ᠮᠠᠨ ᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ  ᠤᠨ ᠳᠤᠮᠳᠠᠴᠢ ᠲᠦᠪᠰᠢᠨ ᠠᠴᠠ ᠳᠠᠪᠠᠪᠠ
ᠨᠡᠶᠢᠲᠡᠯᠡᠭᠰᠡᠨ ᠴᠠᠭ᠄
2024/5/17
    ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 4 ᠰᠠᠷ᠎ᠠ ᠳᠤ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠴᠢᠩᠭ᠎ᠠ ᠬᠦᠴᠦᠲᠡᠢ ᠤᠶᠠᠨ ᠬᠠᠳᠠᠨ ᠴᠢᠨᠠᠷ ᠢᠶᠠᠨ ᠢᠯᠡᠷᠡᠭᠦᠯᠵᠦ᠂ ᠭᠠᠳᠠᠭᠠᠳᠤ ᠣᠷᠣᠭᠤᠯᠤᠯᠳᠡ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ  ᠤᠨ ᠳᠤᠮᠳᠠᠴᠢ ᠲᠦᠪᠰᠢᠨ ᠠᠴᠠ ᠳᠠᠪᠠᠪᠠ᠃ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ 4 ᠰᠠᠷ᠎ᠠ  ᠳᠤ ᠮᠠᠨ ᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 660.3 ᠳ᠋ᠦᠩᠰᠢᠭᠤᠷ ᠲᠥᠭᠦᠷᠢᠭ  ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 3.1 ᠬᠤᠪᠢ ᠳᠠᠪᠠᠪᠠ᠃    ᠡᠨᠡ ᠵᠢᠯ ᠤᠨ ᠲᠦᠷᠦᠭᠦᠤ 4 ᠰᠠᠷ᠎ᠠ ᠳᠤ ᠮᠠᠨ ᠤ ᠣᠷᠣᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 242.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.2 ᠬᠤᠪᠢ ᠲᠠᠪᠠᠵᠠᠢ᠃ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ 417.8 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ  ᠠᠴᠠ ᠵᠠᠭᠤᠨ ᠤ ᠬᠠᠷᠢᠴᠠᠯ ᠢᠶᠠᠷ 3.3 ᠬᠤᠪᠢ ᠳᠠᠪᠠᠪᠠ᠃    ᠤᠯᠠᠭᠠᠨᠬᠠᠳᠠ ᠪᠠ ᠲᠦᠩᠯᠢᠶᠣᠣ ᠬᠤᠶᠠᠷ ᠬᠤᠳᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠢᠯᠡᠳᠲᠡ ᠪᠠᠶᠢᠵᠤ᠂ ᠡᠨᠡ ᠵᠢᠯ ᠤᠨ ᠲᠦᠷᠦᠭᠦᠦ ᠤᠯᠠᠷᠢᠯ ᠳᠤ ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶᠠᠨ  ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 74.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 53.6% ᠪᠠᠷ ᠨᠡᠮᠡᠭᠳᠡᠨ᠂ ᠪᠦᠭᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶᠡᠨ ᠤ 15.7% ᠶᠢ ᠡᠵᠡᠯᠡᠵᠡᠢ᠃ ᠡᠭᠦᠨ ᠳᠤ ᠭᠠᠳᠠᠭᠠᠳᠤ ᠭᠠᠷᠭᠠᠯᠲᠠ  ᠶᠢᠨ ᠬᠡᠮᠵᠢᠶ᠎ᠡ ᠨᠢ 9.3 ᠳ᠋ᠦᠩᠰᠢᠭᠤᠷ ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 27.4% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠨᠢ 65 ᠳ᠋ᠦᠩᠰᠢᠭᠤᠷ ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 58.3% ᠪᠠᠷ ᠨᠡᠮᠡᠭᠳᠡᠪᠡ᠃ ᠡᠨᠡ ᠵᠢᠯ ᠤᠨ ᠲᠦᠷᠤᠭᠦᠦ ᠤᠯᠠᠷᠢᠯ  ᠳᠤ ᠲᠦᠩᠯᠢᠶᠣᠣ ᠬᠤᠳᠠ ᠶᠢᠨ ᠭᠠᠳᠠᠭᠠᠳᠤ ᠠᠷᠠᠯᠵᠢᠶ᠎ᠠ ᠰᠠᠶᠢᠨ ᠡᠭᠢᠯᠡᠯᠲᠡ ᠲᠠᠢ ᠪᠠᠶᠢᠵᠤ᠂ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠶᠡᠷᠦᠩᠬᠡᠢ ᠬᠡᠮᠵᠢᠶ᠎ᠡ ᠨᠢ 13.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号