ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠣᠯᠭ᠎ᠠ | ᠪᠣᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ | ᠣᠷᠣᠨ ᠤ ᠲᠣᠪᠴᠢᠶ᠎ᠠ ᠳᠤ ᠲᠣᠬᠢᠷᠠᠭᠤᠯᠪᠠ᠃ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠨᠢ ︽ᠮᠠᠯ | ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠨᠠᠮ ᠤᠨ | ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ | ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ | ᠰᠤᠳᠤᠯᠬᠤ ᠪᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠪᠦᠷᠢᠨᠰᠢᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ | ᠲᠥᠯᠥᠪᠵᠢᠭᠦᠯᠦᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ | ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ᠂ ᠣᠯᠠᠨ ᠨᠡᠶᠢᠲᠡ ᠶᠢᠨ | ᠦᠢᠯᠡᠴᠢᠯᠡᠭᠡ᠂ ᠰᠠᠭᠤᠷᠢ ᠪᠡᠯᠡᠳᠬᠡᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ | ᠦᠢᠯᠡᠳᠪᠦᠷᠢᠯᠡᠯ ᠤᠨ ᠣᠷᠴᠢᠨ ᠲᠣᠭᠤᠷᠢᠨ ᠢ ᠵᠣᠬᠢᠴᠠᠭᠤᠯᠤᠨ ᠰᠠᠶᠢᠵᠢᠷᠠᠭᠤᠯᠣᠨ᠎ᠠ᠃ ᠮᠠᠯᠵᠢᠬᠤ ᠲᠠᠷᠢᠶᠠᠯᠠᠬᠤ | ᠣᠷᠣᠨ ᠤ ᠣᠶᠤᠨ ᠤ ᠪᠣᠯᠪᠠᠰᠤᠨ ᠪᠣᠯᠤᠨ ᠲᠠᠷᠢᠶᠠᠯᠠᠬᠤ ᠰᠢᠯᠢᠳᠡᠭ ᠰᠣᠶᠣᠯ᠂ ᠨᠤᠲᠤᠭ ᠪᠡᠯᠴᠢᠭᠡᠷ ᠤᠨ ᠰᠣᠶᠣᠯ ᠤᠨ | ᠪᠠᠶᠢᠭᠤᠯᠤᠯᠲᠠ ᠶᠢ ᠵᠢᠯᠣᠭᠤᠳᠣᠨ᠎ᠠ᠃ | ᠬᠤᠶᠠᠷ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠳᠤ ᠳᠤᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠨᠠᠷᠢᠨ ᠪᠢᠴᠢᠭ ᠤᠨ ᠰᠠᠯᠠᠭ᠎ᠠ᠃ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ᠃ | ︵ᠬᠤᠶᠠᠷ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠶᠡᠷᠦᠩᠬᠡᠶᠢᠯᠡᠭᠰᠡᠨ ᠪᠢᠴᠢᠭ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ | ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ | ᠰᠣᠷᠪᠣᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠠᠷᠤ | ᠲᠠᠯ᠎ᠠ ᠶᠢᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠠᠵᠢᠯᠲᠠᠨ ᠤ | ᠶᠠᠪᠤᠳᠠᠯ᠂ ᠣᠷᠣᠨ ᠲᠤᠭ᠎ᠠ᠂ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠲᠤᠰ ᠰᠢᠰᠲ᠋ᠧᠮ | ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ | ᠲᠦᠷᠦᠭᠦᠯᠡᠨ ᠵᠢᠯᠣᠭᠤᠳᠴᠤ ᠵᠣᠬᠢᠴᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠭᠤᠷᠪᠠ︶ ᠡᠳ᠋ ᠤᠨ ᠶᠠᠪᠤᠳᠠᠯ ᠪᠠ ᠬᠢᠨᠠᠨ ᠪᠤᠳᠤᠬᠤ ᠰᠠᠯᠠᠭ᠎ᠠ᠃ ᠰᠠᠯᠠᠭ᠎ᠠ ᠮᠥᠴᠢᠷ ᠤᠨ ᠲᠥᠰᠦᠪ ᠢ | ᠨᠠᠶᠢᠷᠠᠭᠤᠯᠤᠨ ᠮᠡᠳᠡᠭᠦᠯᠬᠦ ᠶᠢᠨ ᠬᠠᠮᠲᠤ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠪᠦᠬᠦᠢ | ᠡᠯ᠎ᠡ ᠨᠢᠭᠡᠴᠡ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠬᠠᠷᠢᠭᠤᠴᠠᠨ᠎ᠠ᠃ | ︵ᠳᠥᠷᠪᠡ︶ ᠮᠠᠯ ᠤᠨ ᠡᠮᠴᠢ ᠬᠢᠭᠡᠳ ᠬᠢᠵᠢᠭ ᠢ ᠰᠡᠷᠭᠡᠶᠢᠯᠡᠬᠦ ᠰᠠᠯᠠᠭ᠎ᠠ᠃ ᠮᠠᠯ ᠡᠮᠨᠡᠯᠭᠡ ᠶᠢᠨ ᠦᠢᠯᠡᠰ ᠤᠨ | ᠬᠥᠭᠵᠢᠯᠲᠡ ᠶᠢᠨ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ | ᠬᠡᠷᠡᠭᠵᠢᠭᠦᠯᠦᠨ᠎ᠡ᠃ ᠮᠠᠯ ᠡᠮᠨᠡᠯᠭᠡ᠂ ᠮᠠᠯ ᠤᠨ ᠡᠮ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠮᠠᠯ ᠤᠨ ᠡᠮ ᠤᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠢ ᠵᠢᠯᠣᠭᠤᠳᠤᠨ᠎ᠠ᠃ | ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ᠂ ᠮᠠᠯ ᠳᠤ ᠬᠡᠷᠡᠭᠯᠡᠬᠦ ᠠᠮᠢᠳᠤ ᠪᠣᠳᠠᠰ ᠤᠨ | ᠪᠦᠲᠦᠭᠡᠭᠳᠡᠬᠦᠨ ᠤ ᠠᠮᠤᠷ ᠲᠦᠪᠰᠢᠨ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ᠂ | ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ | ᠬᠠᠮᠢᠶᠠᠷᠤᠯᠲᠠ ᠶᠢᠨ ᠰᠢᠰᠲ᠋ᠧᠮ ᠪᠠ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ | ᠰᠠᠨᠠᠭᠤᠯᠭ᠎ᠠ ᠶᠢ ᠲᠤᠭᠤᠷᠪᠢᠨ ᠲᠣᠭᠲᠠᠭᠠᠵᠤ᠂ ᠠᠯᠪᠠᠨ ᠤ ᠮᠠᠯ ᠤᠨ ᠡᠮᠴᠢ᠂ ᠠᠵᠢᠯ ᠡᠷᠬᠢᠯᠡᠭᠰᠡᠨ ᠮᠠᠯ ᠤᠨ ᠡᠮᠴᠢ᠂ | ᠬᠥᠳᠡᠭᠡ ᠲᠣᠰᠬᠤᠨ ᠤ ᠮᠠᠯ ᠤᠨ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠬᠢᠨᠠᠠ ᠬᠠᠮᠢᠶᠠᠷᠬᠤ ᠰᠠᠯᠠᠭ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯ ᠦᠭᠡᠶ ᠶᠢ ᠬᠢᠨᠠᠠ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠥᠷᠨᠢᠭᠦᠯᠵᠦ᠂ ᠬᠠᠷᠢᠶ᠎ᠠ | ᠭᠠᠵᠠᠷ ᠲᠤᠨᠢ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢ ᠬᠢᠨᠠᠠ ᠬᠠᠮᠢᠶᠠᠷᠬᠤ ᠰᠢᠰᠲ᠋ᠧᠮᠵᠢ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ᠂ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠶᠢ | ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠪᠠᠷᠢᠮᠵᠢᠶ᠎ᠠ᠂ ᠬᠢᠨᠠᠨ ᠬᠡᠮᠵᠢᠬᠦ᠂ ᠨᠡᠬᠡᠮᠵᠢᠯᠡᠬᠦ᠂ | ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠢ ᠠᠬᠢᠭᠤᠯᠬᠤ ᠰᠠᠯᠠᠭ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ | ᠲᠦᠷᠦᠭᠦᠯᠡᠨ ᠵᠣᠬᠢᠶᠠᠨ ᠪᠠᠶᠢᠭᠤᠯᠵᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ | ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠲᠠᠷᠢᠶᠠᠯᠠᠬᠤ ᠰᠢᠯᠢᠳᠡᠭ ᠰᠣᠶᠣᠯ᠂ ᠨᠤᠲᠤᠭ ᠪᠡᠯᠴᠢᠭᠡᠷ ᠤᠨ | ᠰᠣᠶᠣᠯ ᠤᠨ ᠪᠠᠶᠢᠭᠤᠯᠤᠯᠲᠠ ᠶᠢ ᠵᠢᠯᠣᠭᠤᠳᠣᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ | ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ | ︵ᠳᠣᠯᠤᠭ᠎ᠠ︶ ᠲᠠᠷᠢᠶᠠᠯᠠᠩ ᠤᠨ ᠬᠠᠮᠢᠶᠠᠷᠤᠯᠲᠠ ᠶᠢᠨ ᠰᠠᠯᠠᠭ᠎ᠠ᠃ ᠪᠦᠬᠦ ᠠᠶᠢᠮᠠᠭ ᠤᠨ ᠲᠠᠷᠢᠶᠠᠯᠠᠩ ᠤᠨ | ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠬᠠᠷᠢᠭᠤᠴᠠᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃ | ᠲᠠᠷᠢᠮᠠᠯ ᠤᠨ ᠦᠢᠯᠡᠰ ᠤᠨ ᠪᠦᠲᠦᠴᠡ ᠪᠠ ᠪᠠᠶᠢᠷᠢᠰᠢᠯ ᠤᠨ ᠲᠣᠬᠢᠷᠠᠭᠤᠯᠤᠯᠲᠠ ᠵᠢᠴᠢ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠢ ᠵᠢᠯᠣᠭᠤᠳᠴᠤ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠲᠣᠬᠢᠷᠠᠭᠤᠯᠤᠨ᠎ᠠ᠃ | ᠪᠣᠷᠳᠣᠭᠤᠷ ᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ ᠤᠨ ᠦᠢᠯᠡᠳᠪᠦᠷᠢᠯᠡᠯ᠂ | ᠡᠵᠡᠩᠨᠡᠯᠲᠡ ᠪᠣᠯᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠲᠠᠷᠢᠶᠠᠨ ᠡᠮ ᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠤᠯᠤᠰ ᠤᠨ ᠳᠣᠲᠣᠭᠠᠳᠤ ᠪᠠ ᠬᠢᠯᠢ ᠪᠠᠷ | ᠣᠷᠣᠭᠤᠯᠵᠤ ᠭᠠᠷᠭᠠᠬᠤ ᠤᠷᠭᠤᠮᠠᠯ ᠤᠨ ᠬᠢᠵᠢᠭ ᠢ ᠪᠠᠶᠢᠴᠠᠭᠠᠬᠤ᠂ ᠲᠠᠷᠢᠮᠠᠯ ᠤᠨ ᠵᠦᠢᠯ ᠤᠨ ᠬᠦᠨᠳᠦ ᠶᠡᠭᠡ | ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠲᠣᠭᠲᠠᠭᠠᠭᠰᠠᠨ ᠡᠷᠬᠡ | ᠮᠡᠳᠡᠯ ᠤᠨ ᠶᠣᠰᠣᠭᠠᠷ ᠡᠭᠦᠷᠭᠡᠯᠡᠨ᠎ᠡ᠃ ᠵᠢᠭᠠᠰᠤᠨ ᠤ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ | ᠵᠣᠬᠢᠰᠲᠠᠢ ᠪᠠᠷ ᠨᠡᠭᠡᠭᠡᠨ ᠠᠰᠢᠭᠯᠠᠨ᠎ᠠ᠃ ᠵᠢᠭᠠᠰᠤᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠠᠲᠠᠷ ᠬᠠᠭᠠᠯᠪᠤᠷᠢᠯᠠᠯᠲᠠ ᠶᠢᠨ ᠣᠷᠣᠨ ᠤ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢ ᠵᠢᠯᠣᠭᠤᠳᠴᠤ᠂ | ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯ | ᠥᠭᠡᠢ ᠶᠢ ᠬᠢᠨᠠᠠ ᠬᠠᠮᠢᠶᠠᠷᠤᠨ᠎ᠠ᠃ ᠲᠠᠷᠢᠮᠠᠯ ᠪᠣᠯᠤᠨ ᠲᠡᠵᠢᠭᠡᠯ ᠡᠪᠡᠰᠦᠨ ᠤ ᠦᠷ᠎ᠡ ᠶᠢᠨ ᠦᠢᠯᠡᠰ ᠤᠨ ᠬᠠᠤᠯᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠠᠷᠢᠭᠤᠴᠠᠨ᠎ᠠ᠃ | ︵ᠨᠠᠢᠮᠠ︶ ᠮᠠᠯ ᠠᠵᠤ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ᠃ ᠮᠠᠯ ᠠᠵᠤ ᠠᠬᠤᠶ ᠪᠠ ᠮᠠᠯ ᠵᠢᠭᠦᠷᠲᠡᠨ ᠢ | ᠨᠢᠲᠤᠯᠬᠤ ᠠᠵᠢᠯ ᠲᠥᠷᠥᠯ ᠤᠨ ᠬᠠᠮᠢᠶ᠎ᠠ ᠪᠦᠬᠦᠢ ᠳᠦᠷᠢᠮ ᠤᠨ ᠵᠢᠷᠤᠮᠵᠢᠯ ᠢ ᠳᠣᠭᠤᠷᠪᠢᠨᠠ᠃ ᠮᠠᠯ ᠠᠵᠤ ᠠᠬᠤᠶ᠂ | ᠰᠦ ᠶᠢᠨ ᠦᠢᠯᠡᠰ᠂ ᠮᠠᠯ ᠵᠢᠭᠦᠷᠲᠡᠨ ᠢ ᠨᠢᠲᠤᠯᠬᠤ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃ ᠮᠠᠯ ᠵᠢᠭᠦᠷᠲᠡᠨ ᠤ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠴᠤ᠂ ᠮᠠᠯ ᠠᠵᠤ ᠠᠬᠤᠢ ᠶᠢᠨ ᠴᠡᠪᠡᠷ | ᠦᠢᠯᠡᠳᠪᠦᠷᠢᠯᠡᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠮᠠᠯ ᠵᠢᠭᠦᠷᠲᠡᠨ ᠢ ᠨᠢᠲᠤᠯᠬᠤ᠂ ᠲᠦᠭᠦᠬᠡᠶ ᠰᠦ | ᠦᠢᠯᠡᠳᠪᠦᠷᠢᠯᠡᠵᠦ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠠᠮᠢᠶᠠᠷᠤᠨ᠎ᠠ᠃ | ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠶᠢᠰᠦ︶ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠤ | ᠦᠢᠯᠡᠰ ᠤᠨ ᠬᠥᠭᠵᠢᠯᠲᠡ ᠶᠢ ᠵᠣᠬᠢᠴᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠣᠷᠠᠭᠤᠯᠬᠤ ᠦᠢᠯᠡᠰ ᠪᠣᠯᠤᠨ ᠰᠢᠶᠠᠩ ᠪᠠᠯᠭᠠᠰᠤᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠷᠢᠭᠤᠴᠠᠨ | ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠵᠢᠬᠦᠯᠬᠦ ᠠᠰᠢᠭ ᠲᠤᠰᠠ ᠶᠢ ᠬᠤᠯᠪᠣᠬᠤ | ᠲᠣᠭᠲᠠᠴᠠ ᠶᠢ ᠵᠣᠬᠢᠴᠠᠭᠤᠯᠤᠨ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ | ᠭᠠᠳᠠᠭᠠᠳᠤ ᠲᠠᠢ ᠬᠤᠷᠰᠢᠯᠴᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠡᠭᠦᠷᠭᠡᠯᠡᠨ᠎ᠡ᠃ | ︵ᠠᠷᠪᠠ︶ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠯᠲᠡ ᠬᠢᠬᠦ ᠰᠠᠯᠠᠭ᠎ᠠ᠃ ᠲᠠᠷᠢᠶᠠᠯᠠᠩ | ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠪᠣᠯᠤᠨ ᠲᠥᠷᠥᠯ ᠵᠦᠢᠯ ᠤᠨ ᠰᠠᠨᠠᠭᠤᠯᠭ᠎ᠠ ᠶᠢ ᠳᠤᠷᠠᠳᠴᠤ᠂ ᠣᠨ ᠤ ᠲᠥᠷᠥᠯ ᠵᠦᠢᠯ ᠤᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠡᠷᠡᠭᠵᠢᠭᠦᠯᠦᠨ᠎ᠡ᠃ ᠲᠠᠷᠢᠶᠠᠯᠠᠩ | ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠ ᠬᠢᠨᠠᠯᠲᠠ | ᠲᠠᠯᠪᠢᠵᠤ ᠪᠠᠶᠢᠴᠠᠭᠠᠨ᠎ᠠ᠃ | ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠰᠠᠯᠠᠭ᠎ᠠ ︵ᠲᠠᠷᠢᠶᠠᠯᠠᠩ ᠮᠠᠯ | ᠠᠵᠤ ᠠᠬᠤᠢ ᠶᠢᠨ ᠭᠧᠨ ᠢ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠯᠪᠠᠨ | ᠭᠡᠷ︶᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠬᠤ ᠵᠢᠴᠢ ᠬᠤᠯᠪᠣᠭᠳᠠᠬᠤ ᠰᠢᠰᠲ᠋ᠧᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ | ᠰᠤᠳᠤᠯᠤᠯ᠂ ᠮᠡᠷᠭᠡᠵᠢᠯ ᠢ ᠣᠷᠣᠭᠤᠯᠵᠤ ᠢᠷᠡᠬᠦ᠂ ᠦᠷ᠎ᠡ ᠪᠦᠲᠦᠭᠡᠯ ᠢ ᠣᠯᠠᠷᠢᠭᠤᠯᠬᠤ ᠪᠠ ᠮᠡᠷᠭᠡᠵᠢᠯ ᠢ ᠳᠡᠯᠭᠡᠷᠡᠭᠦᠯᠬᠦ | ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠭᠧᠨ ᠢ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ | ᠦᠭᠡᠶ ᠪᠠ ᠭᠠᠳᠠᠨ᠎ᠠ ᠠᠴᠠ ᠢᠷᠡᠭᠰᠡᠨ ᠳᠦᠷᠰᠦ ᠶᠢ ᠬᠠᠮᠢᠶᠠᠷᠬᠤ ᠠᠵᠢᠯ ᠢ ᠲᠣᠭᠲᠠᠭᠠᠭᠰᠠᠨ ᠡᠷᠬᠡ ᠮᠡᠳᠡᠯ ᠤᠨ | ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ | ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ | ᠴᠡᠪᠡᠷ ᠦᠢᠯᠡᠳᠪᠦᠷᠢᠯᠡᠯ᠂ ᠠᠮᠢ ᠠᠬᠤᠶ ᠶᠢᠨ ᠣᠷᠴᠢᠯ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ | ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ | ᠴᠢᠳᠠᠪᠤᠷᠢᠲᠠᠨ ᠢ ᠪᠣᠯᠪᠠᠰᠣᠷᠠᠭᠤᠯᠬᠤ ᠶᠢ ᠵᠢᠯᠣᠭᠤᠳᠤᠨ᠎ᠠ᠃ | ︵ᠠᠷᠪᠠᠨ ᠬᠤᠶᠠᠷ︶ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠰᠠᠯᠠᠭ᠎ᠠ᠃ ᠲᠠᠷᠢᠶᠠᠯᠠᠩ ᠮᠠᠯ ᠠᠵᠤ | ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢᠨ ᠰᠢᠰᠲ᠋ᠧᠮᠵᠢ᠂ ᠪᠦᠬᠦ | ᠠᠶᠢᠮᠠᠭ ᠤᠨ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ | ᠰᠢᠰᠲ᠋ᠧᠮᠵᠢ ᠶᠢ ᠪᠠᠶᠢᠭᠤᠯᠬᠤ ᠲᠥᠯᠥᠪᠵᠢᠭᠦᠯᠭᠡ ᠶᠢ ᠲᠣᠭᠲᠠᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠪᠣᠢ ᠪᠣᠯᠭᠠᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠠᠵᠢᠯ ᠢ | ᠡᠭᠦᠷᠭᠡᠯᠡᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢ ᠵᠠᠳᠠᠯᠬᠤ ᠪᠠ | ᠬᠡᠮᠵᠢᠵᠦ ᠰᠡᠷᠡᠮᠵᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ | ᠠᠬᠤᠶ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠠᠵᠢᠯ ᠢ | ᠡᠭᠦᠷᠭᠡᠯᠡᠨ᠎ᠡ᠃ | ︵ᠠᠷᠪᠠᠨ ᠭᠤᠷᠪᠠ︶ ᠪᠠᠶᠢᠭᠤᠯᠣᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠪᠠᠶᠢᠭᠤᠯᠣᠯᠭ᠎ᠠ ︵ | ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠶ ᠡᠭᠦᠷ᠂ | ᠨᠠᠮ ᠤᠨ ᠡᠭᠦᠷ︶ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | | | | | ᠪᠠᠶᠢᠭᠤᠯᠭ᠎ᠠ ᠶᠢᠨ ᠰᠦᠯᠵᠢᠶ᠎ᠡ | |