ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠴᠡᠭᠴᠡᠯᠡᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/5/13
ᠡᠯ᠎ᠡ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄    ᠣᠳᠣᠬᠠᠨ ᠳᠤ᠂ ᠪᠥᠬᠦ ᠠᠶᠢᠮᠠᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠠᠵᠢᠯᠯᠠᠭᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠯᠬᠤᠮ ᠠᠯᠬᠤᠮ ᠢᠶᠠᠷ ᠥᠷᠨᠢᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠦ ᠪᠠᠶᠢᠨ᠎ᠠ᠃ ᠭᠡᠪᠡᠴᠦ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠣᠯᠠᠨᠲᠠ ᠬᠤᠷᠢᠭᠯᠠᠭᠰᠠᠨ ᠴᠤ ᠵᠣᠭᠰᠣᠬᠤ ᠦᠭᠡᠶ᠂ ᠠᠮᠤᠷ ᠲᠦᠪᠰᠢᠨ ᠤ ᠠᠳᠠᠯ ᠪᠠᠶᠢᠨ ᠳᠠᠬᠢᠨ ᠭᠠᠷᠴᠤ᠂ ᠬᠡᠰᠡᠭ ᠬᠦᠷᠢᠶᠡᠨ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠲᠣᠳᠣᠷᠬᠠᠶ ᠦᠭᠡᠶ᠂ ᠬᠠᠮᠵᠢᠯᠴᠠᠬᠤ ᠲᠣᠭᠲᠠᠴᠠ ᠲᠡᠭᠦᠯᠳᠡᠷ ᠪᠤᠰᠤ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠭᠤᠷᠠᠢ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠪᠥᠬᠦ ᠠᠶᠢᠮᠠᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠵᠤ᠂ ᠠᠯᠠᠱᠠ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃    ᠨᠢᠭᠡ᠂ ᠵᠣᠭᠰᠣᠴᠠ ᠪᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨᠬᠦ ᠳᠦᠷᠢᠮᠵᠢᠬᠦᠯᠦᠨ᠎ᠡ    ᠡᠯ᠎ᠡ ᠬᠤᠰᠢᠭᠤ ︵ᠤᠷᠤᠨ︶᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ︶᠂ ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠳᠠᠷᠬᠠᠭᠠᠭᠰᠠᠨ ﹇2016﹈ 104 ᠳ᠋ᠣᠭᠡᠷ ᠳᠣᠭᠠᠳᠣ︶ ᠵᠡᠷᠭᠡ ᠬᠠᠣᠯᠢ ᠳᠦᠷᠢᠮ ᠪᠠ ︽︿ᠠᠯᠠᠱᠠ ᠠᠶᠢᠮᠠᠭ ᠤᠨ ᠡᠯᠡᠰᠦᠨ ᠴᠦᠯ ᠤᠨ ᠵᠢᠭᠤᠯᠴᠢᠯᠠᠯ ᠤᠨ ᠠᠵᠢᠯᠯᠠᠭ᠎ᠠ ᠶᠢ ᠬᠠᠮᠢᠶᠠᠷᠬᠤ ᠵᠢᠯᠣᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾  ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠵᠢᠭᠤᠯᠴᠢᠯᠠᠯ ᠢ ᠶᠡᠷᠦᠩᠬᠡᠶᠢᠯᠡᠨ ᠵᠣᠬᠢᠴᠠᠭᠤᠯᠬᠤ᠂ ᠵᠢᠭᠤᠯᠴᠢᠯᠠᠯ ᠤᠨ ᠬᠡᠷᠡᠭ ᠢ ᠬᠠᠮᠳᠣ ᠪᠠᠷ ᠪᠠᠶᠢᠴᠠᠭᠠᠨ ᠰᠢᠢᠳᠪᠦᠷᠢᠯᠡᠬᠦ᠂ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠵᠢᠭᠤᠯᠴᠢᠯᠠᠯ ᠤᠨ ᠵᠠᠭᠠᠯᠳᠤᠯᠭ᠎ᠠ ᠶᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠳᠣᠷᠬᠠᠢ ᠦᠭᠡᠢ᠂ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠨᠢ ᠪᠠᠯᠠᠷᠬᠠᠢ᠂ ᠬᠢᠨᠠᠨ ᠬᠠᠮᠢᠶᠠᠷᠬᠤ ᠬᠠᠷᠢᠭᠤᠴᠠᠯᠭ᠎ᠠ ᠳᠤ ᠮᠠᠷᠭᠤᠯᠳᠤᠭᠠᠨ ᠲᠠᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠲᠠᠢ ᠬᠤᠯᠪᠣᠭᠳᠠᠬᠤ ᠡᠯ᠎ᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠬᠢᠨᠠᠯᠲᠠ ᠬᠠᠮᠢᠶᠠᠷᠤᠯᠲᠠ ᠦᠭᠡᠢ ᠪᠠᠶᠢᠳᠠᠯ ᠢ ᠰᠡᠷᠭᠡᠶᠢᠯᠡᠬᠦ ᠬᠡᠷᠡᠭᠲᠡᠢ᠃ ᠬᠦᠷᠢᠶᠡᠨ ᠳᠤᠨᠢ ᠬᠠᠷᠢᠶᠠᠯᠠᠭᠤᠯᠬᠤ᠂ ᠲᠤᠬᠠᠶᠢᠯᠠᠭᠰᠠᠨ ᠠᠵᠢᠯ ᠨᠢ ᠣᠶᠢᠷᠠᠯᠴᠠᠭ᠎ᠠ ᠪᠠᠶᠢᠬᠤ ᠵᠠᠷᠴᠢᠮ ᠪᠠ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠭᠤᠤᠯ ᠦᠢᠯᠡ ᠠᠵᠢᠯᠯᠠᠭ᠎ᠠ ᠶᠢᠨ ᠣᠨᠴᠠᠯᠢᠭ ᠶᠣᠰᠣᠭᠠᠷ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠰᠤᠳᠤᠯᠤᠨ ᠮᠠᠭᠠᠳᠯᠠᠵᠤ ᠳᠣᠭᠳᠠᠭᠠᠨ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠠᠭ ᠲᠤᠬᠠᠶ ᠳᠤᠨᠢ ᠲᠣᠳᠣᠷᠬᠠᠶᠢᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠮᠢᠶᠠᠷᠬᠤ ᠬᠦᠷᠢᠶᠡᠨ ᠳᠤ ᠮᠠᠷᠭᠤᠯᠳᠤᠭᠠᠨ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠠᠯᠠᠭ᠎ᠠ ᠮᠥᠴᠢᠷ ᠬᠤᠯᠪᠣᠭᠠᠯᠠᠬᠤ᠂ ᠠᠶᠢᠮᠠᠭ ᠬᠤᠰᠢᠭᠤ ︵ᠣᠷᠣᠨ︶ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠴᠡᠭᠴᠡᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠵᠢᠭᠤᠯᠴᠢᠯᠠᠭᠰᠠᠳ ᠲᠤ ᠰᠠᠨᠠᠭ᠎ᠠ ᠠᠮᠤᠷ᠂ ᠲᠠᠭᠠᠯᠠᠮᠵᠢᠲᠠᠶ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃    ᠬᠤᠶᠠᠷ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ    ︵ᠨᠢᠭᠡ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠳᠦᠷ ᠲᠤᠲᠤᠮ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠴᠢᠬᠤᠯᠠ ᠶᠡᠭᠡ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ᠂ ᠬᠠᠮᠲᠤᠷᠠᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ ᠵᠡᠷᠭᠡ ᠠᠵᠢᠯ ᠢ ᠥᠷᠨᠢᠭᠦᠯᠵᠦ ᠂ ᠦᠨᠡᠮᠯᠡᠯ ᠦᠭᠡᠶ ᠪᠠᠷ ᠲᠣᠭᠲᠠᠭᠠᠯ ᠠᠴᠠ ᠵᠥᠷᠢᠴᠡᠨ ᠡᠵᠡᠩᠨᠡᠭᠰᠡᠨ᠂ ︽ᠬᠠᠷ᠎ᠠ ᠬᠤᠷᠢᠶ᠎ᠠ ᠬᠠᠷ᠎ᠠ ᠬᠦᠳᠦᠴᠢ︾᠂ ︽ᠬᠠᠷ᠎ᠠ ᠲᠡᠷᠭᠡ ᠬᠠᠷ᠎ᠠ ᠪᠠᠭᠤᠳᠠᠯ︾᠂ ᠠᠯᠪᠠᠳᠠᠯᠭ᠎ᠠ ᠪᠠᠷ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠬᠦᠯᠦᠭᠰᠡᠨ᠂ ᠵᠢᠭᠤᠯᠴᠢᠯᠠᠯ ᠤᠨ ᠭᠡᠷ᠎ᠡ ᠶᠢᠨ ᠠᠭᠤᠯᠭ᠎ᠠ ᠶᠢ ᠵᠥᠷᠢᠴᠡᠭᠰᠡᠨ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠦᠭᠡᠶ ᠵᠡᠷᠭᠡ ᠬᠠᠤᠯᠢ ᠪᠤᠰᠤ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠵᠢᠭᠤᠯᠴᠢᠯᠠᠯ ᠤᠨ ᠣᠬᠠᠭᠤᠯᠭ᠎ᠠ ᠶᠢ ᠬᠢᠨᠠᠠ ᠬᠠᠮᠢᠶᠠᠷᠬᠤ ᠶᠢ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠤᠬᠠᠭᠤᠯᠬᠤ ᠪᠠ ᠬᠡᠷᠡᠭᠯᠡᠭᠴᠢᠳ ᠢ ᠪᠤᠷᠤᠭᠤ ᠪᠠᠷ ᠵᠢᠯᠣᠭᠤᠳᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃    ︵ᠬᠤᠶᠠᠷ︶ ᠵᠢᠭᠤᠯᠴᠢᠯᠠᠯ ᠤᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠯ᠎ᠡ ᠬᠤᠰᠢᠭᠤ ︵ᠣᠷᠣᠨ︶ ᠨᠢ ᠵᠢᠭᠤᠯᠴᠢᠯᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠠᠮᠠᠯᠠᠯᠲᠠ ᠶᠢᠨ ᠪᠢᠴᠢᠭ ᠲᠣᠭᠲᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠡᠷᠬᠡ ᠲᠡᠭᠰᠢ ᠪᠠᠷ ᠥᠷᠢᠰᠥᠯᠳᠦᠭᠦᠯᠵᠦ᠂ ᠶᠠᠮᠠᠷᠪᠠ ᠬᠡᠯᠪᠡᠷᠢ ᠪᠠᠷ ᠵᠤᠭᠠᠴᠠᠭᠰᠠᠳ ᠢ ᠮᠡᠬᠡᠯᠡᠬᠦ ᠪᠤᠶᠤ ᠪᠤᠷᠤᠭᠤ ᠪᠠᠷ ᠬᠥᠲᠥᠯᠦᠨ ᠵᠢᠯᠣᠭᠤᠳᠴᠤ ᠪᠣᠯᠬᠤ ᠥᠬᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠭᠤᠯᠴᠢᠯᠠᠯ ᠤᠨ ᠠᠵᠤ ᠠᠬᠤᠶᠢᠯᠠᠯ ᠤᠨ ᠠᠮᠠᠯᠠᠯᠲᠠ ᠠᠴᠠ ᠵᠥᠷᠢᠴᠡᠭᠰᠡᠨ᠂ ᠳᠤᠷ᠎ᠠ ᠪᠠᠷ ᠢᠶᠠᠨ ᠦᠨ᠎ᠡ ᠳᠣᠭᠳᠠᠭᠠᠭᠰᠠᠨ᠂ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠶᠢ ᠴᠥᠮ ᠴᠢᠩᠭ᠎ᠠ ᠪᠥᠭᠡᠳ ᠬᠦᠨᠳᠦ ᠪᠠᠷ ᠰᠢᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠠᠤᠯᠢ ᠴᠠᠭᠠᠵᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠪᠠᠷ  ᠬᠤᠪᠢᠶᠠᠯᠴᠠᠬᠤ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠯᠡᠰᠦᠨ ᠴᠦᠯ ᠤᠨ ᠬᠤᠸᠠᠷᠠᠨ᠂ ᠮᠠᠯᠴᠢᠨ ᠠᠶᠢᠯ ᠤᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠤ ᠫᠠᠶᠢᠰᠠ ᠦᠭᠡᠢ ᠦᠨᠡᠮᠯᠡᠯ ᠦᠭᠡᠢ ᠪᠠ ᠠᠮᠤᠷ ᠲᠦᠪᠰᠢᠨ ᠤ ᠣᠨ ᠤ ᠪᠠᠶᠢᠴᠠᠭᠠᠯᠲᠠ ᠬᠢᠭᠰᠡᠨ ᠦᠭᠡᠢ ᠡᠯᠡᠰᠦᠨ ᠴᠦᠯ ᠤᠨ ᠬᠡᠭᠡᠷ᠎ᠡ ᠠᠶᠠᠯᠠᠬᠤ ᠮᠠᠰᠢᠨ ᠲᠡᠷᠭᠡ᠂ ᠡᠯᠡᠰᠦᠨ ᠤ ᠮᠣᠲ᠋ᠣᠷ᠂ ᠺᠠᠲ᠋ᠢᠨ ᠲᠡᠷᠭᠡ᠂ ᠵᠢᠭᠤᠯᠴᠢᠯᠠᠯ ᠤᠨ ᠲᠡᠷᠭᠡ ᠳᠦᠷᠢᠶᠡᠰᠦᠯᠡᠬᠦ ᠵᠡᠷᠭᠡ ᠲᠣᠭᠲᠠᠭᠠᠯ ᠠᠴᠠ ᠵᠥᠷᠢᠴᠡᠨ ᠲᠡᠷᠭᠡ ᠭᠡᠷᠡᠭᠯᠡᠬᠦ ᠶᠢ ᠭᠤᠤᠯᠳᠠᠯᠭ᠎ᠠ ᠲᠠᠢ ᠬᠤᠷᠢᠭᠯᠠᠬᠤ ᠬᠡᠷᠡᠭᠲᠡᠶ᠃ ᠪᠣᠯᠪᠠᠰᠤᠷᠠᠯ ᠬᠦᠷᠲᠡᠭᠰᠡᠨ ᠦᠭᠡᠶ᠂ ᠲᠥᠪᠯᠡᠷᠡᠭᠦᠯᠦᠨ ᠬᠠᠮᠢᠶᠠᠷᠬᠤ ᠳᠤ ᠣᠷᠣᠭᠤᠯᠤᠭᠰᠠᠨ ᠦᠭᠡᠶ ᠮᠣᠷᠢ ᠲᠡᠮᠡᠭᠡ ᠵᠡᠷᠭᠡ ᠵᠢᠭᠤᠯᠴᠢᠯᠠᠯ ᠤᠨ ᠦᠢᠯᠡᠰ ᠵᠢᠴᠢ ᠦᠵᠡᠮᠵᠢ ᠶᠢᠨ ᠣᠷᠣᠨ ᠤ ᠭᠠᠳᠠᠨᠠᠬᠢ ᠬᠤᠳᠠᠯᠳᠤᠭᠠᠴᠢᠨ ᠮᠠᠶᠢᠮᠠᠶᠢᠴᠢᠨ ᠢ ᠬᠤᠷᠢᠭᠯᠠᠨ ᠵᠣᠭᠰᠣᠭᠠᠬᠤ ᠬᠡᠷᠡᠭᠲᠡᠶ᠃ ᠬᠤᠪᠢ ᠬᠥᠮᠦᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠯᠡᠰᠦᠨ ᠴᠦᠯ ᠤᠨ ᠬᠤᠸᠠᠷᠠᠨ᠂ ᠮᠠᠯᠴᠢᠨ ᠠᠶᠢᠯ ᠤᠨ ᠵᠢᠭᠤᠯᠴᠢᠯᠠᠯ ᠵᠡᠷᠭᠡ ᠣᠷᠣᠨ ᠪᠦᠰᠡ ᠳᠤ ᠳᠡᠭᠡᠷᠡᠬᠢ ᠠᠶᠤᠯᠲᠠᠢ ᠵᠢᠭᠤᠯᠴᠢᠯᠠᠯ ᠤᠨ ᠲᠥᠷᠥᠯ ᠵᠦᠢᠯ ᠤᠨ ᠦᠢᠯᠡᠴᠢᠯᠡᠭᠡ ᠶᠢ ᠬᠠᠩᠭᠠᠪᠠᠯ᠂ ᠡᠷᠬᠡᠪᠰᠢ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠣᠯ ᠴᠣᠭᠴᠠ ᠲᠠᠢ ᠭᠡᠷ᠎ᠡ ᠲᠣᠭᠲᠠᠬᠤ ᠶᠢᠨ ᠬᠠᠮᠲᠤ ᠨᠢᠭᠡᠳᠦᠯᠲᠡᠢ ᠬᠠᠮᠢᠶᠠᠷᠤᠯᠲᠠ ᠶᠢ ᠳᠠᠭᠠᠬᠤ ᠬᠡᠷᠡᠭᠲᠡᠢ᠃ ᠡᠯ᠎ᠡ ᠵᠢᠭᠤᠯᠴᠢᠯᠠᠯ ᠤᠨ ᠡᠵᠡᠩᠨᠡᠯᠲᠡ ᠶᠢᠨ ᠭᠤᠤᠯ ᠴᠣᠭᠴᠠ᠂ ᠳᠡᠯᠭᠡᠭᠡ ᠮᠠᠶᠢᠮᠠᠶ ᠶᠢ ᠬᠠᠷᠢᠶ᠎ᠠ ᠭᠠᠵᠠᠷ ᠤᠨ ᠬᠤᠰᠢᠭᠤ ︵ᠣᠷᠣᠨ︶᠂ ᠰᠤᠮᠤ ᠪᠠᠯᠭᠠᠰᠤ᠂ ᠭᠠᠴᠠᠭ᠎ᠠ ︵ᠲᠣᠰᠬᠤᠨ︶ ᠭᠤᠷᠪᠠᠨ ᠱᠠᠲᠤᠨ ᠤ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠡᠯ᠎ᠡ ᠵᠢᠭᠤᠯᠴᠢᠯᠠᠯ ᠤᠨ ᠡᠵᠡᠩᠨᠡᠯᠲᠡ ᠶᠢᠨ ᠭᠤᠤᠯ ᠴᠣᠭᠴᠠ ᠨᠢ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠵᠤ᠂ ᠬᠠᠷᠠᠭᠠᠯᠵᠠᠭᠰᠠᠨ ᠳᠠᠭᠠᠳᠬᠠᠯ ᠢ ᠬᠤᠳᠠᠯᠳᠤᠨ ᠠᠪᠴᠤ᠂ ᠵᠢᠭᠤᠯᠴᠢᠯᠠᠭᠴᠢᠳ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ ︶ ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠭᠤᠯᠴᠢᠯᠠᠯ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠵᠢᠭᠤᠯᠴᠢᠯᠠᠯ ᠤᠨ ᠠᠵᠢᠯ ᠡᠷᠬᠢᠯᠡᠭᠰᠡᠳ ᠢ ᠪᠣᠯᠪᠠᠰᠤᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠴᠢᠬᠤᠯᠠ ᠪᠦᠬᠦᠢ ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ᠂ ᠳᠦᠷᠢᠮ ᠲᠣᠭᠲᠠᠭᠠᠯ᠂ ᠠᠵᠢᠯᠯᠠᠬᠤ ᠳᠦᠷᠢᠮ᠂ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠵᠡᠮᠰᠢᠭᠦᠯᠬᠦ ᠬᠡᠷᠡᠭᠲᠡᠶ᠃ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠯᠡᠰᠦᠨ ᠴᠦᠯ ᠤᠨ ᠬᠤᠸᠠᠷᠠᠨ᠂ ᠮᠠᠯᠴᠢᠨ ᠠᠶᠢᠯ ᠤᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ᠂ ᠵᠠᠮ ᠬᠠᠷᠢᠯᠴᠠᠭ᠎ᠠ ᠳᠡᠭᠡᠭᠡᠪᠦᠷᠢ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ ᠶᠢᠨ ᠬᠡᠪᠴᠢᠶᠡᠨ ᠳᠠᠬᠢ ᠵᠢᠭᠤᠯᠴᠢᠯᠠᠯ ᠤᠨ ᠪᠡᠯᠡᠳᠬᠡᠮᠵᠢ ᠲᠥᠬᠦᠭᠡᠷᠦᠮᠵᠢ᠂ ᠵᠢᠭᠤᠯᠴᠢᠯᠠᠯ ᠤᠨ ᠳᠦᠷᠢᠶᠡᠰᠦᠯᠡᠭᠰᠡᠨ ᠲᠡᠷᠭᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠬᠠᠷᠠᠭᠠᠯᠵᠠᠭᠰᠠᠨ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠵᠤᠭᠠᠴᠠᠭᠰᠠᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ︵ᠳᠥᠷᠪᠡ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠯ᠎ᠡ ᠬᠤᠰᠢᠭᠤ ︵ᠣᠷᠣᠨ︶ ᠵᠢᠭᠤᠯᠴᠢᠯᠠᠯ ᠤᠨ ᠠᠵᠤ ᠠᠬᠤᠶᠢᠯᠠᠯ ᠤᠨ ᠣᠯᠠᠨ ᠶᠠᠩᠵᠤᠴᠢᠯᠠᠭᠰᠠᠨ᠂ ᠥᠪᠡᠷᠮᠢᠴᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠠᠳᠠᠯᠢ ᠪᠤᠰᠤ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠵᠤ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠳᠡᠮᠵᠢᠵᠦ᠂ ᠭᠤᠤᠯ ᠰᠡᠳᠦᠪᠲᠦ ᠴᠡᠩᠭᠡᠯ ᠤᠨ ᠬᠦᠷᠢᠶᠡᠯᠡᠩ᠂ ᠰᠥᠨᠢ ᠪᠠᠷ ᠵᠤᠭᠠᠴᠠᠬᠤ᠂ ᠬᠥᠮᠦᠨ ᠦᠭᠡᠶ ᠨᠢᠰᠬᠡᠯ ᠢᠶᠠᠷ ᠲᠣᠭᠯᠠᠯᠲᠠ ᠭᠠᠷᠭᠠᠬᠤ᠂ ᠨᠢᠭᠤᠴᠠ ᠦᠷᠦᠭᠡᠨ ᠠᠴᠠ ᠳᠤᠲᠠᠭᠠᠬᠤ᠂ ᠳᠣᠭᠯᠠᠬᠤ ᠵᠡᠷᠭᠡ ᠣᠷᠣᠯᠴᠠᠬᠤ᠂ ᠣᠶᠢᠯᠠᠭᠠᠬᠤ ᠴᠢᠨᠠᠷ ᠢᠶᠠᠷ ᠨᠡᠯᠢᠶᠡᠳ ᠴᠢᠩᠭ᠎ᠠ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠥᠷᠭᠡᠳᠬᠡᠵᠦ᠂ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠳᠡᠰ ᠳᠡᠪᠰᠢᠬᠦ ᠶᠢ ᠠᠬᠢᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠪᠣᠯᠤᠨ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ ᠭᠤᠤᠯ ᠴᠣᠭᠴᠠ ᠪᠠᠷ ᠮᠠᠭᠠᠳᠯᠠᠨ ᠲᠣᠭᠲᠠᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠨᠢ ᠮᠠᠭᠤ ᠪᠠᠶᠢᠪᠠᠯ ᠢᠲᠡᠭᠡᠯ ᠠᠯᠳᠠᠭᠰᠠᠨ ᠨᠡᠷᠡᠰ ᠲᠤ ᠣᠷᠣᠭᠤᠯᠬᠤ ᠶᠢᠨ ᠬᠠᠮᠲᠤ ᠬᠠᠮᠳᠣ ᠪᠠᠷ ᠵᠠᠯᠬᠠᠭᠠᠨ ᠴᠡᠭᠡᠷᠯᠡᠭᠦᠯᠦᠨ᠎ᠡ᠃ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠤᠳ ᠠᠵᠢᠯ ᠡᠷᠭᠢᠯᠡᠭᠰᠡᠳ ᠤᠨ ᠬᠥᠮᠦᠵᠢᠯ ᠪᠣᠯᠪᠠᠰᠤᠷᠠᠯ ᠢᠶᠠᠨ ᠴᠢᠩᠭᠠᠳᠬᠠᠵᠤ᠂ ᠠᠵᠢᠯ ᠡᠷᠭᠢᠯᠡᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠢ ᠨᠢ ᠰᠠᠨᠠᠭᠠᠴᠢᠯᠠᠭ᠎ᠠ ᠠᠴᠠ ᠪᠠᠨ ᠳᠡᠭᠡᠭᠰᠢᠯᠡᠭᠦᠯᠵᠦ᠂ ᠲᠡᠳᠡᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠦᠢᠯᠡᠴᠢᠯᠡᠭᠡᠨ ᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠦᠨ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠬᠡᠷᠡᠭᠲᠡᠶ᠃    ︵ᠲᠠᠪᠤ︶ ᠵᠢᠭᠤᠯᠴᠢᠯᠠᠯ ᠤᠨ ᠵᠢᠭᠤᠷᠠᠯᠳᠤᠭᠠᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠣᠬᠢᠲᠠᠶ ᠰᠢᠢᠳᠪᠦᠷᠢᠯᠡᠨ᠎ᠡ᠃ ᠡᠯ᠎ᠡ ᠬᠤᠰᠢᠭᠤ ︵ᠣᠷᠣᠨ︶ ᠵᠢᠴᠢ ᠰᠣᠶᠣᠯ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ᠂ ᠬᠥᠭᠵᠢᠭᠦᠯᠦᠯᠲᠡ ᠥᠭᠡᠷᠡᠴᠢᠯᠡᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠵᠡᠷᠭᠡ ᠰᠠᠯᠠᠭ᠎ᠠ ᠮᠥᠴᠢᠷ ᠤᠳ ᠶᠠᠷᠢᠶ᠎ᠠ ᠬᠡᠯᠡᠯᠴᠡᠭᠡᠨ ᠤ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠵᠤᠭᠠᠴᠠᠭᠰᠠᠳ ᠪᠠ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠵᠢᠷᠤᠮᠵᠢᠯ ᠦᠭᠡᠢ ᠠᠰᠠᠭᠤᠳᠠᠯ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠲᠦᠷᠭᠡᠨ ᠰᠢᠢᠳᠪᠦᠷᠢᠯᠡᠵᠦ᠂ ᠶᠠᠷᠢᠶ᠎ᠠ ᠬᠡᠯᠡᠯᠴᠡᠭᠡᠨ ᠤ ᠵᠥᠪ ᠴᠢᠭᠯᠡᠯ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠦᠳᠲᠡᠷ ᠲᠦᠷᠭᠡᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ᠂ ᠶᠠᠷᠢᠶ᠎ᠠ ᠬᠡᠯᠡᠯᠴᠡᠭᠡ ᠡᠭᠦᠰᠭᠡᠭᠰᠡᠨ ᠪᠤᠶᠤ ᠦᠢᠮᠡᠨ ᠳᠡᠷᠪᠡᠭᠰᠡᠨ ᠬᠡᠷᠡᠭ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠭᠤᠷᠪᠠ᠂ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠢ ᠳᠣᠳᠣᠷᠬᠠᠶᠢᠯᠠᠨ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ︵ᠤᠷᠤᠨ︶ ᠨᠢ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠵᠢᠭᠤᠯᠴᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠲᠣᠰ ᠭᠠᠵᠠᠷ ᠣᠷᠣᠨ ᠤ ᠣᠯᠠᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠵᠦᠢᠯᠡᠰ ᠢ ᠣᠷᠣᠨ ᠨᠤᠲᠤᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠬᠢᠨᠠᠨ ᠬᠠᠮᠢᠶᠠᠷᠬᠤ ᠬᠦᠴᠦᠨ᠂ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠲᠠᠢ ᠤᠶᠠᠯᠳᠤᠭᠤᠯᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠭᠲᠠᠭᠠᠵᠤ᠂ ᠬᠡᠷᠡᠭ ᠶᠠᠪᠤᠳᠠᠯ ᠢ ᠬᠠᠮᠢᠶᠠᠷᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠰᠦᠢᠳᠬᠡᠯ ᠬᠤᠷᠢᠶᠠᠬᠤ ᠥᠷᠲᠡᠭᠡ ᠂ ᠵᠠᠰᠠᠮᠠᠯ ᠵᠠᠮ ᠤᠨ ᠣᠷᠣᠬᠤ ᠡᠭᠦᠳᠡ ᠵᠡᠷᠭᠡ ᠴᠢᠬᠤᠯᠠ ᠵᠠᠮ ᠬᠠᠷᠢᠯᠴᠠᠭᠠᠨ ᠤ ᠭᠠᠵᠠᠷ ᠲᠤ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠵᠤᠭᠠᠴᠠᠭᠰᠠᠳ ᠠᠩᠵᠠᠭᠠᠷᠠᠭᠰᠠᠨ ᠦᠬᠡᠢ ᠪᠠᠷ ᠨᠡᠭᠡᠭᠡᠨ ᠬᠥᠭᠵᠢᠭᠦᠯᠦᠭᠡᠳᠦᠶ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠪᠤᠶᠤ ᠪᠡᠯᠴᠢᠭᠡᠷ ᠳᠠᠷᠢᠶᠠᠨ ᠳᠤ ᠣᠷᠣᠵᠦ᠂ ᠡᠭᠦᠨ ᠤ ᠤᠯᠠᠮ ᠠᠴᠠ ᠵᠢᠭᠤᠷᠠᠯᠳᠤᠭᠠᠨ ᠪᠠ ᠵᠠᠭᠠᠯᠳᠤᠯᠭ᠎ᠠ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠥᠪᠰᠢᠶᠡᠷᠡᠯ ᠣᠯᠤᠭᠰᠠᠨ ᠥᠬᠡᠶ ᠪᠠᠷ ᠳᠤᠷ᠎ᠠ ᠪᠠᠷ ᠢᠶᠠᠨ ᠥᠷᠨᠢᠭᠦᠯᠦᠭᠰᠡᠨ ᠵᠢᠭᠤᠯᠴᠢᠯᠠᠯ ᠤᠨ ᠲᠥᠷᠥᠯ ᠵᠦᠢᠯ᠂ ᠢᠯᠠᠩᠭᠤᠶ᠎ᠠ ᠠᠯᠠᠱᠠ ᠵᠡᠭᠦᠨ ᠬᠤᠰᠢᠭᠤᠨ ᠤ ︽ᠲᠠᠪᠤᠨ ᠨᠠᠭᠤᠷ︾ ᠢ ᠲᠤᠭᠤᠯᠬᠤ ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠤ ᠡᠯᠡᠰᠦ ᠶᠢ ᠲᠤᠭᠤᠯᠵᠤ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ᠂ ᠡᠵᠡᠨ᠎ᠡ ᠬᠤᠰᠢᠭᠤᠨ ᠤ ᠬᠠᠮᠢᠶᠠᠷᠤᠯᠲᠠ ᠨᠢ ᠡᠮᠬᠢ ᠵᠠᠮᠪᠠᠷᠠᠭ᠎ᠠ ᠥᠬᠡᠶ ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠥᠩᠭᠡᠷᠡᠬᠦ ᠡᠭᠦᠳᠡ ᠪᠠᠷ ᠰᠦᠢᠳᠬᠡᠯ ᠬᠤᠷᠢᠶᠠᠬᠤ᠂ ᠬᠤᠶᠠᠷᠬᠤᠳᠳᠤᠭ ᠤᠨ ᠬᠦᠳᠡᠭᠡ ᠡᠯᠡᠰᠦᠨ ᠳᠤ ᠮᠣᠷᠢ ᠲᠡᠮᠡᠭᠡ ᠣᠨᠣᠬᠤ ᠲᠥᠷᠥᠯ ᠵᠦᠢᠯ ᠢ ᠡᠵᠡᠩᠨᠡᠬᠦ ᠵᠡᠷᠭᠡ ᠠᠰᠠᠭᠤᠳᠠᠯ ᠳᠤ ᠴᠢᠭᠯᠡᠭᠦᠯᠦᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠨᠢᠭᠡᠨᠲᠡ ᠵᠣᠬᠢᠬᠤ ᠬᠡᠪᠴᠢᠶ᠎ᠡ ᠲᠠᠢ ᠪᠣᠯᠣᠭᠰᠠᠨ᠂ ᠵᠠᠬ᠎ᠠ ᠳᠡᠯᠭᠡᠭᠦᠷ ᠲᠤ ᠮᠡᠳᠡᠷᠡᠭᠳᠡᠭᠰᠡᠨ ᠵᠢᠭᠤᠯᠴᠢᠯᠠᠯ ᠤᠨ ᠦᠢᠯᠡᠳᠭᠦᠨ ᠪᠠ ᠲᠥᠷᠥᠯ ᠵᠦᠢᠯ ᠢ ᠡᠯ᠎ᠡ ᠬᠤᠰᠢᠭᠤ ︵ᠣᠷᠣᠨ︶ ᠨᠢ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠷᠢᠶ᠎ᠠ ᠰᠤᠮᠤ ᠪᠠᠯᠭᠠᠰᠤ ᠶᠢ ᠲᠦᠷᠬᠡᠨ ᠵᠣᠬᠢᠶᠠᠨ ᠪᠠᠶᠢᠭᠤᠯᠵᠤ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠨᠡᠶᠢᠲᠡᠯᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠣᠯᠠᠬᠤ ᠬᠡᠷᠡᠭᠳᠡᠢ᠃ ᠬᠡᠰᠡᠭ ᠭᠠᠴᠠᠭᠠᠨ ᠤ ᠮᠠᠯᠴᠢᠳ ᠥᠪᠡᠷ ᠤᠨ ᠨᠤᠲᠤᠭ ᠪᠡᠯᠴᠢᠭᠡᠷ ᠲᠡᠭᠡᠨ ᠵᠢᠭᠤᠯᠴᠢᠯᠠᠭᠴᠢᠳ ᠠᠴᠠ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠳᠤ᠂ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳᠦᠶ ︽ᠬᠠᠷ᠎ᠠ ᠦᠵᠡᠮᠵᠢ ᠶᠢᠨ ᠣᠷᠣᠨ ᠦᠵᠡᠮᠵᠢ ᠶᠢᠨ ᠴᠡᠭ︾ ᠢ  ᠴᠠᠭ ᠳᠣᠬᠠᠢ ᠳᠤᠨᠢ ᠬᠠᠭᠠᠵᠤ᠂ ᠮᠠᠯᠴᠢᠳ ᠤᠨ ᠦᠵᠡᠯ ᠰᠠᠨᠠᠭᠠᠨ ᠤ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠡᠷᠡᠭ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠪᠠ ᠣᠷᠣᠨ ᠪᠦᠰᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠨ᠂ ᠬᠦᠨᠳᠦ ᠶᠡᠭᠡ ᠪᠠᠴᠢᠮ ᠠᠳᠡᠯ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠲᠦᠷᠭᠡᠨ ᠰᠢᠢᠳᠪᠦᠷᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠶᠢᠩᠭᠤ ᠳᠦᠷᠢᠮᠵᠢᠭᠦᠯᠵᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠬᠡᠷᠡᠭᠲᠡᠶ᠃ ᠡᠯ᠎ᠡ ᠬᠤᠰᠢᠭᠤ ︵ᠣᠷᠣᠨ︶ ᠳᠡᠭᠡᠷ᠎ᠡ ᠳᠤᠷᠠᠳᠤᠭᠰᠠᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠢᠭᠯᠡᠭᠦᠯᠬᠦ ᠴᠢᠨᠠᠷᠲᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠬᠤ ᠶᠢᠨ ᠬᠠᠮᠲᠤ ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃    ︵ᠬᠤᠶᠠᠷ︶ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ︵  ᠣᠷᠣᠨ︶ ᠬᠠᠷᠢᠶ᠎ᠠ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠨ ᠵᠥᠪᠳᠡᠯᠴᠡᠬᠦ᠂ ᠬᠠᠤᠯᠢ ᠬᠡᠷᠡᠭᠵᠢᠭᠦᠯᠦᠨ ᠬᠠᠮᠵᠢᠯᠴᠠᠬᠤ ᠵᠡᠷᠭᠡ ᠲᠣᠭᠲᠠᠴᠠ ᠶᠢ ᠪᠣᠶ ᠪᠣᠯᠭᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠬᠠᠤᠯᠢ ᠲᠣᠭᠲᠠᠭᠠᠯ ᠠᠴᠠ ᠵᠥᠷᠢᠴᠡᠨ ᠵᠢᠭᠤᠯᠴᠢᠯᠠᠯ ᠤᠨ ᠲᠥᠷᠥᠯ ᠵᠦᠢᠯ ᠢ ᠡᠵᠡᠩᠨᠡᠭᠰᠡᠨ᠂ ᠥᠪᠡᠰᠦᠪᠡᠨ ᠲᠡᠷᠭᠡ ᠵᠢᠯᠣᠭᠤᠳᠤᠨ ᠵᠣᠭᠠᠴᠠᠵᠦ ᠨᠡᠭᠡᠭᠡᠨ ᠬᠥᠭᠵᠢᠭᠦᠯᠦᠭᠰᠡᠨ ᠦᠭᠡᠶ ᠣᠷᠣᠨ ᠪᠦᠰᠡ ᠪᠠᠷ ᠥᠩᠭᠡᠷᠡᠬᠦ᠂ ︽ᠵᠦᠢ ᠵᠣᠬᠢᠰ ᠦᠭᠡᠶ ᠳᠣᠤᠷ᠎ᠠ ᠦᠨ᠎ᠡ ᠪᠠᠷ ᠵᠢᠭᠤᠯᠴᠢᠯᠠᠬᠤ︾ ᠵᠡᠷᠭᠡ ᠦᠵᠡᠭᠳᠡᠯ ᠢ ᠴᠠᠭ ᠲᠤᠬᠠᠶ ᠳᠤᠨᠢ ᠵᠣᠭᠰᠣᠭᠠᠬᠤ ᠪᠤᠶᠤ ᠵᠣᠬᠢᠬᠤ ᠰᠢᠳᠬᠡᠯ ᠲᠣᠷᠭᠠᠭᠤᠯᠢ ᠥᠭᠴᠦ᠂ ᠵᠣᠬᠢᠬᠤ ᠬᠤᠭᠤᠴᠠᠭᠠᠨ ᠤ ᠳᠣᠲᠣᠷ᠎ᠠ ᠨᠡᠯᠢᠶᠡᠳ ᠣᠯᠠᠨ ᠵᠠᠭᠠᠯᠳᠣᠭᠳᠠᠭᠰᠠᠨ ᠵᠢᠭᠤᠯᠴᠢᠯᠠᠯ ᠤᠨ ᠠᠵᠤ ᠠᠬᠤᠶᠢᠯᠠᠯ ᠳᠤ  ᠰᠡᠷᠡᠮᠵᠢ ᠶᠢᠨ ᠵᠠᠬᠢᠳᠠᠯ ᠶᠠᠪᠤᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ ᠮᠠᠭᠤ ᠨᠦᠯᠦᠭᠡ ᠪᠦᠬᠦᠢ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠮᠵᠢ ᠶᠢᠨ ᠶᠣᠰᠣᠭᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠪᠠ ᠰᠤᠭᠤᠴᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠨᠢᠭᠡ ᠪᠦᠯᠦᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠭᠰᠠᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠠᠵᠢᠯ ᠲᠥᠷᠥᠯ ᠤᠨ ᠳᠦᠷᠢ ᠲᠥᠷᠬᠦ ᠶᠢ ᠨᠦᠯᠦᠬᠡᠯᠡᠭᠰᠡᠨ ᠨᠢᠭᠡ ᠪᠦᠯᠦᠭ ᠵᠢᠭᠤᠯᠴᠢᠯᠠᠯ ᠤᠨ ᠠᠵᠤ ᠠᠬᠤᠶᠢᠯᠠᠯ ᠪᠠ ᠠᠵᠢᠯ ᠡᠷᠭᠢᠯᠡᠭᠰᠡᠳ ᠢ ᠢᠯᠡᠴᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠢᠷᠦᠭᠡᠰᠢᠶᠡᠬᠦ ᠦᠷ᠎ᠡ ᠨᠦᠯᠦᠬᠡ ᠶᠢ  ᠦᠵᠡᠬᠦᠯᠦᠨ᠎ᠡ᠃    ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠰᠢᠭᠤ ︵ᠤᠷᠤᠨ︶ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠠ  ᠬᠠᠮᠢᠶᠠᠷᠣᠭᠳᠠᠬᠤ ᠡᠲᠡᠭᠡᠳ ᠤᠨ ᠰᠢᠨᠵᠢ ᠴᠢᠨᠠᠷ ᠪᠠ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ᠂ ᠢᠲᠡᠭᠡᠮᠵᠢ ᠶᠢ ᠬᠢᠨᠠᠠ ᠬᠠᠮᠢᠶᠠᠷᠬᠤ᠂ ᠬᠠᠮᠳᠣ ᠪᠠᠷ ᠵᠠᠯᠬᠠᠭᠠᠨ ᠴᠡᠭᠡᠷᠯᠡᠭᠦᠯᠬᠦ ᠵᠠᠭᠪᠤᠷ ᠢ ᠪᠦᠷᠢᠯᠳᠦᠭᠦᠯᠦᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠷᠢ ᠬᠡᠮ ᠢ ᠬᠢᠨᠠᠨ ᠬᠠᠷᠭᠤᠭᠤᠯᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠪᠤᠴᠠ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠠᠵᠢᠯᠯᠠᠭ᠎ᠠ ᠶᠢ ᠣᠨᠣᠪᠴᠢᠲᠠᠶ ᠪᠥᠬᠦ ᠲᠠᠯ᠎ᠠ ᠪᠠᠷ ᠲᠡᠮᠳᠡᠭᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠬᠠᠮᠲᠤ ᠪᠠᠷ ᠬᠤᠪᠢᠶᠠᠯᠴᠠᠬᠤ ᠬᠡᠷᠡᠭᠲᠡᠶ᠃ ᠡᠯ᠎ᠡ ᠬᠤᠰᠢᠭᠤ ︵ᠣᠷᠣᠨ︶ ᠶᠢᠨ ᠤᠬᠠᠭᠤᠯᠭ᠎ᠠ᠂ ᠰᠣᠶᠣᠯ ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠪᠠ ᠴᠡᠭᠴᠡᠯᠡᠬᠦ ᠠᠵᠢᠯ ᠢ ᠪᠠᠶᠢᠩᠭᠤ ᠣᠬᠠᠭᠤᠯᠣᠨ ᠵᠢᠯᠣᠭᠤᠳᠴᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠠᠷᠭ᠎ᠠ ᠬᠡᠮᠵᠢᠶ᠎ᠡ᠂ ᠠᠬᠢᠴᠠ ᠪᠠ ᠦᠷ᠎ᠡ ᠪᠦᠲᠦᠮᠵᠢ ᠶᠢ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠬᠦ ᠬᠡᠷᠡᠭᠲᠡᠶ᠃ ᠡᠯ᠎ᠡ ᠬᠤᠰᠢᠭᠤ ︵ᠣᠷᠣᠨ︶ ᠳᠡᠭᠡᠳᠦ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠬᠤᠪᠢ ᠪᠠᠷ ᠢᠶᠠᠨ ᠲᠡᠷᠭᠡ ᠵᠢᠯᠣᠭᠤᠳᠬᠤ ᠭᠠᠵᠠᠷ᠂ ᠵᠢᠭᠤᠯᠴᠢᠯᠠᠯ ᠤᠨ ᠪᠠᠭᠤᠳᠠᠯ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠠᠵᠢᠯ ᠢ ᠲᠦᠷᠬᠡᠨ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠲᠠᠰᠤᠷᠠᠯᠲᠠ ᠥᠬᠡᠶ ᠵᠢᠷᠤᠮᠵᠢᠭᠤᠯᠬᠤ ᠶᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠠᠤᠯᠢ ᠲᠣᠭᠲᠠᠭᠠᠯ ᠳᠤ ᠨᠡᠶᠢᠴᠡᠬᠦ ᠵᠢᠭᠤᠯᠴᠢᠯᠠᠯ ᠤᠨ ᠪᠦᠲᠦᠭᠡᠭᠳᠡᠬᠦᠨ ᠤ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠰᠢᠨᠡᠳᠬᠡᠵᠦ᠂ ᠵᠢᠭᠤᠯᠴᠢᠯᠠᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠢᠭᠤᠯᠴᠢᠯᠠᠯ ᠤᠨ ᠤᠨᠠᠭᠤᠯᠢ ᠠᠴᠠ ᠰᠡᠷᠡᠮᠵᠢᠯᠡᠭᠦᠯᠵᠦ᠂ ᠵᠦᠶ ᠵᠣᠬᠢᠰᠲᠠᠶ ᠵᠢᠭᠤᠯᠴᠢᠯᠠᠯ ᠤᠨ ᠬᠡᠷᠡᠭᠯᠡᠭᠡ ᠂ ᠠᠮᠤᠷ ᠲᠦᠪᠰᠢᠨ᠂ ᠪᠣᠯᠪᠠᠰᠤᠨ᠂ ᠣᠶᠤᠨᠴᠢ ᠬᠡᠷᠡᠭᠯᠡᠭᠡ ᠶᠢ ᠰᠠᠨᠠᠭᠠᠴᠢᠯᠠᠨ᠎ᠠ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号