ᠪᠥᠭᠡᠷ᠎ᠡ ᠪᠣᠯ ᠬᠥᠮᠥᠨ ᠤ ᠪᠡᠶ᠎ᠡ ᠶᠢᠨ ᠴᠢᠬᠤᠯᠠ ᠰᠣᠯᠢᠯᠴᠠᠭᠠᠨ ᠤ ᠡᠷᠬᠡᠲᠡᠨ ᠮᠥᠨ᠂ ᠤᠳᠠᠭᠠᠨ ᠴᠢᠨᠠᠷᠲᠠᠢ | ᠪᠥᠭᠡᠷ᠎ᠡ ᠶᠢᠨ ᠡᠪᠡᠳᠴᠢᠨ ᠪᠣᠯ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠥᠭᠡᠷ᠎ᠡ ᠶᠢᠨ ᠪᠦᠲᠦᠴᠡ ᠪᠤᠶᠤ | ᠠᠵᠢᠯᠯᠠᠭ᠎ᠠ ᠬᠡᠪ ᠤᠨ ᠪᠤᠰᠤ ᠪᠠᠷ 3 ᠰᠠᠷ᠎ᠠ ᠠᠴᠠ ᠬᠡᠲᠦᠷᠡᠭᠰᠡᠨ ᠪᠥᠭᠡᠷ᠎ᠡ ᠶᠢᠨ ᠡᠪᠡᠳᠴᠢᠨ ᠢ ᠵᠢᠭᠠᠵᠤ ᠪᠠᠶᠢᠨ᠎ᠠ᠃ | ᠦᠷᠭᠦᠯᠵᠢ ᠲᠣᠬᠢᠶᠠᠯᠳᠤᠳᠠᠭ ᠡᠪᠡᠳᠴᠢᠨ ᠳᠤ ᠤᠳᠠᠭᠠᠨ ᠴᠢᠨᠠᠷᠲᠠᠢ ᠪᠥᠭᠡᠷᠡᠨ ᠤ ᠵᠢᠵᠢᠭ ᠪᠥᠭᠡᠮ ᠤᠨ ᠪᠥᠭᠡᠷᠡᠨ | ᠦᠷᠪᠢᠰᠦᠯ᠂ ᠪᠥᠭᠡᠷᠡᠨ ᠡᠪᠡᠳᠴᠢᠨ ᠤ ᠶᠡᠷᠦᠩᠬᠡᠶᠢᠯᠡᠭᠰᠡᠨ ᠭᠡᠮ᠂ ᠰᠢᠬᠢᠷ ᠰᠢᠵᠢᠩ ᠡᠪᠡᠳᠴᠢᠨ ᠤ ᠴᠢᠨᠠᠷᠲᠠᠢ ᠪᠥᠭᠡᠷᠡᠨ | ᠡᠪᠡᠳᠴᠢᠨ ᠵᠡᠷᠭᠡ ᠪᠠᠭᠲᠠᠨ᠎ᠠ᠃ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠠᠭᠠᠵᠢᠮ ᠢᠶᠠᠷ ᠬᠥᠭᠵᠢᠵᠦ᠂ ᠤᠳᠠᠭᠠᠨ | ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ ᠪᠤᠰᠤ᠂ ᠴᠢᠨᠠᠭᠰᠢᠯᠠᠪᠠᠯ ᠪᠥᠭᠡᠷ᠎ᠡ ᠶᠢᠨ ᠳᠣᠷᠦ᠋ᠢᠲᠠᠯ ᠳᠤ ᠣᠷᠣᠨ᠎ᠠ᠃ | ᠡᠪᠡᠳᠴᠢᠨ ᠤ ᠶᠠᠪᠤᠴᠠ ᠨᠢ ᠤᠷᠲᠤ᠂ ᠳᠠᠪᠬᠤᠴᠠᠭᠰᠠᠨ ᠡᠪᠡᠳᠴᠢᠨ ᠨᠢ ᠠᠷᠪᠢᠨ᠂ ᠡᠷᠡᠭᠦᠯ ᠮᠡᠨᠳᠦ ᠳᠤ ᠬᠦᠨᠳᠦ | ᠨᠣᠴᠢᠲᠠᠢ ᠬᠤᠣᠷ ᠬᠥᠨᠥᠭᠡᠯ ᠤᠴᠠᠷᠠᠭᠤᠯᠳᠠᠭ᠃ ᠢᠳᠡᠭᠡᠨ ᠤᠮᠳᠠᠭᠠᠨ ᠲᠣᠬᠢᠷᠠᠮᠵᠢ ᠦᠭᠡᠢ ᠨᠢ ᠪᠠᠰᠠ ᠤᠳᠠᠭᠠᠨ | ᠴᠢᠨᠠᠷᠲᠠᠢ ᠪᠥᠭᠡᠷᠡᠨ ᠡᠪᠡᠳᠴᠢᠨ ᠢ ᠡᠭᠦᠰᠬᠡᠨ᠎ᠡ᠃ ᠡᠳᠡᠭᠡᠷ ᠢᠳᠡᠭᠡᠨ ᠤᠮᠳᠠᠭᠠᠨ ᠤ ᠵᠢᠯᠤᠭᠤᠳᠤᠮᠵᠢ ᠶᠢ ᠡᠵᠡᠮᠰᠢᠬᠦ ᠨᠢ | ᠪᠥᠭᠡᠷᠡᠨ ᠡᠪᠡᠳᠴᠢᠨ ᠤ ᠬᠥᠭᠵᠢᠯᠲᠡ ᠶᠢ ᠤᠳᠠᠭᠠᠰᠢᠷᠠᠭᠤᠯᠬᠤ ᠳᠤ ᠲᠤᠰᠠᠲᠠᠢ᠄ | ᠨᠢᠭᠡ᠂ ᠳᠠᠪᠤᠰᠤ ᠶᠡᠬᠡᠲᠡᠢ ᠢᠳᠡᠭᠡᠨ ᠠᠴᠠ ᠲᠠᠳᠠᠭᠠᠯᠵᠠᠬᠤ ᠬᠡᠷᠡᠭᠲᠡᠢ | ᠤᠳᠠᠭᠠᠨ ᠴᠢᠨᠠᠷᠲᠠᠢ ᠪᠥᠭᠡᠷᠡᠨ ᠡᠪᠡᠳᠴᠢᠨ ᠲᠠᠢ ᠡᠪᠡᠳᠴᠢᠲᠡᠨ ᠳᠤ ᠦᠷᠭᠦᠯᠵᠢ ᠴᠢᠰᠤᠨ ᠳᠠᠷᠤᠯᠲᠠ ᠥᠨᠳᠥᠷ | ᠪᠠ ᠤᠰᠤᠨ ᠬᠠᠪᠤᠩ ᠳᠠᠪᠬᠤᠴᠠᠳᠠᠭ᠂ ᠳᠠᠪᠤᠰᠤᠨ ᠤ ᠬᠡᠮᠵᠢᠶ᠎ᠡ ᠶᠢ ᠬᠢᠵᠠᠭᠠᠷᠯᠠᠬᠤ ᠨᠢ ᠴᠢᠰᠤᠨ ᠳᠠᠷᠤᠯᠲᠠ ᠶᠢᠨ | ᠪᠠᠷᠢᠮᠵᠢᠶ᠎ᠠ ᠳᠤ ᠬᠦᠷᠬᠦ ᠶᠢ ᠪᠠᠲᠤᠯᠠᠵᠤ᠂ ᠤᠰᠤᠨ ᠬᠠᠪᠤᠩ ᠢ ᠬᠥᠩᠭᠡᠷᠡᠭᠦᠯᠬᠦ ᠳᠤ ᠲᠤᠰᠠᠲᠠᠢ᠃ ᠤᠳᠠᠭᠠᠨ ᠴᠢᠨᠠᠷᠲᠠᠢ | ᠪᠥᠭᠡᠷᠡᠨ ᠡᠪᠡᠳᠴᠢᠨ ᠲᠠᠢ ᠡᠪᠡᠳᠴᠢᠲᠡᠨ ᠤ ᠡᠳᠦᠷ ᠪᠦᠷᠢ ᠶᠢᠨ ᠳᠠᠪᠤᠰᠤᠨ ᠤ ᠬᠡᠮᠵᠢᠶ᠎ᠡ ᠶᠢ 5g ᠠᠴᠠ ᠪᠠᠭ᠎ᠠ | ᠪᠠᠶᠢᠯᠭᠠᠵᠤ᠂ ᠤᠰᠤᠨ ᠬᠠᠪᠤᠩ ᠳᠠᠪᠬᠤᠴᠠᠭᠰᠠᠨ ᠡᠪᠡᠳᠴᠢᠲᠡᠨ ᠳᠤ ᠡᠳᠦᠷ ᠪᠦᠷᠢ 3g ᠠᠴᠠ ᠪᠠᠭ᠎ᠠ ᠪᠠᠶᠢᠯᠭᠠᠬᠤ ᠶᠢ | ᠪᠠᠳᠤᠯᠠᠪᠠᠯ ᠵᠤᠬᠢᠨ᠎ᠠ᠃ ᠳᠠᠪᠤᠰᠤᠨ ᠤ ᠠᠭᠤᠯᠤᠭᠳᠠᠴᠠ ᠪᠠᠷ ᠥᠨᠳᠥᠷ ᠨᠠᠷᠢᠯᠢᠭ ᠪᠣᠯᠪᠠᠰᠤᠷᠠᠭᠤᠯᠤᠭᠰᠠᠨ ᠢᠳᠡᠭᠡᠨ᠂ | ᠵᠢᠱᠢᠶᠡᠯᠡᠪᠡᠯ ᠤᠲᠤᠮᠠᠯ ᠮᠢᠬ᠎ᠠ᠂ ᠰᠢᠷᠠᠭᠰᠠᠨ ᠢᠳᠡᠭᠡᠨ᠂ ᠳᠠᠪᠤᠰᠤᠯᠠᠭᠰᠠᠨ ᠢᠳᠡᠭᠡᠨ ᠵᠡᠷᠭᠡ ᠶᠢ ᠢᠳᠡᠬᠦ ᠦᠭᠡᠢ | ᠪᠠᠶᠢᠬᠤ ᠶᠢ ᠠᠩᠬᠠᠷᠪᠠᠯ ᠵᠤᠬᠢᠨ᠎ᠠ᠃ ᠡᠭᠦᠨ ᠤ ᠬᠠᠮᠲᠤ ᠵᠢᠶᠠᠩᠶ᠋ᠢᠦ᠂ ᠠᠮᠲᠠ ᠶᠢᠨ ᠣᠬᠢ ᠵᠡᠷᠭᠡ ᠡᠯ᠎ᠡ ᠵᠦᠢᠯ ᠤᠨ | ᠠᠮᠲᠠ ᠣᠷᠣᠭᠤᠯᠬᠤ ᠡᠳ᠋ ᠤᠨ ᠳᠣᠲᠣᠷᠠᠬᠢ ᠳᠠᠪᠤᠰᠤᠨ ᠤ ᠠᠭᠤᠯᠤᠭᠳᠠᠴᠠ ᠨᠢ ᠦᠨᠳᠦᠷ ᠪᠠᠶᠢᠳᠠᠬ ᠪᠤᠯᠬᠤᠷ ᠼᠤᠤ᠂ | ᠬᠤᠸᠠᠵᠤᠤ᠂ ᠯᠠᠵᠤᠤ ᠵᠡᠷᠭᠡ ᠪᠠᠷ ᠠᠮᠲᠠ ᠣᠷᠣᠭᠤᠯᠵᠤ ᠪᠣᠯᠣᠨ᠎ᠠ᠃ | ᠬᠤᠶᠠᠷ᠂ ᠥᠭᠡᠬᠦ ᠶᠡᠬᠡᠲᠡᠢ ᠢᠳᠡᠭᠡᠨ ᠠᠴᠠ ᠵᠠᠶᠢᠯᠠᠰᠬᠢᠬᠦ ᠬᠡᠷᠡᠭᠲᠡᠢ | ᠤᠳᠠᠭᠠᠨ ᠴᠢᠨᠠᠷᠲᠠᠢ ᠪᠥᠭᠡᠷᠡᠨ ᠡᠪᠡᠳᠴᠢᠨ ᠲᠠᠢ ᠡᠪᠡᠳᠴᠢᠲᠡᠨ ᠤ ᠣᠯᠠᠩᠬᠢ ᠨᠢ ᠥᠭᠡᠬᠦᠯᠢᠭ ᠪᠣᠳᠠᠰ ᠤᠨ | ᠰᠣᠯᠢᠯᠴᠠᠭ᠎ᠠ ᠰᠠᠮᠠᠭᠤᠷᠠᠵᠤ᠂ ᠠᠮᠠᠷᠬᠠᠨ ᠴᠢᠰᠤᠨ ᠤ ᠥᠭᠡᠬᠦ ᠥᠨᠳᠥᠷᠵᠢᠭᠰᠡᠨ ᠭᠡᠮ ᠡᠭᠦᠰᠦᠨ᠎ᠡ᠂ ᠲᠣᠰᠣᠨ ᠳᠤ | ᠪᠤᠴᠠᠯᠭᠠᠭᠰᠠᠨ ᠢᠳᠡᠭᠡᠨ᠂ ᠲᠠᠷᠭᠤᠨ ᠮᠢᠬ᠎ᠠ᠂ ᠠᠮᠢᠲᠠᠨ ᠤ ᠳᠣᠲᠣᠷ ᠴᠤᠯᠤ ᠵᠡᠷᠭᠡ ᠥᠭᠡᠬᠦ ᠶᠡᠬᠡᠲᠡᠢ ᠢᠳᠡᠭᠡᠨ ᠢ | ᠢᠳᠡᠬᠦ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ ᠢᠳᠡᠭᠡᠨ ᠤ ᠲᠣᠰᠣᠨ ᠤ ᠬᠡᠮᠵᠢᠶ᠎ᠡ ᠶᠢ ᠬᠢᠵᠠᠭᠠᠷᠯᠠᠵᠤ᠂ | ᠵᠢᠩᠨᠡᠬᠦ᠂ ᠴᠢᠨᠠᠬᠤ ᠮᠡᠲᠦ ᠶᠢᠨ ᠡᠷᠡᠭᠦᠯ ᠬᠤᠭᠤᠯᠠ ᠬᠢᠬᠦ ᠠᠷᠭ᠎ᠠ ᠶᠢ ᠰᠣᠩᠭᠤᠪᠠᠯ ᠵᠤᠬᠢᠨ᠎ᠠ᠃ | ᠭᠤᠷᠪᠠ᠂ ᠤᠭᠤᠷᠠᠭ ᠰᠢᠩᠭᠡᠬᠡᠨ ᠠᠪᠬᠤ ᠶᠢ ᠠᠩᠬᠠᠷᠬᠤ ᠬᠡᠷᠡᠭᠲᠡᠢ | ᠤᠭᠤᠷᠠᠭ ᠪᠣᠯ ᠬᠥᠮᠥᠨ ᠤ ᠪᠡᠶ᠎ᠡ ᠶᠢᠨ ᠠᠮᠢ ᠨᠠᠰᠤᠨ ᠤ ᠠᠵᠢᠯᠯᠠᠭ᠎ᠠ ᠶᠢ ᠪᠠᠲᠤᠯᠠᠬᠤ ᠴᠢᠬᠤᠯᠠ ᠪᠣᠳᠠᠰ ᠮᠥᠨ᠂ | ᠭᠡᠪᠡᠴᠦ ᠤᠭᠤᠷᠠᠭ ᠬᠡᠲᠦᠷᠬᠡᠢ ᠠᠷᠪᠢᠨ ᠰᠢᠩᠭᠡᠭᠡᠪᠡᠯ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠲᠠᠢ ᠡᠪᠡᠳᠴᠢᠲᠡᠨ ᠤ | ᠪᠥᠭᠡᠷᠡᠨ ᠤ ᠳᠠᠷᠤᠭᠠᠰᠤ ᠶᠢ ᠬᠦᠨᠳᠦᠷᠡᠭᠦᠯᠵᠦ᠂ ᠡᠪᠡᠳᠴᠢᠨ ᠤ ᠬᠥᠭᠵᠢᠯᠲᠡ ᠶᠢ ᠲᠦᠷᠭᠡᠳᠬᠡᠨ᠎ᠡ᠃ ᠡᠶᠢᠮᠦ ᠠᠴᠠ | ᠤᠳᠠᠭᠠᠨ ᠴᠢᠨᠠᠷᠲᠠᠢ ᠪᠥᠭᠡᠷᠡᠨ ᠡᠪᠡᠳᠴᠢᠨ ᠤ ᠰᠡᠭᠦᠯᠴᠢ ᠶᠢᠨ ᠬᠤᠭᠤᠴᠠᠭ᠎ᠠ᠂ ᠡᠰᠡᠬᠦᠯ᠎ᠡ ᠰᠢᠭᠡᠰᠦᠨ ᠤ ᠤᠭᠤᠷᠠᠭ ᠤᠨ | ᠬᠡᠮᠵᠢᠶ᠎ᠡ ᠶᠡᠭᠡ ᠪᠥᠭᠡᠷᠡᠨ ᠡᠪᠡᠳᠴᠢᠲᠡᠨ ᠤᠭᠤᠷᠠᠭ ᠪᠠᠭ᠎ᠠ ᠢᠳᠡᠭᠡᠨ ᠤᠮᠳᠠᠭᠠᠨ ᠢ ᠰᠤᠩᠭᠤᠬᠤ ᠪᠠᠨ ᠠᠩᠬᠠᠷᠴᠤ᠂ | ᠠᠮᠢᠲᠠᠨ ᠤ ᠴᠢᠨᠠᠷᠲᠠᠢ ᠤᠭᠤᠷᠠᠭ ᠪᠣᠯᠣᠨ ᠰᠢᠷ᠎ᠠ ᠪᠤᠷᠴᠠᠭ᠂ ᠪᠤᠷᠴᠠᠭ ᠤᠨ ᠪᠦᠲᠦᠭᠡᠭᠳᠡᠬᠦᠨ ᠢᠶᠠᠷ ᠭᠤᠣᠯ ᠪᠣᠯᠭᠠᠨ᠎ᠠ᠃ | ᠡᠭᠦᠨ ᠳᠤ ᠠᠮᠢᠲᠠᠨ ᠤ ᠴᠢᠨᠠᠷᠲᠠᠢ ᠤᠭᠤᠷᠠᠭ ᠲᠤ ᠵᠢᠭᠠᠰᠤᠨ ᠮᠢᠬ᠎ᠠ᠂ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ | ᠬᠤᠨᠢᠨ ᠮᠢᠬ᠎ᠠ ᠮᠡᠲᠦ ᠶᠢᠨ ᠴᠠᠭᠠᠨ ᠮᠢᠬᠠᠨ ᠤ ᠵᠦᠢᠯ ᠢ ᠠᠯᠢ ᠴᠢᠳᠠᠬᠤ ᠪᠠᠷ ᠪᠠᠭ᠎ᠠ ᠢᠳᠡᠪᠡᠯ ᠵᠤᠬᠢᠨ᠎ᠠ᠃ ᠡᠳᠦᠷ | ᠪᠦᠷᠢ 1 ᠠᠴᠠ ᠢᠯᠡᠬᠦᠦ ᠳᠠᠬᠢᠶᠠᠨ ᠦᠨᠳᠡᠭᠡ ᠢᠳᠡᠬᠦ ᠦᠭᠡᠢ ᠪᠠᠶᠢᠵᠤ᠂ ᠰᠦᠨ ᠤ ᠲᠥᠷᠥᠯ ᠢ 300ml ᠠᠴᠠ | ᠬᠡᠲᠦᠷᠡᠭᠦᠯᠵᠦ ᠪᠣᠯᠬᠤ ᠦᠭᠡᠢ᠃ | ᠳᠥᠷᠪᠡ᠂ ᠢᠳᠡᠰᠢᠨ ᠨᠣᠭᠤᠭ᠎ᠠ ᠵᠢᠮᠢᠰ ᠢ ᠳᠤᠬᠢᠷᠠᠮᠵᠢᠳᠠᠢ ᠢᠳᠡᠬᠦ ᠬᠡᠷᠡᠭᠳᠡᠢ | ᠢᠳᠡᠰᠢᠨ ᠨᠣᠭᠤᠭ᠎ᠠ ᠪᠠ ᠵᠢᠮᠢᠰ ᠲᠤ ᠸᠢᠲ᠋ᠠᠮᠢᠨ᠂ ᠡᠷᠦᠳᠡᠰᠦ ᠪᠣᠳᠠᠰ ᠪᠠ ᠢᠳᠡᠭᠡᠨ ᠤ ᠰᠢᠷᠬᠡᠭᠯᠢᠭ ᠵᠡᠷᠭᠡ ᠡᠯᠪᠡᠭ | ᠠᠭᠤᠯᠤᠭᠳᠠᠵᠤ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠳᠤ ᠨᠡᠷᠪᠡᠭᠳᠡᠭᠰᠡᠳ ᠲᠤ ᠲᠦᠢᠯ ᠤᠨ ᠴᠢᠬᠤᠯᠠ | ᠪᠠᠶᠢᠳᠠᠭ᠃ ᠭᠡᠪᠡᠴᠦ ᠢᠳᠡᠰᠢᠨ ᠨᠣᠭᠤᠭ᠎ᠠ ᠪᠣᠯᠣᠨ ᠵᠢᠮᠢᠰ ᠤᠨ ᠳᠣᠲᠣᠷᠠᠬᠢ ᠤᠰᠤ ᠪᠣᠯᠣᠨ ᠺᠠᠯᠢ ᠶᠢᠨ | ᠠᠭᠤᠯᠤᠭᠳᠠᠴᠠ ᠨᠢ ᠨᠡᠯᠢᠶᠡᠳ ᠥᠨᠳᠥᠷ᠂ ᠪᠥᠭᠡᠷᠡᠨ ᠡᠪᠡᠳᠴᠢᠨ ᠲᠠᠢ ᠡᠪᠡᠳᠴᠢᠲᠡᠨ ᠤᠰᠤᠨ ᠬᠠᠪᠤᠩ ᠪᠣᠯᠣᠨ | ᠴᠢᠰᠤᠨ ᠤ ᠺᠠᠯᠢᠲᠤ ᠥᠨᠳᠥᠷ ᠭᠡᠮ ᠡᠭᠦᠰᠬᠦ ᠦᠶ᠎ᠡ ᠳᠤ ᠰᠢᠩᠭᠡᠬᠡᠨ ᠠᠪᠬᠤ ᠬᠡᠮᠵᠢᠶ᠎ᠡ ᠪᠠᠨ ᠬᠢᠴᠢᠶᠡᠵᠦ ᠬᠢᠵᠠᠭᠠᠷᠯᠠᠬᠤ | ᠬᠡᠷᠡᠭᠲᠡᠢ᠃ | ᠲᠠᠪᠤ᠂ ᠺᠠᠯᠢ ᠶᠢᠨ ᠣᠷᠣᠭᠤᠯᠤᠯᠲᠠ ᠶᠢ ᠬᠢᠵᠠᠭᠠᠷᠯᠠᠬᠤ | ᠪᠥᠭᠡᠷᠡᠨ ᠤ ᠠᠵᠢᠯᠯᠠᠭ᠎ᠠ ᠳᠣᠷᠦ᠋ᠢᠲᠠᠭᠰᠠᠨ ᠠᠴᠠ ᠺᠠᠯᠢ ᠶᠢᠨ ᠢᠯᠭᠠᠷᠠᠯᠲᠠ ᠪᠠᠭᠠᠰᠴᠤ᠂ ᠤᠳᠠᠭᠠᠨ ᠴᠢᠨᠠᠷᠲᠠᠢ | ᠪᠥᠭᠡᠷᠡᠨ ᠡᠪᠡᠳᠴᠢᠨ ᠲᠠᠢ ᠡᠪᠡᠳᠴᠢᠲᠡᠨ ᠳᠤ ᠴᠢᠰᠤᠨ ᠤ ᠺᠠᠯᠢᠲᠤ ᠥᠨᠳᠥᠷ ᠭᠡᠮ ᠠᠮᠠᠷᠬᠠᠨ ᠡᠭᠦᠰᠦᠨ᠎ᠡ᠃ ᠥᠨᠳᠥᠷ | ᠺᠠᠯᠢᠲᠤ ᠢᠳᠡᠭᠡᠨ ᠳᠤ ᠪᠠᠨᠠᠨᠠ᠂ ᠵᠦᠷᠵᠢ ᠵᠡᠷᠭᠡ ᠵᠢᠮᠢᠰ᠂ ᠭᠦᠨ ᠥᠩᠭᠡ ᠲᠠᠢ ᠨᠣᠭᠤᠭᠠᠨ ᠨᠠᠪᠴᠢᠲᠤ ᠨᠣᠭᠤᠭ᠎ᠠ᠂ | ᠮᠥᠭᠦ ᠪᠠ ᠨᠠᠳ᠋ᠷᠢ ᠪᠠᠭ᠎ᠠ ᠳᠠᠪᠤᠰᠤ ᠵᠡᠷᠭᠡ ᠪᠠᠭᠲᠠᠨ᠎ᠠ᠂ ᠪᠥᠭᠡᠷᠡᠨ ᠡᠪᠡᠳᠴᠢᠲᠡᠨ ᠢᠳᠡᠭᠡᠨ ᠤᠮᠳᠠᠭᠠᠨ ᠤ ᠳᠤᠮᠳᠠ | ᠡᠳᠡᠭᠡᠷ ᠢᠳᠡᠭᠡᠨ ᠢ ᠵᠣᠬᠢᠬᠤ ᠬᠡᠮᠵᠢᠶ᠎ᠡ ᠪᠠᠷ ᠪᠠᠭᠠᠰᠬᠠᠪᠠᠯ ᠵᠣᠬᠢᠨ᠎ᠠ᠃ ᠢᠳᠡᠰᠢᠨ ᠨᠣᠭᠤᠭ᠎ᠠ ᠶᠢ ᠤᠰᠤ ᠪᠠᠷ | ᠪᠤᠴᠠᠯᠭᠠᠵᠤ ᠱᠦᠯᠦ ᠶᠢ ᠨᠢ ᠬᠠᠶᠠᠬᠰᠠᠨ ᠤ ᠳᠠᠷᠠᠭ᠎ᠠ ᠢᠳᠡᠬᠦ ᠶᠢ ᠰᠠᠨᠠᠭᠤᠯᠵᠤ ᠪᠠᠶᠢᠨ᠎ᠠ᠃ | ᠵᠢᠷᠭᠤᠭ᠎ᠠ᠂ ᠹᠣᠰᠹᠣᠷ ᠤᠨ ᠬᠡᠮᠵᠢᠶ᠎ᠡ ᠶᠢ ᠬᠢᠵᠠᠭᠠᠷᠯᠠᠬᠤ | ᠰᠡᠭᠦᠯᠴᠢ ᠶᠢᠨ ᠬᠤᠭᠤᠴᠠᠭᠠᠨ ᠤ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠲᠠᠢ ᠡᠪᠡᠳᠴᠢᠲᠡᠨ ᠳᠤ ᠦᠷᠭᠦᠯᠵᠢ | ᠴᠢᠰᠤᠨ ᠤ ᠹᠣᠰᠹᠣᠷ ᠥᠨᠳᠥᠷᠵᠢᠬᠦ ᠭᠡᠮ ᠳᠠᠪᠬᠤᠴᠠᠬᠤ ᠪᠠᠶᠢᠳᠠᠯ ᠢᠯᠡᠷᠡᠳᠡᠭ᠃ ᠴᠢᠰᠤᠨ ᠤ ᠹᠣᠰᠹᠣᠷ ᠥᠨᠳᠥᠷᠵᠢᠬᠦ | ᠭᠡᠮ ᠨᠢ ᠠᠷᠤᠭ ᠶᠠᠰᠤᠨ ᠤ ᠡᠷᠡᠭᠦᠯ ᠴᠢᠭᠢᠷᠠᠭ ᠢ ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠪᠥᠭᠡᠷᠡᠨ ᠤ ᠭᠡᠮᠲᠦᠯ ᠢ | ᠬᠦᠨᠳᠦᠷᠡᠭᠦᠯᠵᠦ ᠮᠡᠳᠡᠨ᠎ᠡ᠃ ᠴᠢᠰᠤᠨ ᠤ ᠹᠣᠰᠹᠣᠷ ᠥᠨᠳᠥᠷᠵᠢᠬᠦ ᠭᠡᠮ ᠢ ᠵᠠᠰᠠᠬᠤ ᠴᠢᠬᠤᠯᠠ ᠠᠷᠭ᠎ᠠ ᠪᠣᠯ ᠹᠣᠰᠹᠣᠷ | ᠥᠨᠳᠥᠷᠵᠢᠬᠦ ᠢᠳᠡᠭᠡᠨ ᠢ ᠰᠢᠩᠭᠡᠬᠡᠨ ᠠᠪᠬᠤ ᠶᠢ ᠬᠢᠵᠠᠭᠠᠷᠯᠠᠬᠤ ᠶᠠᠪᠤᠳᠠᠯ ᠪᠣᠯᠣᠨ᠎ᠠ᠃ ᠵᠢᠱᠢᠶᠡᠯᠡᠪᠡᠯ ᠡᠯᠢᠭᠡ᠂ | ᠬᠠᠲᠠᠭᠤ ᠵᠢᠮᠢᠰ ᠤᠨ ᠪᠦᠳᠦᠭᠦᠯᠢᠭ ᠠᠮᠤ᠂ ᠮᠠᠭᠠᠵᠢ ᠶᠢᠨ ᠵᠢᠶᠠᠩ᠂ ᠬᠠᠶᠢᠳᠠᠢ ᠨᠣᠭᠤᠭ᠎ᠠ ᠪᠠ ᠤᠯᠠᠭᠠᠨ ᠨᠣᠭᠤᠭ᠎ᠠ | ᠵᠡᠷᠭᠡ᠃ ᠡᠭᠦᠨ ᠤ ᠬᠠᠮᠲᠤ ᠪᠠᠰᠠ ᠹᠣᠰᠹᠣᠷ ᠠᠭᠤᠯᠤᠭᠰᠠᠨ ᠨᠡᠮᠡᠯᠲᠡ ᠡᠳ᠋ ᠪᠠ ᠠᠮᠲᠠ ᠣᠷᠣᠭᠤᠯᠬᠤ ᠡᠳ᠋ ᠢ ᠬᠡᠲᠦᠷᠬᠡᠢ | ᠠᠷᠪᠢᠨ ᠰᠢᠩᠭᠡᠭᠡᠬᠦ ᠠᠴᠠ ᠵᠠᠶᠢᠯᠠᠰᠬᠢᠬᠦ ᠬᠡᠷᠡᠭᠲᠡᠢ᠃ ᠢᠳᠡᠭᠡᠨ ᠤᠮᠳᠠᠭᠠᠨ ᠢ ᠵᠣᠬᠢᠰᠲᠠᠢ ᠲᠣᠬᠢᠷᠠᠭᠤᠯᠬᠤ᠂ ᠢᠳᠡᠬᠦ | ᠬᠡᠮᠵᠢᠶ᠎ᠡ ᠶᠢ ᠬᠢᠵᠠᠭᠠᠷᠯᠠᠬᠤ ᠵᠢᠴᠢ ᠡᠮᠴᠢ ᠶᠢᠨ ᠰᠠᠨᠠᠭᠤᠯᠭ᠎ᠠ ᠶᠢ ᠵᠢᠷᠤᠮᠯᠠᠬᠤ ᠪᠠᠷ ᠳᠠᠮᠵᠢᠨ᠂ ᠤᠳᠠᠭᠠᠨ ᠴᠢᠨᠠᠷᠲᠠᠢ | ᠪᠥᠭᠡᠷᠡᠨ ᠡᠪᠡᠳᠴᠢᠨ ᠲᠠᠢ ᠡᠪᠡᠳᠴᠢᠲᠡᠨ ᠡᠪᠡᠳᠴᠢᠨ ᠤ ᠪᠠᠶᠢᠳᠠᠯ ᠢᠶᠠᠨ ᠪᠦᠲᠦᠮᠵᠢᠲᠡᠶ ᠬᠢᠵᠠᠭᠠᠷᠯᠠᠵᠤ᠂ ᠪᠥᠭᠡᠷᠡᠨ ᠤ | ᠳᠠᠷᠤᠭᠠᠰᠤ ᠶᠢ ᠬᠥᠩᠭᠡᠷᠡᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠪᠤᠯᠤᠨ᠎ᠠ᠃ |