︽ᠠᠯᠠᠱᠠ ᠠᠶᠢᠮᠠᠭ ᠤᠨ ᠲᠣᠰ ᠱᠠᠲᠤᠨ ᠤ ᠭᠡᠷᠡᠴᠢᠯᠡᠬᠦ ᠵᠦᠢᠯᠡᠰ ᠪᠠ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/9
    ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠥᠯᠥᠭᠡ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ︽ᠠᠯᠠᠱᠠ ᠠᠶᠢᠮᠠᠭ ᠤᠨ ᠲᠣᠰ ᠱᠠᠲᠤᠨ ᠤ ᠭᠡᠷᠡᠴᠢᠯᠡᠬᠦ ᠵᠦᠢᠯᠡᠰ ᠢ ᠦᠯᠡᠳᠡᠭᠡᠬᠦ ᠨᠠᠷᠢᠨ ᠬᠠᠭᠤᠳᠠᠰᠤ ᠪᠠ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ︾ ᠶᠢᠨ ᠬᠤᠯᠪᠣᠭᠳᠠᠯ ᠪᠥᠬᠦᠶ ᠠᠭᠤᠯᠭ᠎ᠠ ᠶᠢ ᠳᠤᠤᠷᠠᠬᠢ ᠮᠡᠲᠦ ᠲᠣᠳᠣᠷᠬᠠᠶᠢᠯᠠᠪᠠ᠄     ᠨᠢᠭᠡ᠂ ᠶᠠᠭᠤ ᠶᠢ ᠭᠡᠷᠡᠴᠢ ᠭᠡᠬᠦ ᠪᠣᠶ︖     ᠬᠠᠷᠢᠭᠤᠯᠲᠠ᠄ ᠭᠡᠷᠡᠴᠢ ᠭᠡᠳᠡᠭ ᠨᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠬᠦ ᠵᠦᠢᠯᠡᠰ ᠢ ᠬᠠᠤᠯᠢ ᠶᠣᠰᠣᠭᠠᠷ ᠭᠤᠶᠤᠴᠢᠯᠠᠨ ᠬᠢᠯᠭᠡᠬᠦ ᠦᠶ᠎ᠡ ᠳᠤ᠂ ᠬᠠᠩᠭᠠᠬᠤ ᠬᠡᠷᠡᠭᠴᠡᠭᠡ ᠶᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ᠂ ᠪᠤᠰᠤᠳᠴᠢ ᠪᠣᠳᠠᠲᠤ ᠬᠡᠷᠡᠭ ᠢ ᠳᠦᠷᠰᠦᠯᠡᠬᠦ ᠪᠤᠶᠤ ᠣᠨᠴᠠᠭᠠᠢ ᠨᠥᠬᠦᠴᠡᠯ ᠳᠤ ᠨᠡᠶᠢᠴᠡᠬᠦ ᠶᠢ ᠲᠣᠳᠣᠷᠬᠠᠶᠢᠯᠠᠬᠤ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠂ ᠵᠢᠱᠢᠶᠡᠯᠡᠪᠡᠯ ᠭᠡᠷ ᠪᠠᠶᠢᠰᠢᠩ ᠤᠨ ᠭᠡᠷᠡᠴᠢ᠂ ᠲᠦᠷᠦᠯ ᠰᠠᠳᠤᠨ ᠤ ᠬᠠᠷᠢᠴᠠᠭ᠎ᠠ ᠶᠢᠨ ᠭᠡᠷᠡᠴᠢ ᠵᠡᠷᠭᠡ ᠪᠣᠯᠤᠨ᠎ᠠ᠃    ᠬᠤᠶᠠᠷ᠂ ᠶᠠᠭᠤ ᠶᠢ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠭᠡᠬᠦ ᠪᠤᠢ︖    ᠬᠠᠷᠢᠭᠤᠯᠲᠠ᠄ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠬᠡᠳᠡᠭ ᠨᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠵᠠᠰᠠᠭ ᠵᠠᠬᠢᠷᠭᠠᠨ ᠤ ᠤᠴᠢᠷ ᠶᠠᠪᠤᠳᠠᠯ ᠢ ᠰᠢᠢᠳᠪᠦᠷᠢᠯᠡᠬᠦᠯᠬᠦ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠳᠤ ᠭᠠᠷᠭᠠᠵᠤ ᠥᠭᠬᠦ ᠴᠢᠬᠤᠯᠠᠲᠠᠢ᠂ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ ᠣᠨᠴᠠ ᠲᠣᠭᠲᠠᠭᠰᠠᠨ ᠨᠥᠬᠦᠴᠡᠯ ᠳᠤ ᠨᠡᠶᠢᠴᠡᠬᠦ ᠶᠢ ᠭᠡᠷᠡᠴᠢᠯᠡᠬᠦ ᠮᠠᠲ᠋ᠧᠷᠢᠶᠠᠯ ᠢ ᠢᠯᠡᠳᠬᠡᠬᠦ ᠦᠶᠡᠰ᠂ ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠡᠯᠧᠺᠲᠷᠣᠨ  ᠬᠡᠪᠯᠡᠯ ᠪᠠᠭᠲᠠᠨ᠎ᠠ︶ ᠪᠠᠷ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠬᠤᠳᠠᠯ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠨ᠎ᠡ ᠂ ᠭᠤᠶᠤᠴᠢᠯᠠᠭᠴᠢ ᠶᠢᠨ ᠪᠢᠴᠢᠭᠯᠡᠭᠰᠡᠨ ᠠᠮᠠᠯᠠᠯᠲᠠ ᠨᠢ ᠮᠡᠳᠡᠭᠳᠡᠬᠦ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠤᠳᠠᠯ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠬᠡᠷᠡᠭᠲᠡᠶ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠳᠠᠭᠢᠵᠤ ᠠᠪᠬᠤ ᠦᠭᠡᠶ ᠪᠥᠭᠡᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠢᠯᠡᠰ ᠢ ᠭᠦᠢᠴᠡᠳᠬᠡᠬᠦ ᠪᠠᠷ ᠪᠢᠴᠢᠭ ᠢᠶᠠᠷ ᠠᠮᠠᠯᠠᠭᠰᠠᠨ ᠠᠵᠢᠯ ᠤᠨ ᠲᠣᠭᠲᠠᠴᠠ ᠶᠢ ᠳᠠᠭᠢᠵᠤ ᠠᠪᠬᠤ ᠦᠭᠡᠶ ᠪᠠᠶᠢᠬᠤ ᠶᠢ ᠵᠢᠭᠠᠵᠤ ᠪᠠᠶᠢᠨ᠎ᠠ᠃    ᠭᠤᠷᠪᠠ᠂ ᠨᠠᠷᠢᠨ ᠬᠠᠭᠤᠳᠠᠰᠤ ᠶᠢ ᠡᠮᠬᠢᠯᠡᠨ ᠪᠣᠶ ᠪᠣᠯᠭᠠᠭᠰᠠᠨ ᠶᠠᠪᠤᠴᠠ︖    ᠬᠠᠷᠢᠭᠤᠯᠲᠠ᠄ ᠲᠣᠰ ᠤᠳᠠᠭᠠᠨ ᠤ ︽ᠠᠯᠠᠱᠠ ᠠᠶᠢᠮᠠᠭ ᠤᠨ ᠲᠣᠰ ᠱᠠᠲᠤᠨ ᠤ ᠭᠡᠷᠡᠴᠢᠯᠡᠬᠦ ᠵᠦᠢᠯᠡᠰ ᠪᠠ ᠬᠡᠷᠡᠭᠵᠢᠬᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠣ︾ ᠪᠣᠯ ᠠᠯᠠᠱᠠ ᠠᠶᠢᠮᠠᠭ ᠤᠨ ᠲᠣᠰ ᠱᠠᠲᠤᠨ ᠤ ᠤᠤᠯ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠣ ᠪᠠ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠣ ᠶᠢᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠢ ᠦᠯᠡᠳᠡᠭᠡᠬᠦ ᠨᠠᠷᠢᠨ ᠬᠠᠭᠤᠳᠠᠰᠣ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠡᠶᠢᠳᠡᠮ ᠬᠡᠷᠡᠭᠯᠡᠬᠦ ᠨᠠᠷᠢᠨ ᠬᠠᠭᠤᠳᠠᠰᠣ︾ ᠲᠠᠢ ᠤᠶᠠᠯᠳᠤᠭᠤᠯᠤᠨ ᠡᠯ᠎ᠡ ᠨᠢᠬᠡᠴᠡ ᠶᠢᠨ ᠬᠢᠨ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠡᠮᠬᠢᠯᠡᠨ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠵᠦᠢᠯᠡᠰ ᠢ ᠪᠠᠶᠢᠷᠢᠯᠠᠭᠤᠯᠬᠤ ᠵᠢᠴᠢ ᠦᠯᠡᠳᠡᠭᠡᠬᠦ ᠦᠨᠳᠦᠰᠦᠯᠡᠯ ᠢ ᠬᠢᠨᠠᠨ ᠬᠠᠷᠭᠤᠭᠤᠯᠪᠠ᠃ ︽ᠠᠯᠠᠱᠠ ᠠᠶᠢᠮᠠᠭ ᠤᠨ ᠲᠣᠰ ᠱᠠᠲᠤᠨ ᠤ ᠭᠡᠷᠡᠴᠢᠯᠡᠬᠦ ᠵᠦᠢᠯᠡᠰ ᠪᠠ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠣ︾ ᠳᠤ ᠣᠲᠣ ᠨᠡᠶᠢᠲᠡ 151 ᠵᠦᠢᠯ ᠪᠣᠶ᠂ ᠡᠭᠦᠨ ᠳᠤ ᠭᠡᠷᠡᠴᠢᠯᠡᠬᠦ ᠵᠦᠢᠯᠡᠰ 25᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ 120᠂ ᠭᠡᠷᠡᠭᠵᠢᠬᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ 6 ᠪᠣᠶ᠃    ᠳᠥᠷᠪᠡ᠂ ᠲᠣᠰ ᠤᠳᠠᠭᠠᠨ ᠤ ᠡᠮᠬᠢᠯᠡᠯᠲᠡ ᠳᠤ ᠶᠠᠭᠤᠨ ᠳᠤ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠪᠠ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠨᠢᠭᠡᠳᠬᠡᠭᠰᠡᠨ ᠪᠣᠶ︖    ᠬᠠᠷᠢᠭᠤᠯᠲᠠ᠄ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠨᠢ ᠡᠩ ᠲᠡᠷᠢᠬᠦᠨ ᠳᠤ ᠡᠷᠬᠡᠪᠰᠢ ᠭᠡᠷᠡᠴᠢᠯᠡᠬᠦ ᠵᠦᠢᠯᠡᠰ ᠪᠠᠶᠢᠬᠤ ᠬᠡᠷᠡᠭᠲᠡᠶ᠂ ᠬᠦᠢᠴᠡᠳᠭᠡᠬᠦ ᠠᠷᠭ᠎ᠠ ᠮᠠᠶ᠋ᠢᠭ ᠢ ᠭᠤᠶᠤᠴᠢᠯᠠᠭᠴᠢ ᠰᠣᠩᠭᠤᠵᠤ᠂ ᠠᠮᠠᠯᠠᠯᠲᠠ ᠶᠢ ᠰᠠᠶᠢᠨ ᠳᠤᠷ᠎ᠠ ᠠᠴᠠ ᠪᠠᠨ ᠰᠣᠩᠭᠤᠬᠤ ᠪᠤᠶᠤ ᠬᠤᠯᠪᠣᠭᠳᠠᠯ ᠪᠥᠬᠦᠶ ᠭᠡᠷᠡᠴᠢ ᠶᠢ ᠬᠠᠩᠭᠠᠬᠤ ᠬᠡᠷᠡᠭᠲᠡᠶ᠃ ᠬᠡᠷᠪᠡ ᠲᠤᠬᠠᠢ ᠶᠢᠨ ᠬᠥᠮᠦᠨ ᠬᠤᠯᠪᠣᠭᠳᠠᠯ ᠪᠦᠬᠦᠢ ᠭᠡᠷᠡᠴᠢ ᠬᠠᠩᠭᠠᠬᠤ ᠪᠠᠷ ᠰᠣᠩᠭᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠡᠭᠦᠨ ᠳᠤ ᠰᠢᠢᠳᠪᠦᠷᠢᠯᠡᠵᠦ ᠥᠭᠬᠦ ᠶᠢ ᠲᠡᠪᠴᠢᠵᠦ ᠪᠣᠯᠬᠤ ᠦᠭᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号