ᠬᠤᠸᠠᠩ ᠶᠠ ᠯᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃
1.jpg
     ᠬᠤᠸᠠᠩ ᠶᠠ ᠯᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠳᠤ ᠬᠦᠷᠴᠦ᠂ ᠪᠦᠬᠦ ᠠᠶᠢᠮᠠᠭ ᠤᠨ ᠡᠳ᠋ ᠤᠨ ᠵᠠᠰᠠᠭ ᠤᠨ ᠠᠵᠢᠯᠯᠠᠭᠠᠨ ᠪᠣᠯᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠴᠢᠬᠤᠯᠠ᠂ ᠬᠠᠷᠢᠭᠤᠴᠠᠯᠭ᠎ᠠ ᠬᠦᠨᠳᠦ ᠪᠣᠯᠬᠤᠷ ᠶᠡᠷᠦᠩᠬᠡᠶ ᠱᠦᠵᠢ ᠰᠢ ᠶᠢᠨ ᠫᠢᠩ ᠤᠨ ᠡᠳ᠋ ᠤᠨ ᠵᠠᠰᠠᠭ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠵᠤ᠂ ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠳᠤᠲᠠᠭᠳᠠᠯ ᠢᠶᠠᠨ ᠨᠥᠬᠦᠪᠥᠷᠢᠯᠡᠵᠦ ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ︽ᠠᠷᠪᠢᠴᠢ ᠭᠠᠮᠲᠠᠢ ᠪᠠᠶᠢᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠳ᠋ ᠤᠨ ᠵᠠᠰᠠᠭ ᠤᠨ ᠢᠷᠡᠯᠳᠡ ᠶᠢ ᠨᠡᠮᠡᠭᠳᠡᠭᠦᠯᠬᠦ᠂ ᠵᠠᠷᠤᠯᠭ᠎ᠠ ᠶᠢ ᠪᠠᠭᠠᠰᠬᠠᠬᠤ᠂ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠬᠢᠵᠠᠭᠠᠷ ᠲᠠᠢ ᠪᠡᠯᠡ ᠮᠥᠩᠭᠦ ᠶᠢ ᠬᠡᠷᠡᠭᠴᠡᠭᠡ ᠲᠠᠢ ᠭᠠᠵᠠᠷ ᠲᠤ ᠬᠡᠷᠡᠭᠯᠡᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠪᠠᠷᠢᠯ ᠢᠶᠠᠷ ᠥᠷᠢ ᠥᠭᠴᠡᠭᠡ ᠶᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠥᠪᠡᠷ ᠢ ᠪᠠᠨ ᠴᠢᠩᠭ᠎ᠠ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠳᠦᠷᠢ ᠲᠥᠷᠬᠦ ᠪᠠᠨ ᠰᠠᠶᠢᠲᠤᠷ ᠱᠤᠭᠤᠵᠤ᠂ ᠦᠨᠳᠦᠰᠦᠨ ᠱᠠᠲᠤ ᠂ ᠠᠵᠤ ᠠᠬᠤᠶᠢᠯᠠᠯ ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃
2.jpg
     ᠠᠶᠢᠮᠠᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ᠂ ᠬᠤᠸᠠᠩ ᠶᠠ ᠯᠢ ᠪᠥᠬᠦ ᠠᠶᠢᠮᠠᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢ ᠰᠢᠯᠤᠭᠤᠳᠬᠠᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ᠂ ᠴᠡᠪᠡᠷ ᠠᠰᠢᠭ᠂ ᠦᠷ᠎ᠡ ᠪᠦᠲᠦᠮᠵᠢ ᠶᠢ ᠣᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠲᠦᠷᠭᠡᠨ ︽ᠪᠡᠯᠡᠨ ᠵᠣᠭᠤᠰ ᠪᠣᠯᠭᠠᠵᠤ︾᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠠᠬᠢᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠭᠡᠮ ᠰᠣᠭᠤᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠡᠳ᠋ ᠬᠦᠷᠦᠩᠭᠡ ᠶᠢ ᠬᠦᠷᠦᠩᠭᠡ ᠪᠣᠯᠭᠠᠨ ᠬᠤᠪᠢᠷᠠᠭᠤᠯᠵᠤ᠂ ᠨᠡᠩ ᠶᠡᠭᠡ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠣᠯᠵᠤ ᠠᠯᠳᠠᠬᠤ ᠶᠢ ᠠᠳᠠᠯᠢ ᠪᠠᠷ ᠦᠵᠡᠵᠦ ᠪᠣᠯᠬᠤ ᠦᠭᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠥᠬᠦ ᠠᠶᠢᠮᠠᠭ ᠤᠨ ᠰᠢᠨ᠎ᠡ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠬᠤᠳᠠᠯᠳᠤᠭᠠᠨ ᠤ ᠵᠤᠷᠢᠭᠤᠯᠤᠯᠲᠠ ᠪᠦᠬᠦᠢ ᠰᠠᠨᠰᠠᠷ ᠤᠨ ᠠᠶᠠᠯᠠᠯ ᠵᠡᠷᠭᠡ ᠠᠵᠤ ᠦᠢᠯᠡᠰ ᠤᠨ ᠬᠥᠭᠵᠢᠯᠲᠡ ᠳᠤ ᠭᠦᠨᠵᠡᠭᠡᠶ ᠣᠷᠣᠯᠴᠠᠵᠤ᠂ ᠬᠥᠭᠵᠢᠯᠲᠡ ᠶᠢᠨ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠵᠦ᠂ ᠬᠥᠭᠵᠢᠯᠲᠡ ᠶᠢᠨ ᠤᠶᠠᠨ ᠬᠠᠲᠠᠨ ᠴᠢᠨᠠᠷ ᠢ ᠴᠢᠩᠭᠠᠳᠬᠠᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号