ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠭᠦᠷᠭᠡ ᠴᠢᠳᠠᠮᠵᠢ᠂ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2024/5/10
     ᠨᠢᠬᠡ᠂ ᠡᠭᠦᠷᠭᠡ ᠴᠢᠳᠠᠮᠵᠢ     ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠤᠨ ᠲᠥᠰᠦᠯ ᠢ ᠳᠣᠣᠱᠯᠠᠭᠤᠯᠣᠨ ᠬᠡᠷᠡᠭᠵᠢᠭᠦᠯᠵᠦ᠂ ᠪᠥᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃     ︵ᠬᠤᠶᠠᠷ︶ ᠪᠦᠬᠦ ᠠᠶᠢᠮᠠᠭ ᠤᠨ ᠬᠠᠤᠯᠢ ᠳᠦᠷᠢᠮ ᠢ ᠤᠬᠠᠭᠤᠯᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃     ︵ᠭᠤᠷᠪᠠ︶ ᠪᠥᠬᠦ ᠠᠶᠢᠮᠠᠭ ᠤᠨ ᠬᠠᠤᠯᠢᠴᠢ ᠶᠢᠨ ᠠᠵᠢᠯ᠂ ᠠᠯᠪᠠᠨ ᠭᠡᠷᠡᠴᠢᠯᠡᠭᠡ ᠶᠢᠨ ᠠᠵᠢᠯ ᠢ ᠵᠢᠯᠣᠭᠤᠳᠴᠤ ᠂ ᠬᠢᠨᠠᠯᠲᠠ ᠲᠠᠯᠪᠢᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃     ︵ᠲᠦᠷᠪᠡ︶ ᠪᠥᠬᠦ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ᠂ ᠬᠠᠮᠢᠶᠠᠷᠤᠨ᠎ᠠ᠃     ︵ᠲᠠᠪᠤ︶ ᠪᠦᠬᠦ ᠠᠶᠢᠮᠠᠭ ᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ᠂ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠪᠣᠯᠤᠨ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠠᠷᠠᠳ ᠤᠨ ᠬᠠᠪᠰᠤᠷᠤᠨ ᠰᠢᠭᠦᠭᠴᠢ ᠶᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠪᠣᠯᠪᠠᠰᠤᠷᠠᠭᠤᠯᠬᠤ ᠪᠠ ᠬᠢᠨᠠᠨ ᠰᠢᠯᠭᠠᠬᠤ ᠠᠵᠢᠯ ᠳᠤ ᠣᠷᠣᠯᠴᠠᠭᠤᠯᠤᠨ᠎ᠠ᠃     ︵ᠵᠢᠷᠭᠤᠭ᠎ᠠ︶ ᠪᠥᠬᠦ ᠠᠶᠢᠮᠠᠭ ᠤᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠳᠤᠯᠤᠭ᠎ᠠ︶ ᠪᠦᠬᠦ ᠠᠶᠢᠮᠠᠭ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠭᠴᠢ ᠪᠣᠯᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠶᠢ ᠳᠠᠩᠰᠠᠯᠠᠬᠤ ᠬᠠᠮᠢᠶᠠᠷᠬᠤ ᠠᠵᠢᠯ ᠢ ᠬᠠᠷᠢᠭᠤᠴᠠᠨ᠎ᠠ᠃     ︵ᠨᠠᠢᠮᠠ︶ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠡᠷᠭᠡ ᠶᠢ ᠬᠠᠮᠢᠶᠠᠷᠬᠤ ᠠᠵᠢᠯ ᠢ ᠬᠠᠷᠢᠭᠤᠴᠠᠨ᠎ᠠ︔ ᠪᠦᠬᠦ ᠠᠶᠢᠮᠠᠭ ᠤᠨ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠦᠯᠦᠪᠯᠡᠭᠡᠳᠦ ᠡᠳ᠋ ᠤᠨ ᠶᠠᠪᠣᠳᠠᠯ ᠤᠨ ᠠᠵᠢᠯ ᠢ ᠵᠢᠯᠣᠭᠤᠳᠣᠨ᠎ᠠ᠃     ︵ᠶᠢᠰᠦ︶ ᠪᠥᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠪᠠ ᠦᠵᠡᠯ ᠰᠠᠨᠠᠭ᠎ᠠ ᠰᠤᠷᠲᠠᠯ᠂ ᠠᠵᠢᠯ ᠤᠨ ᠭᠡᠪ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ︔ ᠪᠦᠬᠦ ᠠᠶᠢᠮᠠᠭ ᠤᠨ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ  ᠤ ᠶᠠᠪᠣᠳᠠᠯ ᠢ ᠬᠠᠮᠢᠶᠠᠷᠬᠤ ᠪᠠ ᠴᠠᠭᠳᠠᠭᠠᠨ ᠤ ᠶᠠᠪᠣᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃    ︵ᠠᠷᠪᠠ︶ ᠠᠶᠢᠮᠠᠭ ᠤᠨ ᠵᠠᠬᠢᠷᠭ᠎ᠠ ᠪᠠ ᠳᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃    ︵ᠠᠷᠪᠠᠨ ᠨᠢᠭᠡ︶ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠤᠨ ᠲᠥᠷᠥ ᠶᠢᠨ ᠪᠣᠳᠣᠯᠭ᠎ᠠ᠂ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠠᠶᠢᠮᠠᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠳᠤ ᠬᠢᠨᠠᠯᠲᠠ ᠲᠠᠯᠪᠢᠬᠤ᠂ ᠪᠠᠶᠢᠴᠠᠭᠠᠬᠤ ᠪᠠ ᠵᠢᠯᠣᠭᠤᠳᠬᠤ ᠶᠢ ᠬᠠᠷᠢᠭᠤᠴᠠᠨ᠎ᠠ᠃     ᠬᠤᠶᠠᠷ᠂ ᠳᠤᠳᠤᠭᠠᠳᠤ ᠪᠠᠶᠢᠭᠤᠯᠤᠮᠵᠢ     ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠳᠣᠤᠷᠠᠬᠢ ᠳᠣᠲᠣᠭᠠᠳᠤ ᠪᠠᠶᠢᠭᠤᠯᠤᠮᠵᠢ ᠶᠢ ᠳᠣᠬᠢᠷᠠᠭᠤᠯᠣᠨ᠎ᠠ᠄ ᠠᠯᠪᠠᠨ ᠬᠡᠷ᠂ ᠤᠯᠤᠰ ᠲᠥᠷᠥ ᠴᠠᠭᠳᠠᠭᠠᠨ ᠤ ᠶᠠᠪᠤᠳᠠᠯ ᠤᠨ ᠬᠡᠯᠲᠡᠰ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠤᠯᠢ ᠪᠠᠷ ᠠᠶᠢᠮᠠᠭ ᠢᠶᠠᠨ ᠵᠠᠰᠠᠬᠤ ᠬᠤᠷᠢᠶᠠᠨ ᠤ ᠠᠯᠪᠠᠨ ᠬᠡᠷ ᠤᠨ ᠨᠠᠷᠢᠨ ᠪᠢᠴᠢᠭ ᠤᠨ ᠰᠠᠯᠠᠭ᠎ᠠ᠂ ᠬᠠᠤᠯᠢ ᠪᠠᠷ ᠵᠠᠰᠠᠬᠤ ᠪᠠᠶᠢᠴᠠᠭᠠᠨ ᠰᠤᠳᠤᠯᠤᠯᠲᠠ ᠪᠠ ᠰᠢᠮᠳᠠᠭᠤᠯᠤᠨ ᠪᠠᠶᠢᠴᠠᠭᠠᠬᠤ ᠰᠠᠯᠠᠭ᠎ᠠ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠬᠠᠮᠢᠶᠠᠷᠬᠤ ᠰᠠᠯᠠᠭ᠎ᠠ᠂  ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠭᠠᠯᠳᠣᠯᠭ᠎ᠠ ᠶᠢ ᠬᠦᠯᠢᠶᠡᠨ ᠠᠪᠬᠤ ᠰᠠᠯᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠰᠠᠯᠠᠭ᠎ᠠ᠂ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠰᠠᠯᠠᠭ᠎ᠠ᠂ ᠠᠷᠠᠳ ᠲᠦᠮᠡᠨ ᠤ ᠣᠷᠣᠯᠴᠠᠭ᠎ᠠ ᠪᠠ ᠬᠠᠤᠯᠢ ᠪᠠᠷ ᠵᠠᠰᠠᠬᠤ ᠶᠢ ᠠᠬᠢᠭᠤᠯᠬᠤ ᠰᠠᠯᠠᠭ᠎ᠠ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠰᠠᠯᠠᠭ᠎ᠠ᠂ ᠬᠠᠤᠯᠢᠴᠢ ᠬᠢᠭᠡᠳ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢᠨ ᠰᠠᠯᠠᠭ᠎ᠠ᠂ ᠲᠣᠨᠤᠭ ᠲᠥᠬᠦᠭᠡᠷᠦᠮᠵᠢ ᠡᠳ᠋ ᠤᠨ ᠶᠠᠪᠤᠳᠠᠯ ᠪᠠᠲᠤᠯᠠᠭ᠎ᠠ ᠶᠢᠨ ᠰᠠᠯᠠᠭ᠎ᠠ᠃    ᠪᠠᠶᠢᠭᠤᠯᠭ᠎ᠠ ᠶᠢᠨ ᠰᠦᠯᠵᠢᠶ᠎ᠡ   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号