ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠮᠤ ᠳ᠋ᠠᠶᠢᠲ᠋ᠠ ᠶᠢᠨ ᠲᠠᠪᠴᠠᠩ ᠢ ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2024/5/15
    ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠤᠷᠤᠨ ᠤ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠣ᠂ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠵᠢᠩᠬᠢᠨᠢ ᠪᠠᠷ ᠲᠤᠷᠰᠢᠨ ᠠᠵᠢᠯᠯᠠᠭᠤᠯᠪᠠ᠃    ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠪᠣᠯ ︽ᠡᠪᠡᠰᠦᠨ ᠤ ᠦᠢᠯᠡᠰ ᠤᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠲᠣᠰ ᠲᠠᠪᠴᠠᠩ ᠢ ᠲᠤᠷᠰᠢᠨ ᠠᠵᠢᠯᠯᠠᠭᠤᠯᠤᠭᠰᠠᠨ ᠨᠢ ᠡᠪᠡᠰᠦᠨ ᠤ ᠦᠢᠯᠡᠰ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠠᠵᠤ ᠦᠢᠯᠡᠰ ᠤᠨ ᠬᠡᠯᠬᠢᠶ᠎ᠡ᠂ ᠮᠡᠷᠭᠡᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠳᠤᠮᠳᠠ ᠣᠷᠣᠰᠢᠵᠤ ᠪᠠᠶᠢᠭ᠎ᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠬᠢᠭᠡᠳ ᠳᠠᠪᠠᠭᠤᠯᠢᠭ ᠪᠠ ᠪᠠᠭᠤᠷᠠᠶ ᠲᠠᠯ᠎ᠠ ᠶᠢ ᠲᠣᠳᠣᠷᠬᠠᠶᠢᠯᠠᠬᠤ ᠳᠤ ᠠᠰᠢᠭᠲᠠᠶ ᠪᠠᠶᠢᠵᠤ᠂ ᠮᠠᠨ ᠤ ᠤᠯᠤᠰ ᠤᠨ ᠡᠪᠡᠰᠦᠨ ᠤ ᠡᠭᠦᠯᠳᠡᠷ ᠢ ᠰᠣᠩᠭᠤᠨ ᠪᠤᠶᠢᠵᠢᠭᠤᠯᠬᠤ᠂ ᠴᠠᠷᠭᠠᠰᠤ ᠦᠢᠯᠡᠳᠪᠦᠷᠢᠯᠡᠵᠦ ᠡᠳ᠋ᠰᠢᠭᠦᠯᠬᠦ ᠮᠡᠷᠭᠡᠵᠢᠯ ᠢ ᠰᠤᠳᠤᠯᠤᠨ ᠨᠡᠭᠡᠭᠡᠬᠦ᠂ ᠲᠤᠰᠬᠠᠶ ᠠᠰᠢᠭ ᠤᠨ ᠪᠠᠶᠢᠷᠢᠰᠢᠭᠤᠯᠤᠯᠲᠠ ᠶᠢᠨ ᠵᠠᠭᠪᠤᠷ ᠪᠠ ᠲᠤᠰᠬᠠᠶ ᠠᠰᠢᠭ ᠤᠨ ᠡᠵᠡᠩᠨᠡᠯᠲᠡ ᠶᠢᠨ ᠠᠷᠭ᠎ᠠ ᠪᠣᠳᠣᠯᠭ᠎ᠠ ᠳᠤ ᠠᠰᠢᠭᠲᠠᠶ ᠵᠢᠯᠣᠭᠤᠳᠤᠮᠵᠢ ᠪᠠ ᠲᠤᠯᠭᠠᠭᠤᠷᠢᠯᠠᠯ ᠬᠠᠩᠭᠠᠬᠤ ᠪᠣᠯᠤᠨ᠎ᠠ᠃    ᠤᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ︽ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ︾ ᠨᠢ ᠪᠥᠬᠦ ᠳᠡᠯᠡᠬᠡᠶ ᠶᠢᠨ ᠲᠠᠸᠠᠷ ᠤᠨ ᠲᠡᠮᠳᠡᠭ᠂ ᠪᠠᠷᠢᠮᠵᠢᠶ᠎ᠠ᠂ ᠥᠭᠦᠯᠡᠯ ᠵᠡᠷᠭᠡ 7 ᠲᠥᠷᠥᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠭᠤᠤᠯ ᠴᠣᠭᠴᠠ ᠳᠤ ᠦᠨ᠎ᠡ ᠲᠥᠯᠥᠪᠦᠷᠢ ᠥᠬᠡᠶ ᠪᠠᠷ ᠪᠠᠶᠢᠴᠠᠭᠠᠨ ᠦᠵᠡᠬᠦ ᠪᠠ ᠪᠠᠭᠤᠯᠭᠠᠨ ᠠᠪᠬᠤ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ ᠪᠠᠶᠢᠨ᠎ᠠ᠃ ᠭᠤᠤᠯᠳᠠᠭᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠯᠳᠡ᠂ ᠡᠵᠡᠩᠨᠡᠯᠳᠡ᠂ ᠬᠠᠮᠠᠭᠠᠯᠠᠯᠳᠠ᠂ ᠬᠠᠮᠢᠶᠠᠷᠤᠯᠳᠠ ᠶᠢᠨ ᠲᠣᠭᠤᠷᠢᠨ ᠳᠤ ᠨᠢᠭᠡ ᠥᠷᠲᠡᠭᠡᠴᠢᠯᠡᠭᠰᠡᠨ ᠮᠠᠶ᠋ᠢᠭ ᠤᠨ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠵᠤᠯᠭᠠᠭᠤᠯᠤᠨ᠂ ᠥᠨᠳᠥᠷ ᠥᠷᠲᠡᠭ ᠪᠦᠬᠦᠢ ᠲᠤᠰᠬᠠᠶ ᠠᠰᠢᠭ ᠢ ᠡᠬᠦᠳᠴᠦ᠂ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号