ᠸᠠᠩ ᠯᠢ ᠰᠢᠶᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠯᠢ ᠶᠦᠨ ᠽᠤ᠋ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/4/9
    4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠶᠦᠨ ᠽᠤ᠋ ᠲᠠᠢ ᠠᠭᠤᠯᠵᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠯᠢ ᠶᠦᠨ ᠽᠤ᠋ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠴᠢᠩᠭ᠎ᠠ ᠡᠵᠡᠮᠳᠡᠵᠦ᠂ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠵᠤ ᠪᠤᠢ᠃ ᠡᠨᠡ ᠵᠢᠯ ᠪᠢᠳᠡ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠰᠢᠭ ᠦᠬᠡᠢ ᠪᠠᠶᠢᠳᠠᠯ ᠢᠶᠠᠨ ᠬᠤᠪᠢᠷᠠᠭᠤᠯᠬᠤ ᠳᠡᠮᠡᠴᠡᠯ ᠢ ᠰᠠᠶᠢᠲᠤᠷ ᠬᠢᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠤᠰᠠᠳᠬᠠᠬᠤ ᠳᠠᠶᠢᠯᠠᠯᠳᠤᠭᠠᠨ᠂ ᠵᠠᠬ᠎ᠠ ᠬᠦᠪᠡᠭᠡᠳᠡᠭᠰᠡᠨ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠶ ᠥᠷᠨᠢᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠢ ᠬᠠᠯᠠᠮᠵᠢᠯᠠᠨ ᠳᠡᠮᠵᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃    ᠯᠢ ᠶᠦᠨ ᠽᠤ᠋ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠮᠲᠤ ᠪᠠᠷ ᠰᠡᠳᠦᠪ ᠬᠠᠷᠢᠭᠤᠯᠵᠤ᠂ ᠬᠠᠮᠲᠤ ᠪᠠᠷ ᠬᠦᠴᠦᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ ᠭᠡᠵᠦ ᠢᠯᠡᠳᠭᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号