᠶᠢᠨ ᠪᠣᠷᠲᠣᠭᠤᠷ᠂ ᠦᠷ᠎ᠡ᠂ ᠲᠠᠷᠢᠶᠠᠯᠠᠩ ᠤᠨ ᠪᠦᠷᠬᠦᠪᠴᠢ᠂ ᠲᠠᠷᠢᠶᠠᠨ ᠡᠮ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ 1 ᠲᠦᠮᠡᠨ ᠲᠣᠨ ᠠᠴᠠ ᠳᠡᠭᠡᠭᠰᠢ ᠨᠦᠬᠡᠴᠡᠯᠡᠵᠦ ᠰᠢᠯᠵᠢᠭᠦᠯᠦᠨ ᠲᠡᠭᠡᠭᠡᠪᠦᠷᠢᠯᠡᠪᠡ︔ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠪᠠ︔ ᠠᠶᠢᠮᠠᠭ᠂ ᠬᠤᠰᠢᠭᠤ ᠬᠤᠶᠠᠷ ᠱᠠᠲᠤᠨ ᠤ ᠬᠢᠮᠢ ᠶᠢᠨ ᠪᠣᠷᠳᠣᠭᠤᠷ ᠤᠨ ᠬᠤᠳᠠᠯᠳᠤᠭᠠᠨ ᠤ ᠬᠠᠳᠠᠭᠠᠯᠠᠮᠵᠢ ᠶᠢᠨ ᠲᠣᠭᠲᠠᠴᠠ ᠶᠢ ᠪᠠᠶᠢᠭᠤᠯᠵᠤ᠂ ᠪᠦᠬᠦ ᠠᠶᠢᠮᠠᠭ ᠤᠨ ᠬᠢᠮᠢ ᠶᠢᠨ ᠪᠣᠷᠳᠣᠭᠤᠷ ᠤᠨ ᠨᠥᠭᠡᠴᠡ ᠳᠤ ᠣᠷᠣᠰᠢᠵᠤ ᠪᠠᠶᠢᠭ᠎ᠠ ᠵᠢᠯ ᠲᠤᠷᠰᠢ ᠡᠵᠡᠩᠨᠡᠬᠦ᠂ ᠤᠯᠠᠷᠢᠯ ᠤᠨ ᠴᠢᠨᠠᠷᠲᠠᠶ ᠬᠡᠷᠡᠭᠯᠡᠬᠦ ᠪᠦᠲᠦᠴᠡ ᠶᠢᠨ ᠴᠢᠨᠠᠷᠲᠠᠶ ᠵᠥᠷᠢᠴᠡᠯ ᠢ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠳᠣᠭᠤᠷ ᠤᠨ ᠬᠠᠩᠭᠠᠯᠭ᠎ᠠ ᠪᠣᠯᠤᠨ ᠲᠠᠷᠢᠶᠠᠴᠢᠳ ᠤᠨ ᠠᠰᠢᠭ ᠲᠤᠰᠠ ᠶᠢ ᠪᠠᠲᠤᠯᠠᠪᠠ᠃    ᠬᠤᠰᠢᠭᠤᠨ ᠤ ᠬᠡᠪᠴᠢᠶᠡᠨ ᠤ  ᠭᠦᠢᠯᠭᠡᠭᠡᠨ ᠤ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠬᠤᠲᠠ ᠬᠥᠳᠡᠭᠡ ᠳᠤ ᠬᠤᠤᠰ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠥᠪᠯᠡᠷᠡᠭᠦᠯᠦᠨ ᠴᠤᠭᠯᠠᠭᠤᠯᠵᠤ ᠲᠣᠬᠢᠷᠠᠭᠤᠯᠬᠤ᠂ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠶᠢ ᠠᠬᠢᠭᠤᠯᠪᠠ︔ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾  ᠦᠢᠯᠡᠴᠢᠯᠡᠭᠡᠨ ᠤ ᠲᠤᠤᠷ ᠴᠡᠭ ᠤᠨ ᠪᠠᠶᠢᠭᠤᠯᠤᠯᠲᠠ ᠶᠢ ᠳᠠᠭᠠᠭᠠᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠠᠨᠢᠯᠴᠠᠭᠤᠯᠭ᠎ᠠ ᠶᠢᠨ ᠬᠤᠷᠠᠯ ᠢ ᠰᠠᠶᠢᠲᠤᠷ  ᠡᠷᠬᠢᠯᠡᠪᠡ᠃    ︽ᠢᠳᠡᠰᠢᠨ ᠨᠤᠭᠤᠭᠠᠨ︾᠎ ᠤ ᠬᠠᠩᠭᠠᠯᠭ᠎ᠠ ᠶᠢ ᠪᠠᠲᠤᠯᠠᠬᠤ ᠲᠣᠭᠤᠷᠢᠨ ᠳᠤ᠂ ︽ᠣᠯᠠᠨ ᠡᠰᠢᠵᠢᠭᠰᠡᠨ ᠲᠠᠪᠴᠠᠩ ᠂ ᠣᠯᠠᠨ ᠶᠠᠩᠵᠤ ᠶᠢᠨ ᠠᠷᠭ᠎ᠠ ᠵᠠᠮ ᠲᠠᠢ︾ ᠲᠤᠬᠠᠶ ᠶᠢᠨ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠨ ᠪᠣᠷᠣᠯᠠᠭᠤᠯᠬᠤ ᠰᠦᠯᠵᠢᠶ᠎ᠡ ᠶᠢ ᠠᠬᠢᠭᠤᠯᠪᠠ︔ ︽ᠬᠥᠷᠰᠢ ᠵᠡᠷᠭᠡᠯᠡᠳᠡᠭᠡ ᠶᠢᠨ ᠬᠠᠩᠭᠠᠨ ᠪᠣᠷᠣᠯᠠᠭᠤᠯᠬᠤ︾ ᠪᠠᠶᠢᠭᠤᠯᠤᠯᠲᠠ ᠶᠢ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠣᠨᠴᠠᠯᠢᠭ ᠲᠠᠢ ᠦᠢᠯᠡᠴᠢᠯᠡᠭᠡᠨ ᠤ ᠲᠣᠣᠷ ᠴᠡᠭ ᠢ ᠪᠠᠶᠢᠷᠢᠯᠠᠭᠤᠯᠤᠨ᠂ ᠠᠷᠠᠳ ᠲᠤ ᠳᠥᠭᠦᠮ ᠦᠵᠡᠭᠦᠯᠬᠦ ᠠᠷᠠᠳ ᠲᠤ ᠠᠰᠢᠭ ᠬᠦᠷᠲᠡᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠩᠭᠠᠨ ᠪᠣᠷᠣᠯᠠᠭᠤᠯᠬᠤ ᠵᠠᠭᠪᠤᠷ ᠢ ᠪᠤᠶ ᠪᠣᠯᠭᠠᠪᠠ︔ ︽ᠬᠠᠩᠭᠠᠨ ᠪᠣᠷᠣᠯᠠᠭᠤᠯᠬᠤ ᠲᠠᠷᠢᠶᠠᠯᠠᠩ ᠤᠨ ᠬᠠᠮᠢᠶᠠᠷᠤᠭᠴᠢ ᠠᠮᠠᠷᠬᠠᠨ ᠬᠤᠳᠠᠯᠳᠤᠨ ᠠᠪᠬᠤ ᠲᠠᠪᠴᠠᠩ︾᠎ ᠤᠨ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠬᠥᠷᠰᠢ ᠵᠡᠷᠭᠡᠯᠡᠳᠡᠭᠡ ᠶᠢᠨ ᠬᠠᠩᠭᠠᠨ ᠪᠣᠷᠣᠯᠠᠭᠤᠯᠬᠤ ᠨᠡᠶᠢᠭᠡᠮ ᠲᠣᠭᠤᠷᠢᠭ ᠤᠨ ᠰᠢᠭᠤᠳ ᠬᠠᠩᠭᠠᠬᠤ ᠳᠡᠯᠭᠡᠭᠦᠷ ᠢ 2᠎ ᠠᠴᠠ 3 ᠡᠷᠦᠬᠡ ᠶᠢ ᠬᠦᠭᠵᠢᠭᠦᠯᠪᠡ︔ ᠲᠣᠰ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠲᠣᠰ ᠭᠠᠵᠠᠷ ᠤᠨ ᠢᠳᠡᠰᠢᠨ ᠨᠣᠭᠤᠭ᠎ᠠ ᠪᠠᠨ ᠥᠪᠡᠷ ᠢᠶᠠᠨ ᠬᠠᠩᠭᠠᠬᠤ ᠨᠣᠷᠮ᠎ᠠ ᠶᠢ  ᠳᠡᠭᠡᠭᠰᠢᠯᠡᠭᠦᠯᠪᠡ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠢᠳᠡᠭᠡᠨ ᠤ ᠵᠦᠢᠯ ᠢ ᠲᠤᠬᠢᠷᠠᠭᠤᠯᠤᠨ ᠬᠦᠷᠭᠡᠬᠦ ᠠᠵᠢᠯ ᠢ ᠳᠠᠭᠠᠭᠠᠨ ᠠᠪᠴᠤ᠂ ᠴᠡᠷᠢᠭ ᠠᠩᠭᠢ᠂ ᠠᠵᠤ ᠠᠬᠤᠶᠢᠯᠠᠯ᠂ ᠬᠤᠭᠤᠯᠠᠨ ᠭᠡᠷ ᠲᠠᠢ ᠢᠳᠡᠪᠬᠢᠲᠡᠢ ᠵᠣᠯᠭᠠᠭᠤᠯᠵᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠥᠷᠭᠡᠳᠬᠡᠨ᠂ ᠵᠢᠱᠢᠯᠲᠡ ᠪᠠᠷ 2024 ᠣᠨ ᠳᠤ᠂ ᠲᠤᠬᠢᠷᠠᠭᠤᠯᠤᠨ ᠬᠦᠷᠭᠡᠬᠦ ᠨᠢᠭᠡᠴᠡ ᠶᠢ 50 ᠡᠷᠦᠬᠡ ᠠᠴᠠ ᠳᠡᠭᠡᠭᠰᠢ᠂ ᠲᠤᠬᠢᠷᠠᠭᠤᠯᠤᠨ ᠬᠦᠷᠭᠡᠬᠦ ᠲᠤᠭ᠎ᠠ ᠶᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠶᠢ ᠪᠡᠶᠡᠯᠡᠭᠦᠯᠦᠨ᠎ᠡ᠃    ᠬᠤᠲᠠ ᠬᠥᠳᠡᠭᠡ ᠶᠢᠨ ᠪᠣᠬᠢᠷᠲᠤᠯ ᠦᠭᠡᠢ ᠣᠷᠴᠢᠯ ᠠᠵᠤ ᠠᠬᠤᠢ ᠶᠢ ᠬᠥᠭᠵᠢᠭᠦᠯᠵᠦ᠂ ᠬᠠᠶᠠᠭᠳᠠᠮᠠᠯ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢ ᠵᠠᠳᠠᠯᠵᠤ ᠬᠤᠷᠢᠶᠠᠨ ᠠᠪᠬᠤ ᠠᠵᠢᠯ ᠢ ᠢᠳᠡᠪᠬᠢᠲᠡᠢ ᠪᠠᠶᠢᠷᠢᠯᠠᠭᠤᠯᠵᠤ᠂ ᠠᠰᠢᠭᠯᠠᠯᠲᠠ ᠠᠴᠠ ᠭᠠᠷᠤᠭᠰᠠᠨ ᠬᠥᠳᠡᠯᠭᠡᠬᠦ ᠬᠦᠴᠦᠨ ᠤ ᠴᠠᠬᠢᠯᠭᠠᠨ ᠴᠡᠨᠡᠭ᠂ ᠭᠡᠷᠡᠯ ᠴᠡᠨᠡᠭ ᠤᠨ ᠲᠣᠨᠣᠭᠯᠠᠯ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠠᠪᠲᠠᠰᠤ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠠᠶᠠᠭᠳᠠᠮᠠᠯ ᠪᠣᠳᠠᠰ ᠢ ᠳᠠᠪᠲᠠᠨ ᠠᠰᠢᠭᠯᠠᠬᠤ ᠲᠤᠬᠠᠶᠢᠯᠠᠭᠰᠠᠨ ᠠᠵᠢᠯ ᠢ ᠦᠷᠭᠡᠳᠬᠡᠪᠡ︔ ᠦᠨᠳᠦᠰᠦᠨ ᠱᠠᠲᠤᠨ ᠤ ᠬᠤᠷᠰᠢᠶ᠎ᠠ ᠪᠣᠯᠤᠨ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ  ᠲᠠᠷᠢᠶᠠᠯᠠᠩ ᠤᠨ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ᠂ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ᠂ ᠲᠠᠷᠢᠮᠠᠯ ᠤᠨ ᠡᠰᠢ ᠰᠦᠷᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠳᠤ ᠤᠷᠤᠯᠴᠠᠪᠠ᠃    ᠬᠥᠲᠥᠯᠥᠭᠴᠢ᠄ ᠬᠡᠷᠬᠢᠨ ᠳᠣᠲᠣᠭᠠᠳᠤ ᠎ ᠠᠴᠠ ᠤᠷᠤᠭᠤᠯᠵᠤ ᠭᠠᠳᠠᠭᠠᠳᠤ ᠎ ᠲᠠᠢ ᠬᠤᠯᠪᠣᠭᠠᠯᠠᠬᠤ ᠦᠢᠯᠡᠳᠦᠯ  ᠢ ᠨᠡᠩ ᠰᠠᠶᠢᠨ ᠪᠠᠳᠠᠷᠠᠭᠤᠯᠵᠤ᠂ ︽ᠠᠯᠠᠱᠠ ᠎ ᠶᠢᠨ ᠪᠡᠯᠡᠭ︾᠎ ᠎ ᠢ ᠪᠦᠬᠦ ᠤᠯᠤᠰ  ᠲᠤ ᠬᠦᠷᠭᠡᠬᠦ ᠬᠦᠴᠦᠨ ᠢᠶᠠᠨ ᠨᠡᠮᠡᠷᠢᠯᠡᠬᠦ ᠪᠤᠢ︖    ᠵᠠᠩ ᠲᠤᠤ᠄ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠨᠢᠭᠡᠳᠬᠡᠵᠦ᠂ 40 ᠭᠠᠷᠤᠶ ᠭᠡᠰᠢᠭᠦᠨ ᠠᠵᠤ ᠠᠬᠤᠶᠢᠯᠠᠯ ᠢ ᠡᠯᠰᠡᠨ ᠠᠪᠤᠨ᠎ᠠ᠃ ᠪᠥᠬᠦ ᠤᠯᠤᠰ ᠤᠨ ᠬᠠᠩᠭᠠᠨ ᠪᠣᠷᠣᠯᠠᠭᠤᠯᠬᠤ ᠰᠦᠯᠵᠢᠶ᠎ᠡ ᠶᠢ  ᠭᠦᠢᠴᠡᠳ ᠠᠰᠢᠭᠯᠠᠨ᠂ ᠨᠡᠶᠢᠭᠡᠮᠯᠢᠭ ᠤᠨ ᠠᠵᠤ ᠠᠬᠤᠶᠢᠯᠠᠯ ᠤᠨ ᠠᠷᠭ᠎ᠠ ᠵᠠᠮ᠂ ᠲᠤᠤᠷ ᠰᠦᠯᠵᠢᠶ᠎ᠡ᠂ ᠨᠡᠷᠡᠲᠦ ᠲᠥᠷᠥᠯ ᠲᠡᠮᠳᠡᠭᠲᠦ ᠶᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠠᠯᠠᠱᠠ ᠶᠢᠨ ᠣᠨᠴᠠᠯᠢᠭᠲᠤ ᠴᠢᠨᠠᠷ ᠰᠠᠶᠢᠲᠠᠶ ᠪᠦᠲᠦᠭᠡᠭᠳᠡᠬᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠ ᠲᠠᠨᠢᠯᠴᠠᠭᠤᠯᠵᠤ᠂ ︽ᠠᠯᠠᠱᠠ ᠶᠢᠨ ᠪᠡᠯᠡᠭ︾᠎ ᠤᠨ ᠠᠯᠳᠠᠷᠰᠢᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠬᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢ 4 ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠬᠤ ᠮᠦᠷᠲᠡᠭᠡᠨ ᠢᠳᠡᠪᠬᠢᠲᠡᠢ ᠣᠷᠣᠯᠴᠠᠵᠤ᠂ ︽ᠠᠯᠠᠱᠠ ᠶᠢᠨ ᠪᠡᠯᠡᠭ︾᠎ ᠢ ᠲᠠᠨᠢᠯᠴᠠᠭᠤᠯᠬᠤ ᠪᠠᠷ ᠲᠥᠯᠥᠪᠯᠡᠵᠦ ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠳᠤᠮᠳᠠ ᠲᠥᠪᠯᠡᠷᠡᠨ ᠪᠦᠯᠦᠭᠯᠡᠬᠦ ᠳᠠᠪᠠᠭᠤᠯᠢᠭ ᠢᠶᠠᠨ ᠪᠠᠳᠠᠷᠠᠭᠤᠯᠵᠤ᠂ ᠪᠡᠭᠡᠵᠢᠩ ᠬᠤᠲᠠ ᠶᠢᠨ ᠡᠯ᠎ᠡ ᠠᠷᠭ᠎ᠠ ᠵᠠᠮ ᠯᠤᠭ᠎ᠠ ᠢᠳᠡᠪᠬᠢᠲᠡᠶ ᠪᠠᠷ ᠵᠣᠯᠭᠠᠭᠤᠯᠵᠤ᠂ ᠠᠯᠠᠱᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠦᠨ᠎ᠡ᠃    ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠶᠢᠨ ᠠᠯᠠᠱᠠ ᠶᠢᠨ ᠬᠤᠪᠢᠶᠠᠷᠢ ᠺᠣᠮᠫᠠᠨᠢ ᠲᠠᠢ ᠬᠠᠮᠲᠤᠷᠠᠨ ᠣᠨ ᠤ ᠬᠤᠷᠠᠯ  ᠂ ᠴᠠᠭᠠᠨ ᠰᠠᠷ᠎ᠠ ᠶᠢᠨ ᠪᠠᠷᠠᠭ᠎ᠠ ᠲᠠᠸᠠᠷ ᠤᠨ ᠦᠵᠡᠰᠭᠦᠯᠡᠩ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠶᠢᠨ ᠺᠦᠨᠯᠦ᠋ᠨ ᠵᠣᠴᠢᠨᠰᠠᠭ ᠳᠥᠭᠦᠮ ᠳᠡᠯᠭᠡᠭᠦᠷ︾᠎ ᠲᠤ ︽ᠠᠯᠠᠱᠠ ᠶᠢᠨ ᠪᠡᠯᠡᠭ︾᠎ ᠤᠨ ᠲᠤᠰᠬᠠᠶ ᠲᠣᠭᠤᠷᠢᠭ ᠲᠤᠰᠬᠠᠶ ᠲᠠᠪᠴᠠᠩ ᠭᠠᠷᠭᠠᠨ᠎ᠠ᠃    ᠨᠡᠶᠢᠭᠡᠮᠯᠢᠭ ᠢᠶᠠᠷ ᠳᠠᠮᠵᠢᠭᠤᠯᠤᠨ ᠠᠯᠠᠱᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ 1000 ᠲᠦᠮᠡᠨ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠪᠠᠷ ᠲᠥᠯᠥᠪᠯᠡᠵᠦ ᠪᠠᠶᠢᠨ᠎ᠠ᠃    ᠰᠣᠶᠣᠯ ᠤᠨ ᠲᠠᠯᠠᠪᠤᠷ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠠᠴᠢᠶᠠᠯᠠᠪᠤᠷᠢ ᠳᠤ ᠲᠦᠰᠢᠭᠯᠡᠨ᠂ ᠰᠢᠨ᠎ᠡ ᠬᠡᠯᠪᠡᠷᠢ ᠶᠢᠨ ᠰᠣᠶᠣᠯ ᠵᠢᠭᠤᠯᠴᠢᠯᠠᠯ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ  ᠦᠢᠯᠡᠴᠢᠯᠡᠭᠡᠨ ᠤ ᠲᠤᠤᠷ ᠴᠡᠭ ᠢ ᠪᠠᠶᠢᠷᠢᠯᠠᠭᠤᠯᠵᠤ᠂ ︽ᠠᠯᠠᠱᠠ ᠶᠢᠨ ᠪᠡᠯᠡᠭ︾᠎ ᠢ ᠳᠡᠯᠭᠡᠨ ᠦᠵᠡᠭᠦᠯᠵᠦ ᠪᠣᠷᠣᠯᠠᠭᠤᠯᠤᠨ᠂ ︽ᠬᠠᠩᠭᠠᠨ ᠪᠣᠷᠣᠯᠠᠭᠤᠯᠬᠤ + ᠰᠣᠶᠣᠯ ᠵᠢᠭᠤᠯᠴᠢᠯᠠᠯ︾ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃    ᠲᠩᠷᠢ ᠡᠯᠡᠰᠦᠨ ᠴᠥᠯ ᠤᠨ ᠬᠡᠭᠡᠷᠡᠯᠡᠨ ᠪᠠᠭᠤᠳᠠᠯᠯᠠᠬᠤ  ᠲᠤᠭᠤᠷᠢᠭ᠂ ᠡᠵᠡᠨ᠎ᠡ ᠬᠤᠰᠢᠭᠤᠨ ᠤ ᠲᠤᠤᠷᠠᠶ ᠶᠢᠨ ᠣᠶ ᠵᠡᠷᠭᠡ ᠪᠥᠬᠦ ᠠᠶᠢᠮᠠᠭ ᠤᠨ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠰᠣᠶᠣᠯ ᠤᠨ ᠲᠠᠯᠠᠪᠤᠷ ᠣᠷᠳᠣᠨ ᠳᠤ ᠰᠣᠶᠣᠯ ᠵᠢᠭᠤᠯᠴᠢᠯᠠᠯ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠤᠷ ᠴᠡᠭ ᠢ ᠪᠠᠶᠢᠷᠢᠯᠠᠭᠤᠯᠵᠤ᠂ ᠬᠠᠩᠭᠠᠨ ᠪᠣᠷᠣᠯᠠᠭᠤᠯᠬᠤ ᠣᠨᠴᠠᠯᠢᠭ ᠪᠥᠬᠦᠶ ᠰᠣᠶᠣᠯ ᠵᠢᠭᠤᠯᠴᠢᠯᠠᠯ ᠤᠨ ᠨᠠᠷᠠᠲᠤ ᠦᠢᠯᠡᠳᠬᠦᠨ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠬᠠᠩᠭᠠᠨ ᠪᠣᠷᠣᠯᠠᠭᠤᠯᠬᠤ + ︽ᠠᠯᠠᠱᠠ ᠶᠢᠨ ᠪᠡᠯᠡᠭ︾ ᠣᠨᠴᠠᠯᠢᠭᠲᠤ ᠲᠠᠨᠢᠯᠴᠠᠭᠤᠯᠭ᠎ᠠ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠡᠷᠭᠢᠯᠡᠬᠦ ᠪᠠᠷ ᠲᠥᠯᠥᠪᠯᠡᠵᠦ ᠪᠣᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号