ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠩᠬᠠᠳᠠᠭᠴᠢ ᠰᠠᠯᠠᠭ᠎ᠠ ᠮᠥᠴᠢᠷ ᠤᠨ ᠲᠦᠷᠢᠮ ᠪᠣᠶ ᠪᠣᠯᠪᠠ
ᠨᠡᠶᠢᠲᠡᠯᠡᠭᠰᠡᠨ ᠴᠠᠭ᠄
2024/4/8
   ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ 2 ᠤᠨ ᠡᠳᠦᠷ ᠮᠡᠳᠡᠭᠡ ᠨᠡᠶᠢᠲᠡᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠵᠡᠷᠭᠡ 8 ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠡᠷᠭᠡ ᠲᠡᠭᠰᠢ ᠪᠠᠷ ᠦᠷᠢᠰᠦᠯᠳᠤᠬᠦ ᠶᠢ ᠬᠢᠨᠠᠨ ᠪᠠᠶᠢᠴᠠᠭᠠᠬᠤ ᠲᠦᠷᠢᠮ︾ ᠢ ᠳᠠᠷᠤᠮᠠᠯᠯᠠᠨ ᠲᠠᠷᠬᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠬᠦ ᠳᠤ ᠠᠩᠬ᠎ᠠ ᠤᠳᠠᠭ᠎ᠠ ︽ᠨᠠᠵᠠᠭᠠᠶ ᠲᠠᠯ᠎ᠠ ᠶᠢᠨ ᠨᠠᠷᠢᠨ ᠲᠠᠩᠰᠠ︾ ᠢᠢ ᠲᠣᠳᠣᠷᠬᠠᠶ ᠵᠢᠭᠰᠠᠭᠠᠭᠰᠠᠨ ᠪᠠᠶᠢᠨ᠎ᠠ᠃    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠂ ᠲᠦᠷᠢᠮ ᠪᠣᠯ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠠᠩᠬᠠᠳᠠᠭᠴᠢ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠮᠥᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠬᠤ ᠡᠭᠦᠳᠡᠨ ᠠᠴᠠ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠡᠷᠭᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ︔ ᠡᠷᠭᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠤᠶᠤ ᠬᠢᠨᠠᠨ ᠪᠠᠶᠢᠴᠠᠭᠠᠯᠲᠠ ᠪᠠᠷ ᠲᠠᠮᠵᠢᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠪᠠᠶᠢᠳᠠᠯ ᠣᠷᠣᠰᠢᠵᠤ ᠪᠠᠶᠢᠪᠠᠯ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ ᠪᠣᠯᠬᠤ ᠦᠭᠡᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠡᠷᠭᠡ ᠲᠡᠭᠰᠢ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠲᠣᠭᠲᠠᠭᠠᠯ ᠪᠠ ᠠᠷᠭ᠎ᠠ ᠬᠢᠳᠡᠯ ᠢ ᠡᠬᠢ ᠡᠬᠦᠰᠤᠯ ᠠᠴᠠ ᠨᠢ ᠬᠦᠴᠦᠯᠡᠨ ᠪᠠᠭᠠᠰᠬᠠᠬᠤ ᠭᠡᠷᠡᠭᠳᠠᠢ ᠭᠡᠵᠤ ᠲᠠᠨᠢᠯᠴᠠᠭᠤᠯᠪᠠ᠃    ᠲᠦᠷᠢᠮ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠣᠨᠴᠠᠯᠢᠭ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ  ᠶᠢ ᠰᠤᠳᠤᠯᠤᠨ ᠳᠤᠷᠠᠳᠴᠤ᠂ ᠨᠡᠶᠢᠲᠡ 5 ᠪᠦᠯᠦᠭ 22 ᠵᠦᠢᠯ ᠪᠣᠶ᠂ ᠡᠭᠦᠨ ᠳᠤ ᠭᠤᠤᠯᠳᠠᠭᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ  ᠳᠠᠬᠢ ᠡᠷᠭᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠶ ᠲᠦᠷᠢᠮ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠢᠨᠠᠨ ᠪᠠᠶᠢᠴᠠᠭᠠᠬᠤ ᠲᠣᠭᠲᠠᠴᠠ᠂ ᠬᠢᠨᠠᠯᠲᠠ ᠬᠠᠮᠢᠶᠠᠷᠤᠯᠲᠠ  ᠪᠠ ᠳᠠᠭᠠᠯᠳᠤᠭᠤᠯᠤᠯ ᠲᠦᠷᠢᠮ ᠵᠡᠷᠭᠡ ᠠᠭᠤᠯᠭ᠎ᠠ ᠪᠠᠭᠲᠠᠨ᠎ᠠ᠃    ᠬᠢᠨᠠᠨ ᠪᠠᠶᠢᠴᠠᠭᠠᠬᠤ ᠪᠠᠷᠢᠮᠵᠢᠶ᠎ᠠ ᠶᠢᠨ ᠲᠠᠯ᠎ᠠ ᠪᠠᠷ᠂ ᠲᠦᠷᠢᠮ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡᠳᠦᠯᠭᠡ ᠶᠢᠨ ᠳᠤᠮᠳᠠ ᠪᠠᠶᠢᠩᠭᠤ ᠲᠣᠬᠢᠶᠠᠯᠳᠤᠳᠠᠭ ᠡᠯ᠎ᠡ ᠲᠥᠷᠥᠯ ᠤᠨ ᠵᠦᠶ ᠵᠣᠬᠢᠰ ᠥᠬᠡᠶ ᠬᠢᠵᠠᠭᠠᠷᠯᠠᠯ ᠳᠤ ᠴᠢᠭᠯᠡᠭᠦᠯᠦᠨ᠂ 7 ᠲᠠᠯ᠎ᠠ ᠶᠢᠨ 40 ᠭᠠᠷᠤᠶ ᠵᠦᠢᠯ ᠤᠨ ᠪᠣᠳᠠᠲᠠᠶ ᠬᠢᠨᠠᠨ ᠪᠠᠶᠢᠴᠠᠭᠠᠬᠤ ᠪᠠᠷᠢᠮᠵᠢᠶ᠎ᠠ ᠶᠢ ᠳᠤᠷᠠᠳᠴᠤ᠂ ᠬᠢᠨᠠᠨ ᠪᠠᠶᠢᠴᠠᠭᠠᠬᠤ ᠪᠣᠳᠠᠲᠠᠶ ᠱᠠᠭᠠᠷᠳᠠᠯᠭ᠎ᠠ ᠶᠢ ᠲᠣᠭᠲᠠᠭᠠᠨ᠂ ᠬᠢᠷᠢ ᠬᠡᠮ ᠢ ᠤᠷᠢᠳᠴᠢᠯᠠᠨ ᠬᠢᠨᠠᠬᠤ᠂ ᠳᠠᠭᠠᠭᠠᠴᠢᠯᠠᠯᠲᠠ ᠦᠨᠡᠯᠡᠬᠦ ᠠᠷᠭ᠎ᠠ᠂ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ᠂ ᠳᠠᠭᠠᠭᠠᠴᠢᠯᠠᠯᠲᠠ ᠲᠣᠭᠲᠠᠭᠠᠬᠤ ᠪᠠᠷᠢᠮᠵᠢᠶ᠎ᠠ᠂ ᠢᠲᠡᠭᠡᠮᠵᠢ ᠶᠢᠨ ᠦᠨᠡᠯᠡᠯᠲᠡ᠂ ᠪᠠᠲᠤᠯᠠᠭ᠎ᠠ ᠶᠢᠨ ᠮᠥᠩᠭᠦ ᠬᠤᠷᠢᠶᠠᠬᠤ ᠵᠡᠷᠭᠡ ᠲᠠᠯ᠎ᠠ ᠶᠢᠨ ᠠᠷᠠᠯᠵᠢᠶᠠᠨ ᠤ ᠪᠠᠬᠢᠯᠡᠯᠲᠡ ᠶᠢ ᠭᠤᠤᠯᠳᠠᠯᠭ᠎ᠠ ᠲᠠᠢ ᠰᠢᠢᠳᠪᠦᠷᠢᠯᠡᠪᠠ᠃    ᠬᠢᠨᠠᠨ ᠪᠠᠶᠢᠴᠠᠭᠠᠬᠤ ᠲᠣᠭᠲᠠᠴᠠ ᠶᠢᠨ ᠲᠠᠯ᠎ᠠ ᠪᠠᠷ᠂ ᠲᠦᠷᠢᠮ ᠳᠤ ᠲᠦᠷᠦ ᠶᠢᠨ ᠪᠤᠳᠤᠯᠭ᠎ᠠ ᠲᠣᠭᠲᠠᠭᠠᠬᠤ ᠪᠠᠶᠢᠭᠤᠯᠭ᠎ᠠ ᠶᠢᠨ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠥᠷᠨᠢᠭᠦᠯᠬᠦ ᠠᠵᠢᠯ ᠤᠨ ᠲᠣᠭᠲᠠᠴᠠ᠂ ᠠᠵᠢᠯ ᠤᠨ ᠶᠠᠪᠤᠴᠠ᠂ ᠬᠢᠨᠠᠨ ᠪᠠᠶᠢᠴᠠᠭᠠᠭᠰᠠᠨ ᠳ᠋ᠦᠩᠨᠡᠯᠲᠡ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠢᠨᠠᠨ ᠵᠦᠪᠯᠡᠬᠦᠯᠬᠦ ᠪᠠᠷ ᠳᠡᠪᠰᠢᠭᠦᠯᠬᠦ ᠪᠤᠶᠤ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ ᠪᠥᠭᠡᠳ ᠬᠢᠨᠠᠨ ᠪᠠᠶᠢᠴᠠᠭᠠᠬᠤ ᠶᠠᠪᠤᠴᠠ ᠳᠤ ᠵᠣᠬᠢᠰᠲᠠᠢ ᠠᠷᠭ᠎ᠠ ᠬᠡᠯᠪᠡᠷᠢ ᠪᠠᠷ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠣᠯ ᠴᠣᠭᠴᠠ ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠵᠡᠷᠭᠡ ᠶᠢᠨ ᠰᠠᠨᠠᠯ ᠢ ᠰᠣᠨᠣᠰᠬᠤ ᠬᠡᠷᠡᠭᠲᠡᠢ ᠭᠡᠵᠦ ᠴᠢᠬᠤᠯᠠᠴᠢᠯᠠᠪᠠ᠃    ᠬᠢᠨᠠᠯᠲᠠ ᠬᠠᠮᠢᠶᠠᠷᠤᠯᠲᠠ ᠶᠢ ᠨᠡᠩ ᠰᠠᠶᠢᠨ ᠪᠣᠯᠭᠠᠬᠤ ᠶᠢᠨ ᠲᠥᠯᠥᠭᠡ᠂ ᠲᠦᠷᠢᠮ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠡᠯᠡᠨ ᠢᠯᠭᠠᠷᠠᠭᠤᠯᠬᠤ ᠠᠵᠢᠯ ᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠪᠠᠬᠢᠯᠡᠯᠲᠡ ᠶᠢᠨ ᠰᠦᠪᠡᠭᠴᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠡᠷᠬᠡ ᠲᠡᠭᠰᠢ ᠥᠷᠢᠰᠥᠯᠳᠦᠭᠡᠨ ᠠᠴᠠ ᠵᠥᠷᠢᠴᠡᠭᠰᠡᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠴᠡᠪᠡᠷᠯᠡᠨ ᠬᠦᠴᠦᠨ ᠦᠭᠡᠢ ᠪᠣᠯᠭᠠᠵᠤ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠠᠷᠢᠭᠤᠴᠠᠯᠭ᠎ᠠ ᠶᠢᠨ ᠭᠤᠤᠯ ᠴᠣᠭᠴᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠲᠦᠷᠢᠮ ᠳᠤ ᠲᠦᠷᠦ ᠶᠢᠨ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠥᠯᠳᠦᠬᠦ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠶ ᠪᠠᠶᠢᠭᠤᠯᠤᠮᠵᠢ ᠶᠢ ᠲᠣᠭᠲᠠᠭᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠭᠤᠯᠪᠡᠯ ᠵᠤᠬᠢᠨ᠎ᠠ︔ ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠶᠢᠨ ᠵᠡᠷᠭᠡ ᠪᠠᠷ ᠪᠢᠴᠢᠭ ᠤᠨ ᠬᠡᠯᠪᠡᠷᠢ ᠶᠢᠨ ᠬᠢᠨᠠᠨ ᠪᠠᠶᠢᠴᠠᠭᠠᠭᠰᠠᠨ ᠦᠷ᠎ᠡ ᠳ᠋ᠦᠩ ᠭᠠᠷᠭᠠᠬᠤ ᠬᠡᠷᠡᠭᠲᠡᠶ ᠭᠡᠵᠤ ᠲᠤᠳᠤᠷᠬᠠᠢ ᠲᠤᠬᠳᠠᠭᠠᠪᠠ᠃ᠲᠠᠨᠢᠯᠴᠠᠭᠤᠯᠤᠭᠰᠠᠨ ᠢᠶᠠᠷ᠂ ᠲᠣᠰ ᠲᠦᠷᠢᠮ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号