ᠪᠠᠢ ᠬᠠᠢ ᠯᠢᠨ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ ᠬᠠᠢ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/8
   4 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠣᠣ ᠬᠠᠶ ᠵᠢᠶᠦ᠋ᠨ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃
1.jpg
   ᠪᠠᠢ ᠬᠠᠢ ᠯᠢᠨ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠺᠣᠮᠫᠠᠨᠢ ᠶᠢᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠠᠯᠠᠱᠠ ᠶᠠᠭ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠴᠣᠭᠴᠠᠯᠠᠵᠤ ᠪᠤᠢ᠂ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠪᠡᠯᠡᠳᠬᠡᠯ ᠢᠶᠠᠨ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠶᠠᠷ ᠲᠠᠯ᠎ᠠ ᠶᠢᠨ ᠤᠯᠤᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠪᠡ᠃    ᠵᠤᠤ ᠬᠠᠢ ᠵᠢᠶᠦ᠋ᠨ᠂ ᠠᠯᠠᠱᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠳ᠋ᠠ ᠲᠠᠩ ︵ᠥᠪᠥᠷ ᠮᠣᠩᠭᠤᠯ︶ ᠤᠨ ᠡᠨᠧᠷᠭᠢ ᠶᠢᠨ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠬᠠᠮᠲᠤᠷᠠᠯᠴᠠᠭᠠᠨ ᠤ ᠬᠦᠴᠦᠯᠡᠬᠦ ᠴᠡᠭ ᠢᠶᠠᠨ ᠤᠯᠠᠮ ᠨᠢᠭᠡ ᠠᠯᠬᠤᠮ ᠣᠨᠣᠪᠴᠢᠲᠠᠢ ᠡᠷᠢᠨ ᠣᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠪᠡ᠃    ᠪᠦᠦ ᠶᠧ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号