ᠰᠠᠶᠢᠨ ᠳᠠᠳᠬᠠᠯ ᠨᠢ ᠰᠠᠶᠢᠲᠤᠷ ᠤᠨᠲᠠᠬᠤ ᠶᠢᠨ ᠰᠠᠭᠤᠷᠢ
ᠨᠡᠶᠢᠲᠡᠯᠡᠭᠰᠡᠨ ᠴᠠᠭ᠄
2024/5/16
    ᠤᠨᠲᠠᠬᠤ ᠪᠣᠯ ᠠᠮᠢᠳᠤ ᠪᠣᠳᠠᠰ ᠤᠨ ᠬᠤᠪᠢᠰᠤᠯ ᠤᠨ ᠬᠠᠮᠤᠭ ᠤᠨ ᠦᠨᠳᠦᠰᠦᠨ ᠠᠮᠢ ᠨᠠᠰᠤᠨ ᠤ ᠥᠩᠭᠡᠷᠡᠯᠲᠡ ᠪᠠᠶᠢᠵᠤ᠂ ᠬᠥᠮᠥᠨ ᠨᠢᠭᠡ ᠨᠠᠰᠤᠨ ᠤ ᠪᠠᠨ 1/3 ᠴᠠᠭ ᠢ ᠤᠨᠲᠠᠵᠤ ᠥᠩᠭᠡᠷᠡᠭᠡᠳᠡᠭ᠃    ᠪᠠᠶᠢᠴᠠᠭᠠᠯᠲᠠ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠳᠤᠮᠳᠠᠴᠢ ᠤᠨᠲᠠᠬᠤ ᠴᠠᠭ ᠎ ᠨᠢ 6.75 ᠴᠠᠭ ᠪᠠᠶᠢᠵᠤ᠂ ᠵᠠᠯᠠᠭᠤᠴᠤᠳ ᠢᠯᠠᠩᠭᠤᠶ᠎ᠠ 2000 ᠣᠨ ᠠᠴᠠ ᠰᠡᠭᠦᠯᠡᠷ ᠲᠦᠷᠦᠭᠰᠡᠳ ᠨᠢ ᠰᠥᠨᠢᠵᠢᠨ ᠤᠨᠲᠠᠬᠤ ᠦᠭᠡᠢ ᠬᠥᠮᠥᠰ ᠤᠨ ᠳᠤᠮᠳᠠ ᠶᠡᠭᠡ ᠬᠤᠪᠢ ᠶᠢ ᠡᠵᠡᠯᠡᠬᠦ ᠪᠣᠯᠵᠠᠢ᠃ ᠶᠠᠭᠠᠬᠢᠪᠠᠯ ᠰᠠᠶ᠋ᠢ ᠰᠠᠶᠢᠨ ᠤᠨᠲᠠᠵᠤ᠂ ᠪᠦᠭᠡ ᠨᠣᠶᠢᠷᠰᠤᠵᠤ ᠴᠢᠳᠠᠬᠤ ᠪᠤᠶ︖ ᠡᠯ᠎ᠡ ᠵᠦᠢᠯ ᠤᠨ ᠤᠨᠲᠠᠬᠤ ᠳᠤ ᠲᠤᠰᠠᠯᠠᠬᠤ ᠣᠶᠤᠨᠴᠢ ᠲᠥᠬᠦᠭᠡᠷᠦᠮᠵᠢ ᠨᠢ ᠦᠨᠡᠬᠡᠷ ᠦᠢᠯᠡᠳᠦᠯ ᠲᠠᠢ ᠭᠡᠵᠦ ᠤᠤ︖    ᠤᠨᠲᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠴᠢᠬᠤᠯᠠᠲᠠᠢ    ︽ᠣᠷᠣᠨ ᠳᠡᠭᠡᠷ᠎ᠡ ᠪᠠᠨ ᠬᠡᠪᠲᠡᠭᠡᠳ ᠤᠨᠲᠠᠵᠤ ᠣᠷᠣᠬᠤ ᠦᠭᠡᠢ ᠨᠢ ᠶᠠᠭ ᠯᠠ ︿ᠪᠤᠭᠤᠷᠰᠤᠭ ᠬᠠᠭᠠᠷᠢᠬᠤ﹀ ᠰᠢᠭ᠋ ᠪᠠᠶᠢᠵᠤ᠂ ᠦᠨᠡᠬᠡᠷ ᠬᠥᠮᠥᠰ ᠢ ᠰᠢᠨᠠᠯᠭᠠᠳᠠᠭ︾᠃ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ︽2024 ᠣᠨ ᠤ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠤᠨᠲᠠᠯᠭ᠎ᠠ ᠶᠢᠨ ᠡᠷᠡᠭᠦᠯ ᠮᠡᠨᠳᠦ ᠶᠢᠨ ᠴᠠᠭᠠᠨ ᠭᠠᠳᠠᠷᠲᠤ ᠪᠢᠴᠢᠭ︾᠎ ᠠᠴᠠ ᠦᠵᠡᠪᠡᠯ᠂ ᠪᠠᠶᠢᠴᠠᠭᠠᠭᠳᠠᠭᠰᠠᠨ ᠰᠠᠭᠤᠭᠠᠯᠢ ᠠᠷᠠᠳ ᠤᠨ ᠰᠥᠨᠢ ᠳᠡᠭᠡᠨ ᠰᠡᠷᠢᠭᠦ ᠤᠳᠠᠭ᠎ᠠ ᠨᠢ ᠳᠤᠮᠳᠠᠴᠢ ᠪᠠᠷ 1.4 ᠤᠳᠠᠭ᠎ᠠ ᠪᠠᠶᠢᠵᠤ᠂ ᠳᠤᠮᠳᠠᠴᠢ ᠤᠨᠲᠠᠬᠤ ᠴᠠᠭ ᠨᠢ 6.75 ᠴᠠᠭ ᠬᠦᠷᠴᠦ ᠪᠤᠢ᠃ ᠭᠡᠬᠦ ᠳᠡᠭᠡᠨ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 ︱ 2030 ᠣᠨ︶︾᠎ ᠳᠤ᠂ ᠨᠠᠰᠤᠨ ᠳᠤ ᠭᠦᠷᠦᠭᠰᠡᠳ ᠡᠳᠦᠷ ᠳᠤᠮᠳᠠᠴᠢ ᠪᠠᠷ 7 ︱ 8 ᠴᠠᠭ ᠤᠨᠲᠠᠪᠠᠯ ᠵᠣᠬᠢᠨ᠎ᠠ ᠭᠡᠵᠦ ᠰᠠᠨᠠᠭᠠᠴᠢᠯᠠᠵᠠᠢ᠃    ︽ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠮᠡᠳᠡᠭᠦᠯᠦᠯᠲᠡ 2024︾᠎ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ 2023 ᠣᠨ ᠤ ᠤᠨᠲᠠᠯᠭ᠎ᠠ ᠶᠢᠨ ᠵᠢᠭᠠᠯᠲᠠ ᠲᠤᠭ᠎ᠠ 62.61 ᠪᠠᠶᠢᠵᠤ᠂ ᠣᠶᠢᠷ᠎ᠠ ᠶᠢᠨ 3 ᠵᠢᠯ ᠤᠨ ᠲᠤᠷᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠡᠢ᠃ ᠡᠭᠦᠨ ᠤ ᠬᠠᠮᠲᠤ ᠪᠠᠶᠢᠴᠠᠭᠠᠭᠳᠠᠭᠴᠢ ᠶᠢᠨ ᠤᠨᠲᠠᠯᠭ᠎ᠠ ᠶᠢᠨ ᠴᠢᠨᠠᠷ ᠴᠢᠨᠰᠠᠭ᠎ᠠ ᠮᠠᠭᠤ᠂ ᠤᠨᠲᠠᠬᠤ ᠡᠮ ᠬᠡᠷᠡᠭᠯᠡᠬᠦ ᠨᠢ ᠤᠯᠠᠮ ᠢᠯᠡᠭᠦᠳᠡᠭᠰᠡᠨ ᠵᠡᠷᠭᠡ ᠪᠠᠶᠢᠳᠠᠯ ᠢᠯᠡᠷᠡᠵᠡᠢ᠃    ᠤᠨᠲᠠᠯᠭ᠎ᠠ ᠶᠢᠨ ᠶᠠᠰᠤ ᠴᠢᠨᠠᠷ ᠮᠠᠭᠤᠳᠠᠭᠰᠠᠨ ᠨᠢ ᠶᠠᠮᠠᠷ ᠰᠢᠯᠲᠠᠭᠠᠨ ᠠᠴᠠ ᠪᠣᠯᠤᠭᠰᠠᠨ ᠪᠤᠢ︖ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ ᠤᠨ ᠤᠬᠠᠭᠠᠨ ᠤ ᠰᠤᠳᠤᠯᠭᠠᠨ ᠤ ᠭᠠᠵᠠᠷ ᠤᠨ ᠨᠡᠶᠢᠭᠡᠮ ᠤᠨ ᠰᠡᠳᠬᠢᠴᠡ ᠵᠦᠢ ᠶᠢᠨ ᠰᠤᠳᠤᠯᠭᠠᠨ ᠎ ᠤ ᠲᠥᠪ ᠎ ᠤᠨ ᠡᠷᠭᠢᠯᠡᠭᠴᠢ ᠸᠠᠩ ᠵᠢᠶᠦ᠋ᠨ ᠰᠢᠸ  ᠎ ᠶᠢᠨ ᠦᠵᠡᠬᠦ  ᠎ ᠪᠠᠷ᠂ ᠢᠨᠲ᠋ᠧᠷ ᠰᠦᠯᠵᠢᠶ᠎ᠡ᠂ ᠭᠠᠷ ᠤᠲᠠᠰᠤᠨ ᠎ ᠳᠤ ᠲᠦᠰᠢᠭᠯᠡᠬᠦ  ᠪᠣᠯ ᠭᠤᠣᠯ ᠰᠢᠯᠲᠠᠭᠠᠨ  ᠤ ᠨᠢᠭᠡ ᠮᠥᠨ ᠭᠡᠵᠡᠢ᠃    ᠬᠤᠯᠪᠣᠭᠳᠠᠯ ᠪᠦᠬᠦᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠨᠲ᠋ᠧᠷ ᠰᠦᠯᠵᠢᠶ᠎ᠡ ᠲᠠᠢ ᠬᠤᠯᠪᠣᠭᠳᠠᠭᠰᠠᠨ ᠠᠵᠢᠯ ᠲᠦᠷᠦᠯ ᠤᠨ ᠬᠥᠮᠥᠰ ᠤᠨ ᠰᠥᠨᠢ ᠪᠦᠷᠢ ᠶᠢᠨ ᠳᠤᠮᠳᠠᠴᠢ ᠤᠨᠲᠠᠬᠤ ᠴᠠᠭ ᠤᠨ ᠣᠷᠳᠣ ᠨᠢ 8 ᠴᠠᠭ ᠪᠤᠶᠤ 8 ᠴᠠᠭ ᠠᠴᠠ ᠳᠡᠭᠡᠭᠰᠢ ᠪᠠᠶᠢᠬᠤ ᠬᠠᠷᠢᠴᠠᠯ ᠨᠢ ᠴᠥᠮ 50%᠎ ᠠᠴᠠ ᠳᠣᠣᠷ᠎ᠠ ᠪᠠᠶᠢᠳᠠᠭ; 56% ᠎ ᠶᠢᠨ ᠣᠶᠤᠲᠠᠳ ᠡᠳᠦᠷ ᠪᠦᠷᠢ 8 ᠴᠠᠭ ᠎ ᠠᠴᠠ ᠢᠯᠡᠭᠦᠦ ᠭᠠᠷ ᠤᠲᠠᠰᠤ ᠬᠡᠷᠡᠭᠯᠡᠵᠦ ᠪᠠᠶᠢᠬᠤ ᠪᠥᠭᠡᠳ 52%᠎ ᠤᠨ ᠬᠥᠮᠥᠰ ᠲᠡᠭ ᠴᠠᠭ ᠠᠴᠠ ᠰᠡᠭᠦᠯᠡᠷ ᠤᠨᠲᠠᠵᠤ ᠪᠠᠶᠢᠨ᠎ᠠ᠃    ︽ᠺᠤᠮᠫᠢᠦ᠋ᠲ᠋ᠧᠷ᠂ ᠭᠠᠷ ᠤᠲᠠᠰᠤ ᠵᠡᠷᠭᠡ ᠡᠯᠧᠺᠲᠷᠣᠨ ᠲᠥᠬᠦᠭᠡᠷᠦᠮᠵᠢ ᠶᠢᠨ ᠲᠦᠭᠡᠮᠡᠯᠵᠢᠬᠦ ᠶᠢ ᠳᠠᠭᠠᠯᠳᠤᠨ᠂ ᠬᠥᠮᠥᠰ ᠤᠨᠲᠠᠬᠤ ᠠᠴᠠ ᠪᠠᠨ ᠡᠮᠦᠨ᠎ᠡ ᠬᠥᠬᠡ ᠭᠡᠷᠡᠯ ᠵᠡᠷᠭᠡ ᠰᠡᠳᠦᠯᠲᠡ ᠶᠢᠨ ᠴᠢᠨᠠᠷᠲᠠᠢ ᠭᠡᠷᠡᠯ ᠡᠭᠦᠰᠬᠡᠭᠴᠢ ᠶᠢᠨ ᠨᠥᠯᠥᠭᠡᠯᠡᠯ ᠢ ᠬᠦᠷᠲᠡᠵᠦ᠂ ᠠᠮᠢᠳᠤ ᠪᠣᠳᠠᠰ ᠤᠨ ᠴᠠᠭ ᠬᠠᠷᠰᠢᠯᠠᠭᠳᠠᠬᠤ ᠶᠢᠨ ᠬᠠᠮᠲᠤ ᠡᠯᠧᠺᠲᠷᠣᠨ ᠲᠥᠬᠦᠭᠡᠷᠦᠮᠵᠢ ᠳᠤ ᠬᠡᠲᠦᠷᠬᠡᠢ ᠰᠢᠨᠤᠪᠠᠯ ᠤᠶᠤᠨ ᠰᠠᠨᠠᠭᠠᠨ ᠤ ᠲᠠᠯ᠎ᠠ ᠪᠠᠷ ᠨᠠᠶᠢᠳᠠᠮᠠᠲᠠᠭᠠᠶ ᠪᠤᠯᠳᠠᠭ᠂ ᠡᠨᠡ ᠨᠢ ᠪᠠᠰᠠ ᠤᠨᠲᠠᠬᠤ ᠳᠤ ᠬᠦᠴᠢᠷᠳᠡᠬᠦ ᠪᠤᠶᠤ ᠤᠨᠲᠠᠬᠤ ᠭᠡᠮᠨᠡᠯ ᠠᠯᠳᠠᠭᠳᠠᠬᠤ ᠠᠰᠠᠭᠤᠳᠠᠯ ᠢ ᠡᠭᠦᠰᠬᠡᠳᠡᠭ︾ ᠭᠡᠵᠦ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠵᠢᠷᠭᠤᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠦ ᠯᠢᠨ ᠶᠠᠷᠢᠯ᠎ᠠ᠃    ᠰᠦᠯᠵᠢᠶᠡᠨ ᠳᠤ ᠨᠠᠶᠢᠳᠠᠬᠤ ᠵᠡᠷᠭᠡ ᠮᠠᠭᠤ ᠳᠠᠳᠬᠠᠯ ᠠᠴᠠ ᠭᠠᠳᠠᠨ᠎ᠠ᠂ ᠤᠷᠮ᠎ᠠ ᠰᠡᠳᠬᠢᠯᠭᠡ ᠪᠣᠯᠣᠨ ᠳᠠᠷᠤᠯᠲᠠ ᠎ ᠨᠢ ᠴᠦ ᠤᠨᠲᠠᠬᠤ ᠳᠤ ᠬᠠᠷᠰᠢ ᠰᠠᠭᠠᠳ ᠪᠤᠯᠳᠠᠭ᠃    ︽ᠬᠠᠭᠠᠰ ᠢᠯᠡᠭᠦᠦ ᠲᠣᠭᠠᠨ ᠤ ᠡᠪᠡᠳᠴᠢᠲᠡᠨ ᠨᠢ ᠴᠥᠮ ᠰᠡᠳᠬᠢᠴᠡ ᠶᠢᠨ ᠰᠢᠯᠲᠠᠭᠠᠨ ᠠᠴᠠ ᠪᠣᠯᠤᠭᠰᠠᠨ ᠤᠨᠲᠠᠯᠭ᠎ᠠ ᠶᠢᠨ ᠰᠠᠭᠠᠲᠠᠯ ᠲᠠᠢ ᠪᠣᠯᠤᠭᠰᠠᠨ ᠪᠠᠶᠢᠵᠤ ᠮᠡᠳᠡᠨ᠎ᠡ︾ ᠭᠡᠵᠦ ᠱᠠᠩᠬᠠᠢ ᠶᠢᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠯᠦᠩ ᠬᠤᠸᠠ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠡᠮᠴᠢ ᠲᠠᠩ ᠺᠠᠩ ᠮᠢᠨ ᠲᠠᠨᠢᠯᠴᠠᠭᠤᠯᠬᠤ ᠶᠢᠨ ᠬᠠᠮᠲᠤ᠂ ᠨᠣᠶᠢᠷ ᠬᠤᠯᠵᠢᠬᠤ ᠶᠢᠨ ᠰᠢᠯᠲᠠᠭᠠᠨ ᠎ ᠨᠢ ᠤᠳᠤᠮᠯᠠᠯ ᠵᠡᠷᠭᠡ ᠲᠥᠷᠥᠯᠬᠢ ᠰᠢᠯᠲᠠᠭᠠᠨ ᠠᠴᠠ ᠭᠠᠳᠠᠨ᠎ᠠ ᠪᠠᠰᠠ ᠳᠠᠷᠤᠯᠲᠠ ᠶᠡᠭᠡ᠂ ᠰᠡᠳᠬᠢᠴᠡ ᠶᠢᠨ ᠵᠣᠪᠠᠨᠢᠯ ᠵᠡᠷᠭᠡ ᠠᠴᠠ ᠪᠤᠯᠳᠠᠭ ᠭᠡᠵᠦ ᠪᠠᠶᠢᠯ᠎ᠠ᠃    ᠤᠨᠲᠠᠵᠤ ᠣᠷᠣᠬᠤ ᠦᠭᠡᠢ ᠪᠣᠯ ᠶᠠᠭᠠᠬᠢᠪᠠᠯ ᠵᠣᠬᠢᠬᠤ ᠪᠤᠢ︖    ︽ᠮᠠᠨ ᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠨᠡᠯᠢᠶᠡᠳ ᠣᠷᠣᠢ ᠡᠬᠢᠯᠡᠭᠰᠡᠨ ᠪᠥᠭᠡᠳ ᠣᠳᠣᠬᠠᠨ ᠳᠤ ᠥᠨᠳᠥᠷ ᠬᠢᠷᠢ ᠬᠡᠮᠵᠢᠶᠡᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠮᠥᠨ ᠬᠦ ᠨᠡᠯᠢᠶᠡᠳ ᠴᠥᠭᠡᠨ ᠪᠠᠶᠢᠨ᠎ᠠ︾ ᠭᠡᠵᠦ ᠯᠦ ᠯᠢᠨ ᠶᠠᠷᠢᠬᠤ ᠶᠢᠨ ᠳᠠᠭᠠᠤ᠂ ᠢᠷᠡᠭᠡᠳᠦᠢ ᠳᠤ ᠤᠨᠲᠠᠯᠭ᠎ᠠ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠮᠡᠳᠡᠷᠡᠯ ᠤᠨ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠠᠮᠢᠰᠬᠤᠯ ᠤᠨ ᠰᠠᠯᠠᠭ᠎ᠠ ᠵᠡᠷᠭᠡ ᠣᠯᠠᠨ ᠲᠤᠰᠬᠠᠢ ᠮᠡᠷᠭᠡᠵᠢᠯ ᠲᠠᠢ ᠬᠠᠮᠲᠤ ᠪᠠᠷ ᠰᠣᠯᠢᠯᠴᠠᠬᠤ ᠪᠠᠷ ᠳᠠᠮᠵᠢᠭᠤᠯᠤᠨ᠂ ᠤᠨᠲᠠᠯᠭ᠎ᠠ ᠶᠢᠨ ᠡᠭᠦᠰᠦᠯᠲᠡ ᠶᠢᠨ ᠬᠥᠭᠵᠢᠯᠲᠡ ᠶᠢᠨ ᠲᠣᠭᠲᠠᠴᠠ ᠶᠢ ᠭᠦᠨᠵᠡᠭᠡᠢ ᠰᠤᠳᠤᠯᠵᠤ᠂ ᠰᠢᠨ᠎ᠡ ᠭᠡᠯᠪᠡᠷᠢ ᠶᠢᠨ ᠭᠠᠷ ᠲᠦᠷᠦᠭᠦ ᠠᠷᠭ᠎ᠠ ᠪᠣᠳᠣᠯᠭ᠎ᠠ ᠶᠢ ᠨᠡᠭᠡᠭᠡᠨ ᠬᠥᠭᠵᠢᠭᠦᠯᠵᠦ᠂ ᠡᠪᠡᠳᠴᠢᠲᠡᠨ ᠳᠤ ᠨᠠᠩ ᠰᠠᠶᠢᠨ ᠦᠢᠯᠡᠴᠢᠯᠡᠬᠦ ᠬᠡᠷᠡᠭᠲᠡᠢ ᠭᠡᠵᠡᠢ᠃   ᠣᠶᠢᠯᠠᠭᠠᠭᠰᠠᠨ ᠢᠶᠠᠷ᠂ ᠣᠳᠣᠬᠠᠨ ᠳᠤ ᠪᠦᠭᠦ ᠤᠯᠤᠰ ᠲᠤ ᠨᠢᠭᠡᠨᠲᠡ ᠮᠠᠰᠢ ᠣᠯᠠᠨ ᠡᠮᠨᠡᠯᠭᠡ ᠶᠢᠨ ᠬᠤᠷᠢᠶ᠎ᠠ ᠪᠠ ᠶᠡᠭᠡ ᠳᠡᠭᠡᠳᠦ ᠰᠤᠷᠭᠠᠭᠤᠯᠢ ᠳᠤ ᠤᠨᠲᠠᠬᠤ ᠲᠥᠪ᠂ ᠤᠨᠲᠠᠬᠤ ᠶᠢ ᠬᠢᠨᠠᠨ ᠬᠡᠮᠵᠢᠬᠦ ᠲᠠᠰᠤᠭ᠂ ᠤᠨᠲᠠᠯᠭ᠎ᠠ ᠶᠢᠨ ᠡᠭᠦᠳᠡᠨ ᠡᠮᠨᠡᠯᠭᠡ ᠵᠡᠷᠭᠡ ᠶᠢ ᠪᠠᠶᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠠᠵᠢᠯ ᠲᠥᠷᠥᠯ ᠤᠨ ᠳᠣᠲᠣᠷ᠎ᠠ ᠪᠠᠨ ᠨᠢᠭᠡᠨᠲᠡ ︽ᠳᠤᠮᠳᠠᠳᠤ ᠤᠯᠤᠰ ᠤᠨ ᠨᠣᠶᠢᠷ ᠬᠤᠯᠵᠢᠬᠤ ᠰᠠᠭᠠᠳ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠦᠭᠯᠡᠭᠦᠷ︾᠂ ︽ᠳᠤᠮᠳᠠᠳᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠵᠡᠷᠭᠡ ᠶᠢ ᠨᠠᠶᠢᠷᠠᠭᠤᠯᠤᠨ ᠵᠣᠬᠢᠶᠠᠪᠠ᠃ ︽ᠤᠨᠲᠠᠯᠭ᠎ᠠ ᠶᠢᠨ ᠠᠰᠠᠭᠤᠳᠠᠯ ᠲᠠᠢ ᠡᠪᠡᠳᠴᠢᠲᠡᠨ ᠳᠤ ᠡᠮᠨᠡᠯᠭᠡ ᠶᠢᠨ ᠬᠤᠷᠢᠶᠠᠨ ᠳᠤ ︿ᠤᠨᠲᠠᠯᠭ᠎ᠠ ᠶᠢᠨ ᠰᠠᠯᠠᠭ᠎ᠠ﹀ ᠪᠠᠶᠢᠬᠤ ᠶᠢ ᠮᠡᠳᠡᠭᠦᠯᠵᠦ᠂ ᠤᠨᠲᠠᠯᠭ᠎ᠠ ᠶᠢᠨ ᠠᠨᠠᠭᠠᠬᠤ ᠤᠬᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ︾ ᠭᠡᠵᠦ ᠯᠦ ᠯᠢᠨ ᠬᠡᠯᠡᠪᠡ᠃    ︽ᠶᠠᠳᠠᠷᠠᠯ︾᠎ ᠳᠤ ᠨᠢᠭᠤᠭᠳᠠᠭᠰᠠᠨ ᠬᠤᠳᠠᠯᠳᠤᠭᠠᠨ ᠤ ᠲᠣᠭᠢᠶᠠᠯ    ᠣᠶᠤᠨᠯᠢᠭ ᠳᠡᠪᠢᠰᠬᠡᠷ᠂ ᠤᠨᠲᠠᠭᠤᠯᠬᠤ ᠬᠡᠮᠵᠢᠭᠦᠷᠯᠢᠭ᠂ ᠤᠨᠲᠠᠭᠤᠯᠬᠤ ᠳᠠᠭᠤᠤ ᠬᠥᠭᠵᠢᠮ᠂ ᠤᠨᠲᠠᠯᠭ᠎ᠠ ᠶᠢ ᠬᠢᠨᠠᠨ ᠬᠡᠮᠵᠢᠬᠦ APP ᠁ ᠵᠡᠷᠭᠡ ᠡᠯ᠎ᠡ ᠲᠥᠷᠥᠯ ᠤᠨ ᠤᠨᠲᠠᠭᠤᠯᠬᠤ ᠪᠦᠲᠦᠭᠡᠭᠳᠡᠬᠦᠨ ᠮᠠᠰᠢ ᠤᠯᠠᠨ ᠪᠠᠶᠢᠳᠠᠭ᠃ ᠪᠦᠷᠢᠳᠬᠡᠯ ᠢ ᠦᠨᠳᠦᠰᠦᠯᠡᠪᠡᠯ᠂ 2016︱2020 ᠣᠨ ᠪᠤᠯᠲᠠᠯ᠎ᠠ᠂ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠪᠦᠬᠦᠯᠢ ᠴᠣᠭᠴᠠ ᠶᠢᠨ ᠬᠡᠪᠴᠢᠶ᠎ᠡ 2600 ᠭᠠᠷᠤᠢ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 3700 ᠭᠠᠷᠤᠢ ᠳ᠋ᠦᠩᠰᠢᠭᠤᠷ ᠲᠥᠭᠦᠷᠢᠭ ᠲᠤ ᠭᠦᠷᠴᠡᠢ᠃ ᠣᠳᠣᠬᠠᠨ ᠳᠤ ᠳᠤᠮᠳᠠᠳᠤ ᠤᠯᠤᠰ ᠲᠤ ᠪᠠᠶᠢᠭ᠎ᠠ ᠤᠨᠲᠠᠯᠭ᠎ᠠ ᠲᠠᠢ ᠬᠤᠯᠪᠤᠭ᠎ᠠ ᠪᠦᠬᠦᠢ ᠠᠵᠤ ᠠᠬᠤᠶᠢᠯᠠᠯ ᠤᠨ ᠲᠤᠭ᠎ᠠ 9000᠎ ᠶᠢ ᠳᠠᠪᠠᠵᠤ᠂ ᠡᠭᠦᠨ ᠳᠤ ᠣᠯᠠᠩᠬᠢ ᠨᠢ ᠣᠷᠴᠢᠮ ᠤᠨ 1᠎ ᠠᠴᠠ 5 ᠵᠢᠯ ᠤᠨ ᠳᠣᠲᠣᠷ᠎ᠠ ᠪᠠᠶᠢᠭᠤᠯᠤᠭᠳᠠᠭᠰᠠᠨ ᠪᠠᠶᠢᠨ᠎ᠠ᠃    ᠲᠡᠳᠡᠭᠡᠷ ᠤᠨᠲᠠᠯᠭ᠎ᠠ ᠳᠤ ᠲᠤᠰᠠᠲᠠᠢ ᠦᠢᠯᠡᠳᠬᠦᠨ ᠨᠢ ᠦᠨᠡᠬᠡᠷ ᠦᠢᠯᠡᠳᠦᠯ ᠲᠠᠢ ᠭᠡᠵᠦ ᠤᠤ︖    ︽ᠲᠧᠯᠠᠲ᠋ᠤᠨᠢᠨ ᠬᠤᠷᠮᠣᠨ ᠢᠶᠠᠷ ᠵᠢᠱᠢᠶᠡᠯᠡᠪᠡᠯ᠂ ᠲᠡᠷᠡ ᠨᠢ ᠤᠨᠲᠠᠬᠤ ᠦᠶᠡᠯᠡᠯ ᠤᠨ ᠬᠤᠭᠤᠴᠠᠭ᠎ᠠ ᠶᠢ ᠦᠨᠡᠬᠡᠷ ᠲᠣᠬᠢᠷᠠᠭᠤᠯᠵᠤ ᠴᠢᠳᠠᠨ᠎ᠠ᠂ ᠭᠡᠪᠡᠴᠦ ᠤᠷᠲᠤ ᠬᠤᠭᠤᠴᠠᠭ᠎ᠠ ᠪᠠᠷ ᠰᠥᠨᠢᠵᠢᠨ ᠰᠠᠭᠤᠭᠰᠠᠨ ᠠᠴᠠ ᠪᠣᠯᠵᠤ ᠲᠧᠯᠠᠲ᠋ᠤᠨᠢᠨ ᠬᠤᠷᠮᠣᠨ ᠤ ᠰᠢᠭᠦᠷᠡᠯᠲᠡ ᠰᠠᠮᠠᠭᠤᠷᠠᠭᠰᠠᠨ ᠬᠥᠮᠥᠰ ᠪᠤᠶᠤ ᠴᠠᠭ ᠤᠨ ᠵᠥᠷᠢᠶ᠎ᠡ ᠪᠠᠨ ᠠᠯᠳᠠᠭᠰᠠᠨ ᠬᠥᠮᠥᠰ ᠲᠤ ᠨᠡᠩ ᠲᠣᠬᠢᠷᠠᠮᠵᠢᠲᠠᠢ ᠪᠠᠶᠢᠵᠤ ᠮᠡᠳᠡᠨ᠎ᠡ︾ ᠭᠡᠵᠦ ᠯᠦ ᠯᠢᠨ ᠢᠯᠡᠷᠬᠡᠶᠢᠯᠡᠵᠡᠢ᠂ ᠲᠡᠷᠡ ᠪᠠᠰᠠ ᠤᠨᠲᠠᠭᠤᠯᠬᠤ ᠪᠦᠲᠦᠭᠡᠭᠳᠡᠬᠦᠨ ᠤ ᠦᠢᠯᠡᠳᠦᠯ ᠨᠢ ᠶᠡᠷᠦᠳᠡᠭᠡᠨ ᠬᠥᠮᠥᠨ ᠪᠣᠯᠭᠠᠨ ᠳᠤ ᠠᠳᠠᠯᠢ ᠪᠤᠰᠤ ᠪᠠᠶᠢᠳᠠᠭ᠂ ᠵᠢᠱᠢᠶᠡᠯᠡᠪᠡᠯ ᠳᠠᠷᠤᠯᠲᠠ᠂ ᠵᠣᠪᠠᠨᠢᠯ ᠠᠴᠠ ᠪᠣᠯᠵᠤ ᠨᠣᠶᠢᠷ ᠬᠤᠯᠵᠢᠬᠤ ᠳᠤ ᠭᠦᠷᠪᠡᠯ᠂ ᠲᠧᠯᠠᠲ᠋ᠤᠨᠢᠨ ᠬᠤᠷᠮᠣᠨ ᠤᠤᠭᠤᠭᠰᠠᠨ ᠴᠦ ᠦᠢᠯᠡᠳᠦᠯ ᠨᠢ ᠲᠡᠶᠢᠮᠦ ᠶᠡᠭᠡ ᠪᠢᠰᠢ ᠪᠠᠶᠢᠳᠠᠭ᠃ ᠡᠭᠦᠨ ᠤ ᠬᠠᠮᠲᠤ᠂ ᠵᠠᠬ᠎ᠠ ᠳᠡᠯᠭᠡᠭᠦᠷ ᠳᠡᠭᠡᠷᠡᠬᠢ ᠣᠯᠠᠩᠬᠢ ᠤᠨᠲᠠᠯᠭ᠎ᠠ ᠶᠢᠨ ᠬᠡᠮᠵᠢᠭᠦᠷᠯᠢᠭ ᠤᠨ ᠭᠤᠣᠯ ᠦᠢᠯᠡᠳᠦᠯ ᠤᠨ ᠤᠭ ᠶᠣᠰᠣ ᠨᠢ ᠪᠢᠴᠢᠯ ᠴᠠᠭᠢᠯᠭᠠᠨ ᠭᠦᠶᠦᠳᠡᠯ ᠤᠨ ᠰᠡᠳᠦᠯᠲᠡ ᠪᠠᠶᠢᠵᠤ᠂ ᠦᠷ᠎ᠡ ᠳ᠋ᠦᠩ ᠨᠢ ᠬᠠᠷᠠᠬᠠᠨ ᠲᠣᠳᠣᠷᠬᠠᠢ ᠦᠭᠡᠢ ᠪᠠᠶᠢᠭᠰᠠᠭᠠᠷ᠂ ᠵᠢᠷᠮᠦᠰᠦᠨ ᠡᠮᠡᠭᠲᠡᠢ ᠪᠠ ᠵᠢᠷᠦᠬᠡᠨ ᠯᠤᠭᠰᠢᠯᠲᠠ ᠶᠢᠨ ᠡᠭᠦᠰᠭᠡᠭᠦᠷ ᠬᠢᠭᠰᠡᠨ ᠵᠡᠷᠭᠡ ᠬᠥᠮᠥᠰ ᠲᠤ ᠴᠦ ᠬᠡᠷᠡᠭᠯᠡᠬᠦ ᠨᠢ ᠵᠣᠬᠢᠰ ᠦᠭᠡᠢ ᠭᠡᠵᠡᠢ᠃    ᠰᠡᠷᠢᠭᠰᠡᠨ ᠤ ᠪᠠᠨ ᠳᠠᠷᠠᠭ᠎ᠠ ᠥᠴᠥᠭᠡᠳᠦᠷ ᠰᠥᠨᠢ ᠶᠢᠨ ᠢᠶᠠᠨ ᠤᠨᠲᠠᠯᠭ᠎ᠠ ᠶᠢᠨ ᠲᠤᠭ᠎ᠠ ᠪᠠᠷᠢᠮᠲᠠ ᠶᠢ ᠬᠠᠷᠠᠬᠤ ᠎ ᠨᠢ ᠨᠢᠭᠡᠨᠲᠡ ᠮᠠᠰᠢ ᠤᠯᠠᠨ ᠬᠥᠮᠥᠰ ᠤᠨ ᠳᠠᠳᠬᠠᠯ ᠪᠣᠯᠤᠭᠰᠠᠨ ᠪᠠᠶᠢᠨ᠎ᠠ᠃    ᠡᠮᠦᠰᠴᠦ ᠵᠡᠭᠦᠬᠦ ᠮᠠᠶ᠋ᠢᠭ ᠤᠨ ᠤᠨᠲᠠᠯᠭ᠎ᠠ ᠶᠢ ᠬᠢᠨᠠᠨ ᠬᠡᠮᠵᠢᠬᠦ ᠲᠥᠬᠦᠭᠡᠷᠦᠮᠵᠢ ᠨᠢ ᠤᠨᠲᠠᠯᠭ᠎ᠠ ᠶᠢᠨ ᠪᠠᠶᠢᠳᠠᠯ ᠢ ᠣᠶᠢᠯᠠᠭᠠᠬᠤ ᠳᠤ ᠬᠠᠪᠰᠤᠷᠤᠮᠵᠢ ᠪᠣᠯᠵᠤ᠂ ᠤᠨᠲᠠᠯᠭ᠎ᠠ ᠶᠢᠨ ᠲᠤᠬᠠᠢ ᠥᠪᠡᠷᠮᠢᠴᠡ ᠰᠠᠨᠠᠭᠤᠯᠭ᠎ᠠ ᠬᠠᠩᠭᠠᠵᠤ ᠪᠣᠯᠣᠨ᠎ᠠ᠂ ᠭᠡᠪᠡᠴᠦ ᠡᠮᠴᠢᠯᠡᠭᠡᠨ ᠳᠤ ᠬᠡᠷᠡᠭᠯᠡᠬᠦ ᠣᠯᠠᠨ ᠳᠠᠮᠵᠢᠭᠤᠯᠤᠭᠴᠢ ᠶᠢᠨ ᠤᠨᠲᠠᠯᠭ᠎ᠠ ᠶᠢ ᠬᠢᠨᠠᠨ ᠬᠡᠮᠵᠢᠬᠦ ᠲᠥᠬᠦᠭᠡᠷᠦᠮᠵᠢ ᠲᠠᠢ ᠠᠳᠠᠯᠢᠳᠬᠠᠪᠠᠯ᠂ ᠲᠡᠭᠦᠨ ᠤ ᠮᠡᠷᠭᠡᠵᠢᠯ ᠪᠠ ᠪᠤᠳᠤᠬᠤ ᠠᠷᠭ᠎ᠠ ᠨᠢ ᠣᠳᠣᠬᠠᠨ ᠳᠤ ᠬᠠᠷᠠᠬᠠᠨ ᠪᠦᠷᠢᠡᠰᠢᠭᠡ ᠦᠭᠡᠢ ᠤᠴᠢᠷ ᠠᠴᠠ ᠪᠦᠷᠢᠮᠦᠰᠦᠨ ᠢᠲᠡᠭᠡᠵᠦ ᠪᠤᠯᠬᠤ ᠦᠭᠡᠢ ᠭᠡᠵᠦ ᠯᠦ ᠯᠢᠨ ᠲᠠᠨᠢᠯᠴᠠᠭᠤᠯᠤᠯ᠎ᠠ᠃    ᠪᠡᠭᠡᠵᠢᠩ ᠶᠡᠭᠡ ᠰᠤᠷᠭᠠᠭᠤᠯᠢ ᠶᠢᠨ ᠤᠨᠲᠠᠯᠭ᠎ᠠ ᠶᠢᠨ ᠰᠤᠳᠤᠯᠭᠠᠨ ᠤ ᠲᠥᠪ ᠤᠨ ᠡᠷᠭᠢᠯᠡᠭᠴᠢ ᠬᠠᠨ ᠹᠠᠩ ᠠᠴᠠ ᠤᠨᠲᠠᠭᠤᠯᠬᠤ ᠦᠢᠯᠡᠳᠬᠦᠨ ᠤ ᠭᠦᠢᠴᠡᠳᠬᠡᠯ ᠲᠤᠭ᠎ᠠ ᠪᠣᠯᠣᠨ ᠪᠣᠯᠵᠣᠯᠲᠤ ᠲᠤᠭ᠎ᠠ ᠳᠤ ᠬᠡᠲᠦᠷᠬᠡᠢ ᠲᠦᠰᠢᠭᠯᠡᠬᠦ ᠬᠡᠷᠡᠭ ᠦᠭᠡᠢ᠂ ᠥᠷᠯᠥᠭᠡ ᠪᠣᠰᠣᠭᠠᠳ ᠡᠷᠴᠢ ᠬᠦᠴᠦ ᠣᠷᠭᠢᠯᠤᠮ᠎ᠠ ᠪᠠᠶᠢᠪᠠᠯ ᠳᠠᠷᠤᠢ ᠰᠠᠶᠢᠨ ᠤᠨᠲᠠᠭᠰᠠᠨ ᠳᠤ ᠲᠣᠭᠠᠴᠠᠭᠳᠠᠨ᠎ᠠ ᠭᠡᠵᠦ ᠪᠠᠶᠢᠯ᠎ᠠ᠃    ᠠᠶᠢᠫᠤᠰ ᠯᠠᠪᠯᠠᠯᠲᠠ ᠶᠢᠨ ᠨᠡᠶᠢᠲᠡᠯᠡᠭᠰᠡᠨ ︽ᠤᠨᠲᠠᠭᠤᠯᠬᠤ ᠦᠢᠯᠡᠳᠬᠦᠨ ᠤ ᠵᠠᠬ᠎ᠠ ᠳᠡᠯᠭᠡᠭᠦᠷ ᠤᠨ ᠬᠥᠭᠵᠢᠯᠲᠡ ᠵᠢᠴᠢ ᠬᠡᠷᠡᠭᠯᠡᠭᠡᠨ ᠤ ᠬᠠᠨᠳᠤᠰᠢ ᠶᠢᠨ ᠲᠤᠬᠠᠢ ᠠᠵᠢᠭᠯᠠᠯᠲᠠ ᠮᠡᠳᠡᠭᠦᠯᠦᠯᠲᠡ︾᠎ ᠳᠤ ᠵᠢᠭᠠᠵᠤ ᠭᠠᠷᠭᠠᠭᠰᠠᠨ ᠢᠶᠠᠷ᠂ ᠣᠳᠣᠬᠠᠨ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠠᠵᠢᠯ ᠲᠥᠷᠥᠯ ᠤᠨ ᠬᠥᠭᠵᠢᠯᠲᠡ ᠨᠡᠯᠢᠶᠡᠳ ᠲᠠᠷᠠᠬᠠᠢ ᠪᠤᠲᠠᠷᠬᠠᠢ ᠪᠠᠶᠢᠵᠤ᠂ ᠭᠡᠷ ᠤᠨ ᠬᠡᠷᠡᠭᠰᠡᠯ᠂ ᠢᠳᠡᠭᠡᠨ ᠤ ᠵᠦᠢᠯ᠂ ᠰᠢᠨᠵᠢᠯᠡᠭᠡ ᠮᠡᠷᠭᠡᠵᠢᠯ᠂ ᠢᠨᠲ᠋ᠧᠷ ᠰᠦᠯᠵᠢᠶ᠎ᠡ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠳᠤ ᠴᠥᠮ ᠬᠤᠯᠪᠣᠭᠳᠠᠵᠤ ᠪᠠᠶᠢᠨ᠎ᠠ᠃ ᠬᠤᠳᠠᠯᠳᠤᠭᠠᠴᠢᠳ ᠪᠦᠲᠦᠭᠡᠭᠳᠡᠬᠦᠨ ᠤ ᠪᠠᠨ ᠶᠠᠰᠤ ᠴᠢᠨᠠᠷ ᠦᠢᠯᠡᠳᠦᠯ ᠢ ᠪᠠᠲᠤᠯᠠᠬᠤ ᠶᠢᠨ ᠬᠠᠮᠲᠤ ᠥᠰᠬᠡᠭᠡᠨ ᠳᠥᠰᠬᠡᠭᠡᠨ ᠲᠠᠢ ᠤᠬᠠᠭᠤᠯᠬᠤ ᠶᠢ ᠲᠡᠪᠴᠢᠵᠦ᠂ ᠪᠠᠷᠠᠭᠠᠨ ᠤ ᠦᠨ᠎ᠡ ᠶᠢ ᠬᠤᠳᠠᠯ ᠢᠶᠠᠷ ᠥᠰᠬᠡᠵᠦ᠂ ᠬᠡᠷᠡᠭᠯᠡᠭᠴᠢᠳ ᠲᠤ ᠢᠲᠡᠭᠡᠯ ᠤᠨ ᠬᠢᠮᠤᠷᠠᠯ ᠭᠠᠷᠬᠤ ᠠᠴᠠ ᠵᠠᠶᠢᠯᠠᠰᠬᠢᠬᠦ  ᠬᠡᠷᠡᠭᠲᠡᠢ ᠭᠡᠪᠡ᠃    ᠵᠢᠱᠢᠭᠰᠡᠨ ᠢᠶᠠᠷ᠂ 2030 ᠣᠨ ᠪᠤᠯᠬᠤ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠪᠦᠭᠦ᠋ᠢᠯᠡ ᠵᠠᠬ᠎ᠠ ᠳᠡᠯᠭᠡᠭᠦᠷ ᠤᠨ ᠬᠡᠪᠴᠢᠶ᠎ᠡ ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ᠃ ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠭᠢᠯᠡᠭᠴᠢᠳ ᠤᠨ ᠳᠠᠷᠤᠭ᠎ᠠ ᠬᠤᠸᠠᠩ ᡁᠢ ᠯᠢ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠢᠷᠡᠭᠡᠳᠦᠢ ᠶᠢᠨ ᠤᠨᠲᠠᠯᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠴᠢᠭᠯᠡᠯ ᠪᠣᠯᠣᠨ᠎ᠠ ᠭᠡᠵᠦ ᠢᠯᠡᠷᠬᠡᠶᠢᠯᠡᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠳᠠᠭᠠᠯᠳᠤᠨ ᠤᠨᠲᠠᠭᠤᠯᠬᠤ ᠦᠢᠯᠡᠳᠬᠦᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠂ ᠬᠡᠷᠬᠢᠨ AI ᠵᠡᠷᠭᠡ ᠰᠢᠨ᠎ᠡ ᠮᠡᠷᠭᠡᠵᠢᠯ ᠢ ᠠᠰᠢᠭᠯᠠᠨ ᠳᠠᠭᠤ᠂ ᠭᠡᠷᠡᠯ᠂ ᠴᠠᠭᠢᠯᠭᠠᠨ᠂ ᠰᠣᠷᠢᠨᠵᠢᠨ᠂ ᠳᠣᠷᠭᠢᠭᠤᠯᠤᠯᠲᠠ᠂ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠵᠡᠷᠭᠡ ᠵᠢᠷᠤᠮᠯᠠᠯ ᠢᠶᠠᠷ ᠳᠠᠮᠵᠢᠭᠤᠯᠤᠨ ᠤᠨᠲᠠᠯᠭ᠎ᠠ ᠶᠢ ᠰᠠᠶᠢᠵᠢᠷᠠᠭᠤᠯᠬᠤ ᠪᠤᠶ ᠭᠡᠳᠡᠭ ᠪᠣᠯ ᠢᠷᠡᠭᠡᠳᠦᠢ ᠶᠢᠨ ᠬᠦᠰᠡᠯ ᠪᠠᠷᠠᠯᠠᠯ ᠮᠥᠨ︾ ᠭᠡᠵᠡᠢ᠃    ᠤᠨᠲᠠᠯᠭ᠎ᠠ ᠳᠤ ᠵᠥᠪ ᠲᠠᠨᠢᠯᠲᠠ ᠲᠠᠢ ᠪᠠᠶᠢᠬᠤ ᠬᠡᠷᠡᠭᠲᠡᠢ    ᠰᠠᠶᠢᠨ ᠳᠠᠳᠬᠠᠯ ᠲᠠᠢ ᠪᠤᠯᠬᠤ ᠨᠢ ᠰᠠᠶᠢᠨ ᠵᠡᠭᠦᠳᠦ ᠶᠢᠨ ᠡᠬᠢᠯᠡᠯ ᠪᠠᠶᠢᠵᠤ ᠮᠡᠳᠡᠨ᠎ᠡ᠃ ᠡᠳᠦᠷ ᠲᠡᠭᠡᠨ ᠳᠠᠩᠴᠤ ᠶᠠᠭᠠᠷᠠᠤ ᠪᠣᠯᠬᠤᠷ ᠰᠥᠨᠢ ᠶᠢᠨ ᠴᠠᠭ ᠢᠶᠠᠨ ᠠᠰᠢᠭᠯᠠᠨ ᠭᠠᠷ ᠤᠲᠠᠰᠤ ᠤᠷᠤᠯᠳᠤᠬᠤ ᠨᠢ ᠮᠠᠰᠢ ᠤᠯᠠᠨ ᠵᠠᠯᠠᠭᠤᠴᠤᠳ ᠤᠨ ᠳᠠᠳᠬᠠᠯ ᠪᠣᠯᠵᠠᠢ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠥᠪᠡᠷ ᠲᠡᠭᠡᠨ ᠰᠦᠯᠵᠢᠶᠡᠨ ᠰᠢᠨᠤᠯ ᠢᠶᠠᠨ ᠲᠠᠶᠠᠭᠳᠠᠬᠤ ᠠᠴᠠ ᠭᠠᠳᠠᠨ᠎ᠠ᠂ ᠬᠥᠳᠡᠯᠮᠦᠷᠢᠴᠢᠳ ᠤᠨ ᠡᠳᠦᠷ ᠳᠤᠳᠤᠮ ᠤᠨ ᠳᠠᠷᠤᠭᠠᠰᠤ ᠶᠢ ᠬᠥᠩᠭᠡᠷᠡᠭᠦᠯᠵᠦ᠂ ᠭᠦᠢᠴᠡᠳ ᠠᠮᠠᠷᠠᠬᠤ ᠴᠠᠭ ᠢ ᠪᠠᠲᠤᠯᠠᠬᠤ ᠨᠢ ᠡᠬᠢ ᠡᠭᠦᠰᠦᠯ ᠠᠴᠠ ᠨᠢ ᠤᠨᠲᠠᠬᠤ ᠠᠴᠠ ᠡᠮᠦᠨᠡᠬᠢ ᠵᠠᠭᠤᠴᠢ ᠬᠡᠷᠡᠭᠯᠡᠬᠦ ᠶᠢ ᠪᠠᠭᠠᠰᠬᠠᠵᠤ ᠴᠢᠳᠠᠨ᠎ᠠ᠃   ︽ᠳᠤᠮᠳᠠᠳᠤ ᠤᠯᠤᠰ ᠤᠨ ᠤᠨᠲᠠᠯᠭ᠎ᠠ ᠶᠢᠨ ᠲᠤᠬᠠᠢ ᠰᠤᠳᠤᠯᠭᠠᠨ ᠤ ᠮᠡᠳᠡᠭᠦᠯᠦᠯᠲᠡ 2024︾᠎ ᠳᠤ ᠵᠢᠭᠠᠵᠤ ᠭᠠᠷᠭᠠᠭᠰᠠᠨ ᠢᠶᠠᠷ᠂ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠠᠵᠢᠯᠲᠠᠨ ᠤ ᠠᠵᠢᠯᠯᠠᠬᠤ ᠭᠠᠵᠠᠷ᠂ ᠴᠠᠭ᠂ ᠠᠷᠭ᠎ᠠ ᠮᠠᠶ᠋ᠢᠭ ᠨᠢ ᠬᠠᠷᠢᠴᠠᠩᠭᠤᠢ ᠪᠠᠷ ᠠᠮᠢᠳᠤᠯᠢᠭ ᠪᠠᠶᠢᠵᠤ᠂ ᠠᠵᠢᠯ ᠪᠠ ᠠᠮᠢᠳᠤᠷᠠᠯ ᠤᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ ᠤᠨᠲᠠᠯᠭ᠎ᠠ ᠶᠢᠨ ᠪᠠᠶᠢᠳᠠᠯ ᠨᠢ ᠠᠵᠢᠯ ᠤᠨ ᠨᠥᠯᠥᠭᠡ ᠶᠢ ᠨᠠᠩ ᠢᠯᠡᠭᠦᠦ ᠭᠦᠷᠳᠡᠳᠡᠭ᠃ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ ᠤᠨ ᠡᠷᠭᠢᠯᠡᠭᠴᠢ ᠯᠢᠦᠢ ᠭᠦᠸᠧ ᠴᠢᠤᠸᠠᠨ ᠰᠠᠨᠠᠭᠤᠯᠬᠤ ᠳᠠᠭᠠᠨ᠂ ︽ᠰᠦᠯᠵᠢᠶᠡᠨ ᠠᠴᠠ ᠰᠠᠯᠵᠤ ᠠᠮᠠᠷᠠᠬᠤ ᠡᠷᠬᠡ︾ ᠭᠡᠬᠦ ᠤᠬᠠᠭᠳᠠᠬᠤᠨ ᠢ ᠣᠷᠣᠭᠤᠯᠤᠨ ᠠᠪᠴᠢᠷᠠᠵᠤ᠂ ᠬᠥᠳᠡᠯᠮᠦᠷᠢᠴᠢᠳ ᠠᠵᠢᠯᠯᠠᠬᠤ ᠴᠠᠭ ᠠᠴᠠ ᠭᠠᠳᠠᠨ᠎ᠠ ᠲᠣᠭᠠᠨ ᠤ ᠪᠠᠭᠠᠵᠢ ᠪᠠᠷ ᠳᠠᠮᠵᠢᠭᠤᠯᠤᠨ ᠬᠠᠷᠢᠯᠴᠠᠬᠤ ᠪᠠ ᠠᠵᠢᠯ ᠰᠢᠢᠳᠪᠦᠷᠢᠯᠡᠬᠦ ᠶᠢ ᠲᠡᠪᠴᠢᠵᠦ᠂ ᠭᠦᠢᠴᠡᠳ ᠠᠮᠠᠷᠠᠬᠤ ᠶᠢ ᠪᠠᠲᠤᠯᠠᠬᠤ ᠡᠷᠬᠡ ᠲᠠᠢ ᠭᠡᠵᠡᠢ᠃    ᠰᠠᠶᠢᠨ ᠤᠨᠲᠠᠶ᠎ᠠ ᠭᠡᠪᠡᠯ ︽ᠵᠥᠪ ᠠᠵᠢᠯᠯᠠᠭ᠎ᠠ︾᠎ ᠲᠠᠢ ᠪᠠᠶᠢᠬᠤ ᠪᠠᠷ ᠪᠠᠷᠠᠬᠤ ᠦᠭᠡᠢ ᠪᠠᠰᠠ ᠤᠨᠲᠠᠯᠭ᠎ᠠ ᠶᠢᠨ ᠲᠤᠬᠠᠢ ︽ᠵᠥᠪ ᠲᠠᠨᠢᠯᠲᠠ︾᠎ ᠲᠠᠢ ᠪᠠᠶᠢᠬᠤ ᠬᠡᠷᠡᠭᠲᠡᠢ᠃ᠨᠣᠶᠢᠷ ᠬᠤᠯᠵᠢᠬᠤ ᠠᠴᠠ ᠠᠶᠤᠵᠤ ᠡᠮᠢᠶᠡᠬᠦ ᠨᠢ ᠵᠠᠷᠢᠮ ᠳᠠᠭᠠᠨ ᠨᠣᠶᠢᠷ ᠬᠤᠯᠵᠢᠬᠤ ᠠᠴᠠ ᠨᠠᠩ ᠠᠶᠤᠮᠰᠢᠭᠲᠠᠢ᠃    ︽ᠤᠨᠲᠠᠯᠭ᠎ᠠ ᠶᠢᠨ ᠡᠮᠴᠢ ᠪᠣᠯᠤᠭᠰᠠᠨ ᠤ ᠬᠤᠪᠢ ᠳᠤ ᠪᠢᠳᠡ ᠶᠡᠷᠦ ᠨᠢ ᠨᠣᠶᠢᠷ ᠬᠤᠯᠵᠢᠬᠤ ᠶᠢᠨ ᠬᠤᠣᠷ ᠬᠥᠨᠥᠭᠡᠯ ᠢ ᠳᠡᠮᠡᠢ ᠴᠢᠬᠤᠯᠠᠴᠢᠯᠠᠬᠤ ᠦᠭᠡᠢ ᠪᠤᠶᠤ ᠶᠡᠬᠡᠰᠬᠡᠳᠡᠭ ᠦᠭᠡᠢ᠂ ᠡᠰᠡ ᠲᠡᠭᠡᠪᠡᠯ ᠡᠪᠡᠳᠴᠢᠲᠡᠨ ᠢ ᠠᠳᠡᠭᠦᠷᠡᠯ ᠵᠦᠭ ᠬᠥᠲᠥᠯᠵᠦ᠂ ᠲᠡᠳᠡᠨ ᠢᠶᠠᠷ ᠨᠣᠶᠢᠷ ᠬᠤᠯᠵᠢᠬᠤ ᠶᠠᠪᠤᠳᠠᠯ ᠢ ᠲᠠᠰᠤᠷᠠᠯᠲᠠ ᠦᠭᠡᠢ ᠠᠩᠬᠠᠷᠤᠭᠤᠯᠳᠠᠭ ᠮᠥᠷᠲᠡᠭᠡᠨ ᠨᠣᠶᠢᠷ ᠬᠤᠯᠵᠢᠬᠤ ᠬᠡᠮᠵᠢᠶ᠎ᠡ ᠶᠢ ᠨᠢ ᠬᠦᠨᠳᠦᠷᠡᠭᠦᠯᠳᠡᠭ︾ ᠭᠡᠵᠦ ᠱᠧᠨᠵᠧᠨ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠡᠷᠭᠢᠯᠡᠭᠴᠢ ᠡᠮᠴᠢ ᠸᠠᠩ ᠶᠠᠩ ᠲᠠᠨᠢᠯᠴᠠᠭᠤᠯᠪᠠ᠃ ᠲᠡᠷᠡ ᠪᠠᠰᠠ ᠤᠨᠲᠠᠯᠭ᠎ᠠ ᠶᠢᠨ ᠲᠤᠬᠠᠢ ᠵᠥᠪ ᠪᠤᠰᠤ ᠲᠠᠨᠢᠯᠲᠠ ᠨᠢ ᠲᠦᠷᠭᠡᠨ ᠴᠢᠨᠠᠷᠲᠠᠢ ᠨᠣᠶᠢᠷ ᠬᠤᠯᠵᠢᠬᠤ ᠶᠢ ᠣᠷᠳᠣ ᠬᠤᠭᠤᠴᠠᠭ᠎ᠠ ᠪᠠᠷ ᠨᠣᠶᠢᠷ ᠬᠤᠯᠵᠢᠬᠤ ᠪᠤᠯᠭᠠᠵᠤ ᠮᠡᠳᠡᠨ᠎ᠡ᠃ ᠡᠶᠢᠮᠦ ᠠᠴᠠ ᠨᠣᠶᠢᠷ ᠬᠤᠯᠵᠢᠭᠰᠠᠨ ᠰᠢᠯᠲᠠᠭᠠᠨ ᠤ ᠲᠤᠬᠠᠢ ᠪᠣᠳᠣᠯᠭᠠᠰᠢᠷᠠᠯ ᠠᠴᠠ ᠠᠩᠭᠢᠵᠢᠷᠠᠵᠤ᠂ ᠭᠡᠲᠦᠷᠡᠮᠡᠳᠡᠭᠡᠢ ᠠᠶᠤᠵᠤ ᠵᠣᠪᠠᠭ᠋ᠤ ᠪᠠᠶᠢᠳᠠᠯ ᠡᠭᠦᠰᠬᠦ ᠎ ᠠᠴᠠ ᠵᠠᠶᠢᠯᠠᠰᠬᠢᠬᠦ ᠬᠡᠷᠡᠭᠲᠡᠢ᠃    ︽ᠥᠩᠭᠡᠷᠡᠭᠰᠡᠨ ᠳᠤ ᠮᠠᠰᠢ ᠣᠯᠠᠨ ᠬᠥᠮᠥᠰ ᠤᠨᠲᠠᠬᠤ ᠠᠰᠠᠭᠤᠳᠠᠯ ᠠᠴᠠ ᠵᠠᠶᠢᠯᠠᠳᠠᠭ᠂ ᠪᠠᠶᠠᠷᠯᠠᠭᠤᠰᠢᠲᠠᠢ ᠨᠢ ᠰᠤᠷᠭᠠᠭᠤᠯᠢ᠂ ᠨᠡᠶᠢᠭᠡᠮ ᠲᠣᠭᠤᠷᠢᠭ ᠤᠨ ᠰᠡᠳᠬᠢᠴᠡ ᠶᠢᠨ ᠯᠠᠪᠯᠠᠯᠲᠠ ᠶᠢᠨ ᠲᠠᠰᠤᠭ ᠤᠨ ᠲᠦᠭᠡᠮᠡᠯᠵᠢᠬᠦ ᠵᠢᠴᠢ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠡᠭᠦᠳᠡᠨ ᠡᠮᠨᠡᠯᠭᠡ ᠶᠢᠨ ᠪᠤᠢ ᠪᠤᠯᠬᠤ ᠶᠢ ᠳᠠᠭᠠᠯᠳᠤᠨ᠂ ᠤᠨᠲᠠᠯᠭ᠎ᠠ ᠶᠢᠨ ᠴᠢᠬᠤᠯᠠ ᠴᠢᠨᠠᠷ ᠢ ᠬᠥᠮᠥᠰ ᠤᠯᠠᠮ ᠠᠴᠠ ᠤᠯᠠᠮ ᠲᠠᠨᠢᠵᠤ ᠡᠬᠢᠯᠡᠵᠡᠢ︾ ᠭᠡᠵᠦ ᠯᠦ ᠯᠢᠨ ᠶᠠᠷᠢᠯ᠎ᠠ᠃ ᠬᠦᠨᠳᠦ ᠨᠣᠴᠢᠲᠠᠢ ᠤᠨᠲᠠᠯᠭ᠎ᠠ ᠶᠢᠨ ᠠᠰᠠᠭᠤᠳᠠᠯ ᠭᠠᠷᠤᠭᠰᠠᠨ ᠡᠪᠡᠳᠴᠢᠲᠡᠨ ᠴᠠᠭ ᠲᠤᠬᠠᠢ ᠳᠤᠨᠢ ᠡᠮᠨᠡᠭᠦᠯᠭᠦ ᠶᠢᠨ ᠬᠠᠮᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠰᠠᠶᠢᠨ ᠰᠠᠶᠢᠬᠠᠨ ᠠᠮᠢᠳᠤᠷᠠᠯ ᠤᠨ ᠪᠠ ᠤᠨᠲᠠᠯᠭ᠎ᠠ ᠶᠢᠨ ᠳᠠᠳᠬᠠᠯ ᠢ ᠪᠤᠶ ᠪᠤᠯᠭᠠᠬᠤ ᠬᠡᠷᠡᠭᠲᠡᠢ᠂ ᠡᠭᠦᠨ ᠳᠤ ᠤᠨᠲᠠᠬᠤ ᠠᠴᠠ ᠪᠠᠨ ᠡᠮᠦᠨ᠎ᠡ ᠰᠠᠨᠠᠭ᠎ᠠ ᠰᠡᠳᠬᠢᠯ ᠢᠶᠠᠨ ᠲᠠᠶᠢᠪᠤᠰᠢᠷᠠᠭᠤᠯᠬᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠤᠭᠤᠯᠠᠯᠠᠬᠤ᠂ ᠲᠣᠬᠢᠷᠠᠮᠵᠢᠲᠠᠢ ᠬᠥᠳᠡᠯᠭᠡᠭᠡᠨ ᠬᠢᠵᠦ ᠪᠣᠯᠪᠠᠰᠤᠷᠠᠬᠤ ᠵᠡᠷᠭᠡ ᠪᠠᠭᠲᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号