ᠠᠯᠠᠱᠠ ᠠᠶᠢᠮᠠᠭ᠄ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠭᠠᠷᠭᠠᠵᠦ ᠢᠲᠡᠭᠡᠮᠵᠢ ᠠᠯᠳᠠᠬᠰᠠᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2024/4/9
    ︽ᠪᠢᠳᠡ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠭᠠᠷᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶ᠎ᠠ ᠴᠠᠷᠠᠭᠠᠨ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠶᠢᠳᠪᠦᠷᠢᠯᠡᠬᠦ ᠪᠤᠯᠤᠨ᠎ᠠ᠂ ᠲᠠ ᠬᠡᠷᠡᠭᠴᠡᠭᠡ ᠲᠠᠢ ᠪᠣᠯ ᠵᠠᠭᠠᠯᠳᠤᠯᠭ᠎ᠠ ᠶᠢᠨ ᠤᠲᠠᠰᠤ ᠶᠢ ᠤᠲᠠᠰᠤᠳᠠᠵᠤ ᠪᠣᠯᠣᠨ᠎ᠠ᠂ ᠪᠠᠰᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠭᠰᠠᠨ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠳᠤ ᠬᠦᠷᠴᠦ ᠠᠰᠠᠭᠤᠳᠠᠯ ᠢ ᠲᠤᠰᠬᠠᠵᠤ ᠪᠣᠯᠣᠨ᠎ᠠ︾᠃ ᠡᠮᠦᠨᠡᠬᠡᠨ ᠰᠤᠷᠪᠤᠯᠵᠢᠯᠠᠭᠴᠢ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠬᠦᠢᠴᠡᠳᠭᠡᠬᠦ ᠲᠢᠩᠬᠢᠮ ᠳᠤ ᠬᠦᠷᠬᠦ ᠳᠤ ᠂ ᠠᠵᠢᠯᠲᠠᠳ ᠠᠴᠠ ᠤᠯᠠᠨ ᠲᠦᠮᠡᠨ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠶᠢ ᠳᠠᠨᠢᠯᠴᠠᠭᠤᠯᠵᠦ ᠪᠠᠶᠢᠯ᠎ᠠ᠃     ᠣᠶᠢᠯᠠᠭᠠᠭᠰᠠᠨ ᠢᠶᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠠᠶᠢᠮᠠᠭ ᠤᠨ ᠲᠣᠰ ᠱᠠᠲᠤ᠂ ᠡᠯ᠎ᠡ ᠬᠤᠰᠢᠭᠤ ᠲᠤᠭᠤᠷᠢᠭ ᠲᠤ ᠪᠦᠬᠦᠨ ᠢ ᠬᠠᠮᠤᠷᠤᠬᠰᠠᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠭᠠᠷᠭᠠᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠵᠠᠢ᠃     ᠣᠶᠢᠷ᠎ᠠ ᠶᠢᠨ ᠡᠳᠦᠷ ᠤᠳ ᠲᠤ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ᠵᠢᠷᠬᠢᠶ᠎ᠡ ᠶᠢᠨ ᠣᠯᠠᠨ ᠨᠡᠶᠢᠲᠡ ᠶᠢᠨ ᠲᠡᠪᠴᠡᠩ ᠢᠶᠠᠷ ᠮᠡᠳᠡᠭᠳᠡᠯ ᠨᠡᠶᠢᠲᠡᠯᠡᠬᠦ᠂ ᠤᠲᠠᠰᠤ ᠪᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠶᠢᠨ ᠭᠥᠯᠢᠶᠡᠨ ᠠᠪᠴᠤ ᠰᠶᠢᠳᠪᠦᠷᠢᠯᠡᠬᠦ ᠲᠤᠬᠠᠶᠢᠯᠠᠭᠰᠠᠨ ᠠᠵᠢᠯ ᠤᠨ ᠬᠡᠪᠴᠢᠶ᠎ᠡ᠂ ᠵᠠᠭᠠᠯᠳᠤᠯᠭ᠎ᠠ ᠶᠢᠨ ᠠᠷᠭ᠎ᠠ ᠵᠠᠮ ᠵᠢᠴᠢ ᠪᠥᠬᠦ ᠠᠶᠢᠮᠠᠭ ᠤᠨ ᠡᠯ᠎ᠡ ᠴᠣᠩᠬᠤᠪᠴᠢ ᠶᠢᠨ ᠵᠠᠭᠠᠯᠳᠤᠯᠭ᠎ᠠ ᠶᠢᠨ ᠤᠲᠠᠰᠤ ᠶᠢ ᠨᠡᠶᠢᠲᠡᠯᠡᠪᠡ᠃ ︽ᠪᠢᠳᠡ ᠠᠯᠠᠱᠠ ᠠᠶᠢᠮᠠᠭ ᠲᠤ ᠢᠷᠡᠭᠡᠳ 15 ᠵᠢᠯ ᠪᠣᠯᠵᠤ ᠪᠠᠶᠢᠨ᠎ᠠ᠂ ᠤᠳᠠᠭ᠎ᠠ ᠪᠤᠯᠭᠠᠨ ᠴᠣᠩᠬᠤᠪᠴᠢ ᠳᠤ ᠬᠦᠷᠴᠦ ᠠᠵᠢᠯ ᠶᠠᠪᠤᠳᠠᠯ ᠬᠦᠢᠴᠡᠳᠭᠡᠬᠦ ᠳᠤ ᠠᠵᠢᠯ ᠤᠨ ᠦᠷ᠎ᠡ ᠪᠦᠲᠦᠮᠵᠢ ᠪᠠ ᠠᠵᠢᠯᠲᠠᠨ ᠤ ᠦᠢᠯᠡᠴᠢᠯᠡᠬᠦ ᠣᠪᠣᠷ ᠨᠢ ᠴᠥᠮ ᠮᠠᠰᠢ ᠰᠠᠶᠢᠨ ᠪᠠᠶᠢᠳᠠᠭ᠂ ᠡᠨᠡ ᠬᠦ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠢ ᠪᠢᠳᠡᠨ ᠤ ᠠᠵᠢᠯ ᠶᠠᠪᠤᠳᠠᠯ ᠬᠢᠵᠦ ᠦᠢᠯᠡᠰ ᠴᠤᠬᠴᠠᠯᠠᠬᠤ ᠳᠤ ᠲᠦᠬᠦᠮ ᠨᠦᠬᠦᠴᠡᠯ ᠬᠠᠩᠭᠠᠵᠠᠢ᠂ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠶᠢ ᠪᠠᠶᠢᠭᠤᠯᠤᠭᠰᠠᠨ ᠨᠢ ᠨᠠᠩ ᠴᠤ ᠠᠵᠤ ᠠᠬᠤᠶᠢᠯᠠᠯ ᠤᠨ ᠬᠥᠭᠵᠢᠯᠲᠡ ᠳᠤ ᠨᠠᠩ ᠣᠯᠠᠨ ᠢᠲᠡᠭᠡᠯ ᠬᠦᠨᠳᠦ ᠶᠢᠨ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠪᠣᠶ ᠪᠣᠯᠭᠠᠵᠠᠢ︾ ᠭᠡᠵᠦ ᠠᠯᠠᠱᠠ ᠵᠡᠭᠦᠨ ᠬᠤᠰᠢᠭᠤᠨ  ᠤ ᠢ ᠵᠢᠦᠢ ᠵᠢᠥᠢ ᠱᠠᠩ ᠵᠠᠰᠠᠯ ᠴᠢᠮᠡᠭᠯᠡᠯ  ᠤᠨ ᠺᠣᠮᠫᠠᠨᠢ  ᠶᠢᠨ ᠬᠠᠷᠢᠭᠤᠴᠠᠯᠭᠠᠲᠠᠨ ᠯᠢ ᠭᠤᠸᠠᠩ ᠮᠢᠩ ᠮᠠᠭᠲᠠᠨ ᠰᠠᠶᠢᠰᠢᠶᠠᠪᠠ᠃    ᠴᠣᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠴᠢᠩᠭᠠᠳᠬᠠᠵᠦ᠂ ︽ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠰᠠᠬᠢᠬᠤ᠂ ᠢᠲᠡᠭᠡᠮᠵᠢ ᠶᠢ ᠬᠡᠷᠡᠭᠯᠡᠬᠦ︾ ᠪᠠᠶᠢᠩᠭᠤ ᠶᠢᠨ ᠦᠢᠯᠡᠴᠢᠯᠡᠭᠡᠨ ᠤ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠶ ᠪᠣᠯᠭᠠᠬᠤ ᠶᠢᠨ ᠲᠦᠯᠦᠭᠡ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ︽ᠵᠠᠭᠠᠯᠳᠤᠯᠭ᠎ᠠ ᠶᠢ ᠬᠦᠯᠢᠶᠡᠨ ᠠᠪᠴᠤ ᠰᠶᠢᠳᠪᠦᠷᠢᠯᠡᠬᠦ ᠪᠠ ᠬᠠᠷᠢᠭᠤ ᠲᠤᠰᠬᠠᠬᠤ ᠠᠵᠢᠯ ᠤᠨ ᠳᠦᠷᠢᠮ︾ ᠢ ᠴᠠᠭ ᠲᠤᠬᠠᠢ ᠳᠤᠨᠢ ᠵᠠᠰᠠᠨ ᠲᠡᠭᠦᠯᠳᠡᠷᠵᠢᠭᠦᠯᠵᠦ᠂ ︽︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠶᠢᠨ ᠠᠵᠢᠯ ᠤᠨ ᠲᠤᠬᠲᠠᠴᠠ︾ ᠶᠢ ᠪᠠᠶᠢᠭᠤᠯᠵᠦ᠂ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ AB ᠠᠵᠢᠯ ᠤᠨ ᠪᠠᠶᠢᠷᠢ ᠶᠢᠨ ᠳᠦᠷᠢᠮ ᠢᠶᠠᠷ ᠠᠵᠢᠯᠲᠠᠨ ᠲᠣᠬᠢᠷᠠᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠦᠷᠭᠡᠳᠭᠡᠨ ᠨᠠᠶᠢᠳᠠᠪᠤᠷᠢᠵᠢᠭᠤᠯᠵᠦ᠂ ᠠᠵᠤ ᠠᠬᠤᠶᠢᠯᠠᠯ ᠳᠤ ᠨᠠᠩ ᠣᠯᠠᠨ ᠪᠣᠳᠠᠲᠤ ᠠᠰᠢᠭ ᠬᠦᠷᠲᠡᠭᠡᠪᠡ᠃    ᠠᠯᠠᠱᠠ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠦᠨᠡᠯᠡᠯᠲᠡ︾ ᠶᠢᠨ ᠳᠦᠷᠢᠮ ᠢ ᠢᠳᠡᠪᠬᠢᠲᠡᠢ ᠰᠠᠶᠢᠲᠤᠷ ᠬᠡᠷᠡᠭᠯᠡᠵᠦ᠂ ᠰᠠᠨᠠᠯ ᠬᠤᠷᠢᠶᠠᠬᠤ ᠬᠠᠶᠢᠷᠴᠠᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠯ᠎ᠡ ᠵᠠᠭᠠᠯᠳᠤᠯᠭ᠎ᠠ ᠶᠢ ᠭᠥᠯᠢᠶᠡᠨ ᠠᠪᠴᠤ ᠰᠶᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠪᠠ᠃ ︽ᠨᠢᠭᠡᠳᠦᠭᠡᠷ ᠹᠷᠣᠨᠲ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ‍ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠬᠥᠳᠡᠯᠭᠡᠭᠴᠢ ᠬᠦᠴᠦᠨ ᠪᠤᠯᠭᠠᠵᠦ᠂ ᠠᠵᠤ ᠠᠬᠤᠶᠢᠯᠠᠯ ‍ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠩᠭᠠᠮᠵᠢᠲᠠᠢ ᠬᠠᠷᠢᠭᠤᠯᠲᠠ ᠦᠭᠬᠦᠨ᠎ᠡ︾ ᠭᠡᠵᠦ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤᠪᠴᠢ ᠶᠢᠨ ᠡᠵᠢᠯᠲᠠᠨ ᠵᠢᠶᠠᠩ ᠯᠧ ᠯᠧ ᠬᠡᠯᠡᠪᠠ᠃    ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠭᠤᠳ ᠬᠠᠩᠭᠠᠬᠤ ᠶᠢ ᠭᠤᠣᠯᠳᠠᠯᠭ᠎ᠠ ᠪᠣᠯᠭᠠᠬᠤ ᠠᠴᠠ ᠭᠠᠷᠳᠠᠵᠦ᠂ ᠠᠯᠠᠱᠠ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠶᠢ ᠪᠠᠰᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠴᠤ ᠰᠶᠢᠳᠪᠦᠷᠢᠯᠡᠬᠦ ᠠᠷᠭ᠎ᠠ ᠵᠠᠮ ᠲᠠᠢ ᠰᠢᠭᠤᠳ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠵᠤ ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠰᠤᠷᠪᠤᠯᠵᠢᠯᠠᠭᠴᠢ ᠠᠯᠠᠱᠠ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︽ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠢ ᠢᠯᠡᠴᠢᠯᠡᠨ ᠮᠡᠳᠡᠭᠦᠯᠬᠦ ᠲᠤᠰᠬᠠᠢ ᠰᠠᠭᠤᠳᠠᠯ︾ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ ᠬᠠᠯᠠᠮᠰᠢᠯ ᠤᠲᠠᠰᠤ ᠨᠢ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠭᠤᠶᠤᠴᠢᠯᠠᠯ ᠢ ᠨᠡᠶᠢᠲᠡ 16 ᠬᠤᠪᠢ ᠭᠥᠯᠢᠶᠡᠨ ᠠᠪᠴᠤ ᠰᠶᠢᠳᠪᠦᠷᠢᠯᠡᠵᠦ᠂ 11 ᠬᠤᠪᠢ ᠶᠢ ᠨᠢ ᠰᠶᠢᠳᠪᠦᠷᠢᠯᠡᠵᠦ ᠳᠠᠭᠤᠰᠬᠠᠨ᠂ ᠣᠲᠣ ᠶᠠᠭ 5 ᠵᠦᠢᠯ ᠢ ᠨᠢ ᠰᠶᠢᠳᠪᠦᠷᠢᠯᠡᠵᠦ ᠪᠤᠢ᠃    ︽︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠨᠢ ᠮᠠᠨ ᠤ ᠠᠶᠢᠮᠠᠭ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠤᠶ ᠪᠣᠯᠭᠠᠬᠤ ᠪᠠᠰᠠ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠢᠳᠡ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯᠣᠨ ᠡᠯ᠎ᠡ ᠣᠷᠣᠵᠤ ᠰᠠᠭᠤᠬᠤ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠷᠢᠯᠴᠠᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠴᠣᠩᠬᠤᠪᠴᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ ᠦᠨᠡᠨᠴᠢ ᠢᠲᠡᠭᠡᠮᠵᠢ ᠶᠢ ᠡᠷᠬᠢᠮᠯᠡᠨ᠂ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠪᠴᠢ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠂ ᠠᠵᠤ ᠠᠬᠤᠶᠢᠯᠠᠯ ‍ᠣᠯᠠᠨ ᠲᠦᠮᠡᠨ ᠢ ᠬᠦᠨᠳᠦᠳᠬᠡᠨ ᠬᠠᠶᠢᠷᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ︾ ᠭᠡᠵᠦ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠨ ᠹᠤᠩ ᠬᠡᠯᠡᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号