ᠲᠡᠮᠡᠭᠡᠨ ᠬᠢᠷᠭᠤᠣᠯ ᠨᠡᠯᠢᠶᠡᠳ ᠥᠨᠳᠥᠷ ᠠᠵᠤ ᠠᠬᠤᠢ ᠶᠢᠨ ᠦᠨ᠎ᠡ ᠥᠷᠲᠡᠭ ᠪᠠ ︽ᠳᠡᠵᠢᠬᠡᠯ ᠪᠣᠷᠳᠤᠭ᠎ᠠ | ᠠᠷᠪᠢᠯᠠᠬᠤ︾ ᠣᠨᠴᠠᠯᠢᠭ ᠲᠠᠢ ᠪᠠᠶᠢᠵᠤ᠂ ᠲᠡᠮᠡᠭᠡᠨ ᠬᠢᠷᠭᠤᠤᠯ ᠤᠨ ᠠᠵᠤ ᠦᠢᠯᠡᠰ ᠨᠢ ᠰᠢᠨ᠎ᠡ ᠪᠠᠷ ᠬᠥᠭᠵᠢᠭᠰᠡᠨ | ᠠᠵᠤ ᠦᠢᠯᠡᠰ ᠪᠣᠯᠤᠭᠰᠠᠨ ᠤ ᠬᠤᠪᠢ ᠳᠤ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠠᠭᠤᠯᠤᠭᠳᠠᠵᠤ | ᠪᠠᠶᠢᠨ᠎ᠠ᠃ ᠮᠠᠨ ᠤ ᠠᠶᠢᠮᠠᠭ ᠤᠨ ᠲᠡᠮᠡᠭᠡᠨ ᠬᠢᠷᠭᠤᠤᠯ ᠤᠨ ᠤᠨᠴᠠᠯᠢᠬᠳᠤ ᠠᠵᠤ ᠦᠢᠯᠡᠰ ᠤᠨ ᠲᠣᠭᠲᠠᠭᠤᠨ ᠢᠶᠠᠷ | ᠬᠥᠭᠵᠢᠬᠦ ᠶᠢ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ | ᠥᠷᠭᠡᠳᠬᠡᠬᠦ ᠶᠢᠨ ᠲᠥᠯᠥᠭᠡ᠂ ᠣᠨᠴᠠᠭᠠᠶᠢᠯᠠᠨ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠬᠤ ᠶᠢ ᠳᠡᠮᠵᠢᠨ᠎ᠡ | ︵ᠨᠢᠭᠡ︶ ᠲᠡᠮᠡᠭᠡᠨ ᠬᠢᠷᠭᠤᠤᠯ ᠤᠨ ᠡᠭᠦᠯᠳᠡᠷ ᠤᠨ ᠲᠠᠯᠠᠪᠠᠶ ᠶᠢ ᠪᠥᠲᠥᠭᠡᠨ ᠪᠠᠶᠢᠭᠤᠯᠬᠤ ᠶᠢ ᠳᠡᠮᠵᠢᠨ᠎ᠡ᠃ | ᠲᠡᠮᠡᠭᠡᠨ ᠬᠢᠷᠭᠤᠤᠯ ᠤᠨ ᠠᠵᠤ ᠠᠬᠤᠶᠢᠯᠠᠯ ︵ᠬᠤᠷᠰᠢᠶᠠᠵᠢᠯ︶ ᠤᠨ ᠦᠨᠳᠦᠷ ᠪᠠᠷᠢᠮᠵᠢᠶ᠎ᠠ ᠶᠣᠰᠣᠭᠠᠷ ᠲᠡᠮᠡᠭᠡᠨ | ᠬᠢᠷᠭᠤᠤᠯ ᠤᠨ ᠡᠭᠦᠯᠳᠡᠷ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠵᠤ᠂ ᠰᠢᠯᠢᠳᠡᠭ ᠡᠭᠦᠯᠳᠡᠷ ᠢ ᠣᠷᠣᠭᠤᠯᠤᠨ | ᠠᠪᠴᠢᠷᠠᠵᠤ᠂ ᠰᠢᠨ᠎ᠡ ᠪᠠᠷ ᠪᠠᠶᠢᠭᠤᠯᠤᠭᠰᠠᠨ ᠬᠠᠰᠢᠶ᠎ᠠ ᠰᠠᠷᠠᠪᠴᠢ ᠶᠢᠨ ᠲᠠᠯᠠᠪᠠᠶ ᠨᠢ 60 ᠮᠦ ᠠᠴᠠ ᠳᠡᠭᠡᠭᠰᠢᠬᠢ | ᠲᠡᠮᠡᠭᠡᠨ ᠬᠢᠷᠭᠤᠤᠯ ᠤᠨ ᠡᠭᠦᠯᠳᠡᠷ ᠤᠨ ᠲᠠᠯᠠᠪᠠᠶ ᠵᠢᠴᠢ ᠴᠢᠨᠠᠷ ᠰᠠᠶᠢᠲᠠᠶ ᠲᠡᠮᠡᠭᠡᠨ ᠬᠢᠷᠭᠤᠤᠯ ᠤᠨ ᠡᠭᠦᠯᠳᠡᠷ | ᠪᠣᠶᠢᠵᠢᠭᠤᠯᠬᠤ ᠠᠵᠤ ᠠᠬᠤᠶᠢᠯᠠᠯ ︵ᠬᠤᠷᠰᠢᠶᠠᠵᠢᠯ︶ ᠢ ᠣᠷᠣᠭᠤᠯᠣᠭᠰᠠᠨ᠂ ᠰᠠᠭᠤᠷᠢ ᠲᠥᠬᠦᠭᠡᠷᠦᠮᠵᠢ ᠪᠠ ᠮᠠᠰᠢᠨ | ᠲᠥᠬᠦᠭᠡᠷᠦᠮᠵᠢ ᠶᠢᠨ ᠪᠠᠯᠠ ᠣᠷᠣᠭᠤᠯᠣᠭᠰᠠᠨ ᠶᠡᠷᠦᠩᠬᠡᠶ ᠲᠤᠭ᠎ᠠ ᠶᠢᠨ 20% ᠪᠠᠷ ᠨᠢᠭᠡ ᠯᠡ ᠤᠳᠠᠭᠠᠨ ᠤ ᠴᠢᠨᠠᠷᠲᠠᠶ | ᠨᠥᠬᠦᠪᠥᠷᠢ ᠣᠯᠭᠤᠵᠤ᠂ ᠣᠷᠣᠭᠤᠯᠵᠤ ᠠᠪᠴᠢᠷᠠᠭᠰᠠᠨ ᠴᠢᠨᠠᠷ ᠰᠠᠶᠢᠲᠠᠶ ᠲᠡᠮᠡᠭᠡᠨ ᠬᠢᠷᠭᠤᠤᠯ ᠤᠨ ᠡᠬᠦᠯᠳᠡᠷ | ᠪᠣᠶᠢᠵᠢᠭᠤᠯᠬᠤ ᠠᠵᠤ ᠠᠬᠤᠶᠢᠯᠠᠯ ︵ᠬᠤᠷᠰᠢᠶᠠᠵᠢᠯ︶ ᠪᠦᠷᠢ ᠳᠤ 3000 ᠳᠦᠭᠦᠷᠢᠭ ᠤᠨ ᠨᠦᠬᠦᠪᠦᠷᠢ ᠣᠯᠭᠤᠵᠦ᠂ | ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠬᠡᠢ᠃ | ︵ᠬᠤᠶᠠᠷ︶ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ | ᠪᠠᠷᠢᠭᠰᠠᠨ ᠲᠡᠮᠡᠭᠡᠨ ᠬᠢᠷᠭᠤᠤᠯ ᠢ ᠪᠣᠶᠢᠵᠢᠭᠤᠯᠬᠤ ᠲᠠᠰᠤᠭ ︵ᠪᠣᠶᠢᠵᠢᠭᠤᠯᠬᠤ ᠲᠦᠬᠦᠭᠡᠷᠦᠮᠵᠢ︶ ᠲᠤ ᠲᠡᠭᠰᠢ | ᠳᠥᠷᠪᠡᠯᠵᠢᠨ ᠮᠧᠲᠷ ᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ | ᠥᠭᠭᠦᠨ᠎ᠡ᠃ | ᠬᠤᠶᠠᠷ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ | ︵ᠭᠤᠷᠪᠠ︶ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠲᠡᠮᠡᠭᠡᠨ | ᠬᠢᠷᠭᠤᠤᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠠᠵᠤ ᠠᠬᠤᠶᠢᠯᠠᠯ | ︵ᠬᠤᠷᠰᠢᠶᠠᠵᠢᠯ︶ ᠤᠨ ᠬᠢᠨ ᠤ ᠬᠤᠳᠠᠯᠳᠣᠭᠠᠨ ᠤ ᠵᠣᠷᠢᠭᠤᠯᠣᠯᠳᠠ ᠪᠦᠬᠦᠢ ᠲᠡᠮᠡᠭᠡᠨ ᠬᠢᠷᠭᠤᠤᠯ ᠤᠨ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠳᠡᠮᠵᠢᠨ᠎ᠡ᠃ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠳᠡᠰ ᠳᠡᠪᠰᠢᠭᠦᠯᠬᠦ ᠳᠤ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢ ᠠᠪᠴᠤ᠂ | ᠬᠠᠰᠢᠶ᠎ᠠ ᠨᠢᠭᠡᠪᠦᠷᠢ ᠳᠤ ᠰᠠᠭᠤᠷᠢ ᠳᠦᠭᠦᠭᠡᠷᠦᠮᠵᠢ ᠪᠠ ᠮᠠᠰᠢᠨ ᠲᠥᠬᠦᠭᠡᠷᠦᠮᠵᠢ ᠶᠢᠨ ᠪᠡᠯᠡ ᠣᠷᠣᠭᠤᠯᠣᠭᠰᠠᠨ | ᠶᠡᠷᠦᠩᠬᠡᠶ ᠲᠤᠭ᠎ᠠ ᠶᠢᠨ 10% ᠪᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ | ︵ᠲᠦᠷᠪᠡ︶ ᠳᠤᠮᠳᠠ ᠪᠠᠭ᠎ᠠ ᠲᠡᠵᠢᠭᠡᠨ ᠦᠷᠡᠵᠢᠭᠦᠯᠬᠦ ᠡᠷᠦᠬᠡ ᠶᠢᠨ ᠬᠥᠭᠵᠢᠯᠲᠡ ᠶᠢ ᠲᠡᠳᠬᠦᠨ᠎ᠡ᠃ ︽ | ᠬᠥᠲᠥᠴᠢ ᠠᠵᠤ ᠠᠬᠤᠶᠢᠯᠠᠯ+ ᠬᠤᠷᠰᠢᠶᠠᠵᠢᠯ+ ᠮᠠᠯᠵᠢᠬᠤ ᠲᠠᠷᠢᠶᠠᠯᠠᠬᠤ ᠡᠷᠦᠬᠡ︾ ᠡᠵᠡᠩᠨᠡᠯᠲᠡ ᠶᠢᠨ ᠵᠠᠭᠪᠤᠷ ᠢ | ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠮᠠᠯᠵᠢᠬᠤ ᠲᠠᠷᠢᠶᠠᠯᠠᠬᠤ ᠡᠷᠦᠬᠡ ᠶᠢᠨ | ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠠᠭᠤᠷᠠᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠶᠢ ᠵᠣᠷᠢᠭᠵᠢᠭᠤᠯᠵᠤ | ᠪᠠᠶᠢᠭᠠᠳ ᠲᠤᠬᠠᠶ ᠶᠢᠨ ᠭᠠᠵᠠᠷ ᠠᠴᠠ ᠪᠠᠨ ᠵᠣᠯᠵᠠᠭ᠎ᠠ ᠬᠤᠳᠠᠯᠳᠤᠨ ᠠᠪᠤᠭᠤᠯᠵᠤ᠂ 100 ᠠᠴᠠ ᠢᠯᠡᠬᠦᠦ | ᠵᠣᠯᠵᠠᠭ᠎ᠠ ᠬᠤᠳᠠᠯᠳᠤᠨ ᠠᠪᠤᠭᠤᠯᠤᠭᠰᠠᠨ ᠪᠣᠯ ᠵᠣᠯᠵᠠᠭ᠎ᠠ ᠨᠢᠭᠡᠪᠦᠷᠢ ᠳᠤ 100 ᠲᠥᠭᠦᠷᠢᠭ ᠤᠨ ᠨᠥᠬᠦᠪᠥᠷᠢ | ᠣᠯᠭᠤᠨ᠎ᠠ᠃ ᠠᠵᠤ ᠠᠬᠤᠶᠢᠯᠠᠯ — ᠮᠠᠯᠴᠢᠨ ᠲᠠᠷᠢᠶᠠᠴᠢᠨ ᠡᠷᠦᠬᠡ ︽ᠲᠡᠮᠡᠭᠡᠨ ᠬᠢᠷᠭᠤᠤᠯ ᠢ ᠣᠷᠣᠯᠠᠨ ᠲᠡᠵᠢᠭᠡᠬᠦ︾ | ᠳᠦᠷᠢᠮ ᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠬᠢᠭᠡᠳ ᠬᠤᠷᠰᠢᠶᠠᠵᠢᠯ᠂ ᠮᠠᠯᠴᠢᠨ ᠲᠠᠷᠢᠶᠠᠴᠢᠨ ᠡᠷᠦᠬᠡ | ᠣᠷᠣᠯᠠᠨ ᠲᠡᠵᠢᠭᠡᠬᠦ ᠬᠡᠯᠡᠯᠴᠡᠭᠡᠷ ᠲᠣᠭᠲᠠᠭᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠠᠴᠠ ᠰᠠᠶᠢᠨ ᠡᠭᠦᠯᠳᠡᠷ᠂ | ᠮᠡᠷᠭᠡᠵᠢᠯ᠂ ᠬᠢᠵᠢᠭ ᠢ ᠰᠡᠷᠭᠡᠶᠢᠯᠡᠬᠦ᠂ ᠲᠡᠵᠢᠭᠡᠯ ᠪᠣᠷᠳᠤᠭ᠎ᠠ ᠨᠠᠶᠢᠷᠠᠭᠤᠯᠵᠤ᠂ ᠨᠢᠲᠤᠯᠬᠤ᠂ ᠪᠣᠯᠪᠠᠰᠣᠷᠠᠭᠤᠯᠬᠤ᠂ | ᠪᠣᠷᠣᠯᠠᠭᠤᠯᠬᠤ ᠶᠢ ᠨᠢᠭᠡᠳᠦᠯᠲᠡᠶ ᠬᠠᠩᠭᠠᠨ᠎ᠠ᠃ | ᠭᠤᠷᠪᠠ᠂ ᠠᠵᠤ ᠦᠢᠯᠡᠰ ᠤᠨ ᠪᠣᠯᠪᠠᠰᠤᠷᠠᠭᠤᠯᠬᠤ ᠰᠢᠰᠲ᠋ᠧᠮᠵᠢ ᠪᠠᠶᠢᠭᠤᠯᠬᠤ ᠶᠢ ᠳᠡᠮᠵᠢᠨ᠎ᠡ | ︵ᠲᠠᠪᠤ︶ ᠠᠵᠤ ᠦᠢᠯᠡᠰ ᠤᠨ ᠪᠣᠯᠪᠠᠰᠤᠷᠠᠭᠤᠯᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠣᠨᠣᠪᠴᠢᠳᠠᠢ ᠪᠠᠷ | ᠬᠤᠳᠠᠯᠳᠤᠭᠠᠴᠢᠨ ᠤᠷᠢᠵᠦ᠂ ᠠᠵᠢᠯ ᠲᠥᠷᠥᠯ ᠤᠨ ᠬᠦᠳᠦᠴᠢ ᠠᠵᠤ ᠠᠬᠤᠶᠢᠯᠠᠯ ᠢ ᠶᠡᠬᠡᠪᠡᠷ ᠣᠷᠣᠭᠤᠯᠤᠨ | ᠠᠪᠴᠢᠷᠠᠵᠤ ᠠᠯᠠᠱᠠ ᠠᠶᠢᠮᠠᠭ ᠲᠤ ᠲᠡᠮᠡᠭᠡᠨ ᠬᠢᠷᠭᠤᠤᠯ ᠢ ᠨᠠᠷᠢᠯᠢᠭ ᠭᠦᠨᠵᠡᠭᠡᠶ ᠪᠣᠯᠪᠠᠰᠣᠷᠠᠭᠤᠯᠬᠤ ᠶᠢ ᠬᠦᠭᠵᠢᠬᠦᠯᠦᠨ᠎ᠡ᠃ | ᠰᠢᠨ᠎ᠡ ᠪᠠᠷ ᠪᠠᠶᠢᠭᠤᠯᠤᠭᠰᠠᠨ ᠨᠢᠲᠤᠯᠬᠤ ᠲᠠᠯᠠᠪᠠᠢ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠵᠢᠴᠢ | ᠮᠢᠬ᠎ᠠ᠂ ᠥᠨᠳᠡᠭᠡ᠂ ᠨᠣᠣᠰᠣ᠂ ᠠᠷᠠᠰᠤ ᠵᠡᠷᠭᠡ ᠲᠡᠮᠡᠭᠡᠨ ᠬᠢᠷᠭᠤᠤᠯ ᠤᠨ ᠠᠵᠤ ᠦᠢᠯᠡᠰ ᠤᠨ ᠨᠠᠷᠢᠯᠢᠭ | ᠪᠣᠯᠪᠠᠰᠤᠷᠠᠭᠤᠯᠬᠤ ᠦᠢᠯᠡᠳᠪᠦᠷᠢ ᠳᠤ ᠪᠡᠯᠡ ᠣᠷᠣᠭᠤᠯᠤᠭᠰᠠᠨ ᠶᠡᠷᠦᠩᠬᠡᠢ ᠲᠣᠭᠠᠨ ᠤ 10% ᠪᠠᠷ ᠨᠢᠭᠡ ᠯᠡ | ᠤᠳᠠᠭ᠎ᠠ ᠶᠢᠨ ᠴᠢᠨᠠᠷᠲᠠᠢ ᠨᠥᠬᠦᠪᠥᠷᠢ ᠥᠭᠴᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ᠃ | ︵ᠵᠢᠷᠭᠤᠭ᠎ᠠ︶ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠥᠲᠥᠴᠢ ᠠᠵᠤ | ᠠᠬᠤᠶᠢᠯᠠᠯ ᠢ ᠪᠤᠶᠢᠵᠢᠭᠤᠯᠬᠤ ᠶᠢ ᠠᠵᠤ ᠦᠢᠯᠡᠰ ᠢ ᠬᠥᠭᠵᠢᠭᠦᠯᠬᠦ ᠰᠢᠪᠲᠤᠯᠤᠯᠲᠠ ᠪᠣᠯᠭᠠᠵᠤ᠂ ᠠᠵᠤ ᠠᠬᠤᠶᠢᠯᠠᠯ ᠢ | ᠵᠣᠷᠢᠭᠵᠢᠭᠤᠯᠵᠤ ᠪᠠᠶᠢᠭᠠᠳ ᠡᠯ᠎ᠡ ᠱᠠᠲᠤᠨ ᠤ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ | ᠭᠤᠶᠤᠴᠢᠯᠠᠨ ᠮᠡᠳᠡᠭᠦᠯᠬᠦ ᠬᠡᠷᠡᠭᠲᠡᠶ᠃ ᠲᠡᠮᠡᠭᠡᠨ ᠬᠢᠷᠭᠤᠤᠯ ᠤᠨ ᠠᠵᠤ ᠦᠢᠯᠡᠰ ᠤᠨ ᠠᠵᠤ ᠠᠬᠤᠶᠢᠯᠠᠯ ᠨᠢ | ᠤᠯᠤᠰ ᠤᠨ ᠲᠠᠰ ᠤᠨ ᠲᠠᠷᠢᠶᠠᠯᠠᠩ ᠤᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ | ᠠᠩᠬ᠎ᠠ ᠦᠨᠡᠯᠡᠭᠳᠡᠪᠡᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ | ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ | ᠠᠵᠤ ᠠᠬᠤᠶᠢᠯᠠᠯ ᠢᠶᠠᠷ ᠠᠩᠬ᠎ᠠ ᠦᠨᠡᠯᠡᠭᠳᠡᠭᠰᠡᠨ ᠪᠣᠯ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ | ᠱᠠᠩᠨᠠᠨ᠎ᠠ᠃ | ᠳᠥᠷᠪᠡ᠂ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ | ︵ᠲᠤᠯᠤᠭ᠎ᠠ︶ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠶᠢ ᠬᠦᠭᠵᠢᠬᠦᠯᠬᠦ ᠶᠢ ᠳᠡᠮᠵᠢᠨ᠎ᠡ᠃ ᠲᠡᠵᠢᠭᠡᠬᠦ ᠶᠢᠨ | ᠲᠥᠯᠥᠭᠡ ᠳᠠᠷᠢᠬᠤ᠂ ᠳᠠᠷᠢᠵᠤ ᠲᠡᠵᠢᠭᠡᠬᠦ ᠶᠢ ᠣᠶᠠᠯᠳᠣᠭᠤᠯᠬᠤ ᠶᠢ ᠪᠠᠷᠢᠮᠲᠠᠯᠠᠵᠤ᠂ ᠲᠥᠪᠯᠡᠷᠡᠨ ᠵᠠᠯᠭᠠᠯᠳᠤᠭᠰᠠᠨ | 200 ᠮᠦ ᠠᠴᠠ ᠳᠡᠭᠡᠭᠰᠢ ᠳᠤ ᠬᠦᠷᠦᠭᠰᠡᠨ ᠪᠥᠭᠡᠳ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ | ᠲᠠᠢ ᠡᠪᠡᠰᠦ ᠪᠣᠷᠳᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠡᠵᠢᠭᠡᠯ ᠡᠪᠡᠰᠦ ᠳᠠᠷᠢᠬᠤ | ᠭᠤᠤᠯ ᠴᠣᠭᠴᠠ ᠳᠤ ᠨᠥᠬᠦᠪᠥᠷᠢ ᠣᠯᠭᠤᠨ᠎ᠠ᠃ ᠡᠭᠦᠨ ᠳᠤ᠂ ᠣᠯᠠᠨ ᠨᠠᠰᠤᠲᠤ ︵ᠴᠠᠷᠭᠠᠰᠤ ᠵᠡᠷᠭᠡ︶ ᠴᠢᠨᠠᠷ | ᠰᠠᠶᠢᠲᠠᠢ ᠲᠡᠵᠢᠭᠡᠯ ᠡᠪᠡᠰᠦ ᠳᠠᠷᠢᠭᠰᠠᠨ ᠪᠣᠯ᠂ ᠱᠠᠭᠠᠷᠳᠠᠯᠭ᠎ᠠ ᠶᠣᠰᠣᠭᠠᠷ ᠰᠢᠯᠭᠠᠨ ᠠᠪᠣᠭᠠᠳ ᠬᠢᠷᠢ ᠳᠡᠩᠴᠡᠭᠰᠡᠨ ᠤ | ᠳᠠᠷᠠᠭ᠎ᠠ ᠬᠤᠶᠠᠷ ᠵᠢᠯ ᠬᠤᠪᠢᠶᠠᠨ ᠮᠦ ᠪᠦᠷᠢ ᠳᠤ 600 ᠲᠥᠭᠦᠷᠢᠭ ᠤᠨ ᠨᠥᠬᠦᠪᠦᠷᠢ ᠥᠭᠴᠦ᠂ ᠵᠢᠯ ᠪᠦᠷᠢ 300 | ᠲᠥᠭᠦᠷᠢᠭ ᠨᠥᠬᠦᠪᠦᠷᠢᠯᠡᠨ᠎ᠡ︔ ᠨᠢᠭᠡ ᠨᠠᠰᠣᠳᠣ ︵ᠬᠤᠰᠢᠭᠤ ᠪᠣᠳᠠᠭ᠎ᠠ ᠵᠡᠷᠭᠡ︶ ᠴᠢᠨᠠᠷ ᠰᠠᠶᠢᠲᠠᠶ ᠲᠡᠵᠢᠭᠡᠯ ᠡᠪᠡᠰᠦ | ᠳᠠᠷᠢᠭᠰᠠᠨ ᠪᠣᠯ᠂ ᠱᠠᠭᠠᠷᠳᠠᠯᠭ᠎ᠠ ᠶᠣᠰᠣᠭᠠᠷ ᠰᠢᠯᠭᠠᠨ ᠠᠪᠣᠭᠠᠳ ᠬᠢᠷᠢ ᠲᠡᠩᠴᠡᠭᠰᠡᠨ ᠤ ᠳᠠᠷᠠᠭ᠎ᠠ ᠮᠥ ᠪᠦᠷᠢ ᠳᠤ | 100 ᠲᠥᠭᠦᠷᠢᠭ ᠤᠨ ᠨᠥᠬᠦᠪᠥᠷᠢ ᠣᠯᠭᠤᠨ᠎ᠠ᠃ | ︵ᠨᠠᠢᠮᠠ︶ ᠲᠡᠮᠡᠭᠡᠨ ᠬᠢᠷᠭᠤᠤᠯ ᠤᠨ ᠲᠤᠰᠬᠠᠶ ᠲᠡᠵᠢᠭᠡᠯ ᠪᠣᠷᠳᠤᠭ᠎ᠠ ᠦᠢᠯᠡᠳᠪᠦᠷᠢᠯᠡᠵᠦ ᠪᠣᠯᠪᠠᠰᠣᠷᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ︽ᠲᠡᠵᠢᠭᠡᠯ ᠪᠣᠷᠳᠣᠭᠠᠨ ᠤ ᠠᠵᠤ ᠠᠬᠤᠶᠢᠯᠠᠯ+ ᠲᠡᠵᠢᠭᠡᠨ ᠦᠷᠡᠵᠢᠭᠦᠯᠬᠦ | ᠡᠷᠦᠬᠡ+ ᠲᠠᠷᠢᠮᠠᠯ ᠤᠨ ᠰᠠᠭᠤᠷᠢᠨ ᠭᠠᠵᠠᠷ︾ ᠠᠰᠢᠭ ᠲᠤᠰᠠ ᠶᠢ ᠬᠤᠯᠪᠣᠬᠤ ᠵᠠᠭᠪᠤᠷ ᠢ ᠶᠡᠬᠡᠪᠡᠷ ᠳᠡᠯᠭᠡᠷᠡᠭᠦᠯᠵᠦ᠂ | ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠯ ᠪᠣᠷᠳᠤᠭ᠎ᠠ ᠬᠤᠳᠠᠯᠳᠤᠨ ᠠᠪᠬᠤ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠲᠡᠵᠢᠭᠡᠯ ᠪᠣᠷᠳᠤᠭ᠎ᠠ ᠪᠣᠯᠪᠠᠰᠣᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠲᠡᠵᠢᠭᠡᠯ ᠪᠣᠷᠳᠤᠭ᠎ᠠ ᠦᠢᠯᠡᠳᠪᠦᠷᠢᠯᠡᠵᠦ ᠪᠣᠯᠪᠠᠰᠣᠷᠠᠭᠤᠯᠬᠤ ᠠᠵᠤ ᠠᠬᠤᠶᠢᠯᠠᠯ ᠲᠡᠮᠡᠭᠡᠨ ᠬᠢᠷᠭᠤᠤᠯ ᠤᠨ | ᠲᠤᠰᠬᠠᠶ ᠪᠣᠷᠲᠤᠭ᠎ᠠ ᠶᠢ ᠨᠡᠭᠡᠭᠡᠨ ᠬᠥᠭᠵᠢᠭᠦᠯᠦᠭᠰᠡᠨ ᠪᠥᠭᠡᠳ ᠵᠢᠯ ᠤᠨ ᠪᠣᠯᠪᠠᠰᠤᠷᠠᠭᠤᠯᠬᠤ ᠬᠡᠮᠵᠢᠶ᠎ᠡ ᠨᠢ 1 ᠲᠦᠮᠡᠨ | ᠲᠣᠨ ᠢ ᠳᠠᠪᠠᠭᠰᠠᠨ ᠪᠣᠯ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ︔ ᠵᠢᠯ ᠤᠨ | ᠪᠣᠯᠪᠠᠰᠤᠷᠠᠭᠤᠯᠬᠤ ᠬᠡᠮᠵᠢᠶ᠎ᠡ ᠨᠢ 2 ᠲᠦᠮᠡᠨ ᠲᠣᠨ ᠢ ᠳᠠᠪᠠᠭᠰᠠᠨ ᠪᠣᠯ ᠨᠢᠭᠡ ᠯᠡ ᠤᠳᠠᠭ᠎ᠠ ᠳᠤ 20 ᠲᠦᠮᠡᠨ | ᠲᠥᠭᠦᠷᠢᠭ ᠱᠠᠩᠨᠠᠨ᠎ᠠ᠃ | ᠲᠠᠪᠤ᠂ ᠰᠢᠨᠵᠢᠯᠡᠬᠦ ᠣᠬᠠᠭᠠᠨ ᠮᠡᠷᠭᠡᠵᠢᠯ ᠤᠨ ᠲᠣᠯᠭᠠᠭᠤᠷᠢᠯᠠᠯ ᠪᠠ ᠮᠡᠷᠭᠡᠵᠢᠯ ᠤᠨ ᠦᠢᠯᠡᠴᠢᠯᠡᠭᠡ ᠶᠢ | ᠴᠢᠩᠭᠠᠳᠬᠠᠨ᠎ᠠ | ︵ᠶᠢᠰᠦ︶ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠢ ᠦᠷᠨᠢᠬᠦᠯᠦᠨ᠎ᠡ᠃ ︽ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ+ ᠳᠡᠭᠡᠳᠦ ᠰᠤᠷᠭᠠᠭᠤᠯᠢ +ᠠᠵᠤ ᠠᠬᠤᠶᠢᠯᠠᠯ︾ ᠵᠠᠭᠪᠤᠷ ᠢ ᠪᠠᠶᠢᠭᠤᠯᠵᠤ᠂ | ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ᠂ ᠪᠣᠷᠣᠯᠠᠭᠤᠯᠬᠤ ᠶᠢ ᠤᠶᠠᠯᠳᠤᠭᠤᠯᠬᠤ ᠶᠢ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠪᠡᠷᠭᠡ ᠶᠢ ᠳᠠᠪᠠᠭ᠋ᠣ ᠪᠠᠷ ᠳᠠᠮᠵᠢᠭᠤᠯᠤᠨ᠂ ᠲᠡᠮᠡᠭᠡᠨ ᠬᠢᠷᠭᠤᠤᠯ ᠤᠨ ᠠᠷᠠᠰᠣ᠂ ᠮᠢᠬ᠎ᠠ ᠵᠡᠷᠭᠡ | ᠰᠢᠷᠢᠰ ᠨᠡᠮᠡᠯᠲᠡ ᠥᠷᠲᠡᠭ ᠢᠶᠠᠷ ᠥᠨᠳᠥᠷ ᠦᠢᠯᠡᠳᠬᠦᠨ ᠢ ᠨᠡᠭᠡᠭᠡᠨ ᠬᠥᠭᠵᠢᠭᠦᠯᠵᠦ᠂ ᠦᠢᠯᠡᠳᠬᠦᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠨᠡᠮᠡᠭᠳᠡᠭᠦᠯᠦᠨ᠎ᠡ᠃ ᠲᠡᠮᠡᠭᠡᠨ ᠬᠢᠷᠭᠤᠤᠯ ᠤᠨ ᠠᠵᠤ ᠦᠢᠯᠡᠰ ᠤᠨ | ᠬᠦᠷᠢᠶᠡᠨ ᠳᠠᠬᠢ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠢᠨ ᠰᠣᠩᠭᠤᠵᠤ᠂ ︽ | ᠮᠧᠩ ᠺᠧ ᠵᠢᠤᠢ︾ ᠠᠯᠠᠱᠠ ᠶᠢᠨ ᠬᠤᠪᠢᠶᠠᠷᠢ ᠲᠥᠪ ᠠᠴᠠ ᠨᠡᠶᠢᠲᠡᠯᠡᠵᠦ᠂ ᠰᠢᠨ᠎ᠡ ᠬᠡᠯᠪᠡᠷᠢ ᠶᠢᠨ ᠪᠣᠶᠢᠵᠢᠭᠤᠯᠬᠤ | ᠮᠡᠷᠭᠡᠵᠢᠯ ᠵᠢᠴᠢ ᠲᠡᠮᠡᠭᠡᠨ ᠬᠢᠷᠭᠤᠣᠯ ᠤᠨ ᠮᠢᠬ᠎ᠠ᠂ ᠥᠨᠳᠡᠭᠡ᠂ ᠠᠷᠠᠰᠤ᠂ ᠨᠣᠣᠰᠣ ᠵᠡᠷᠭᠡ ᠦᠢᠯᠡᠳᠬᠦᠨ ᠢ ᠰᠤᠳᠤᠯᠤᠨ | ᠨᠡᠭᠡᠭᠡᠬᠦ ᠪᠠ ᠦᠷ᠎ᠡ ᠪᠦᠲᠦᠭᠡᠯ ᠢᠶᠠᠨ ᠣᠯᠠᠷᠢᠭᠤᠯᠬᠤ ᠶᠢ ᠳᠡᠮᠵᠢᠨ᠎ᠡ᠃ | ︵ᠠᠷᠪᠠ︶ ᠮᠡᠷᠭᠡᠵᠢᠯ ᠤᠨ ᠦᠢᠯᠡᠴᠢᠯᠡᠬᠡᠨ ᠤ ᠰᠢᠰᠲ᠋ᠧᠮᠵᠢ ᠶᠢ ᠴᠢᠩᠭᠠᠳᠬᠠᠨ᠎ᠠ᠃ ᠥᠨᠳᠥᠷ ᠬᠡᠪ | ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠯᠪᠠᠰᠣᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠤ ᠦᠢᠯᠡᠰ ᠤᠨ ᠳᠠᠭᠠᠭᠤᠯᠤᠭᠴᠢ ᠳᠤ ᠲᠦᠰᠢᠭᠯᠡᠨ ︽ᠳᠠᠭᠠᠭᠤᠯᠤᠭᠴᠢ︾ ᠲᠦᠷᠦᠯ ᠵᠦᠢᠯ ᠢ ᠪᠤᠶᠢᠵᠢᠭᠤᠯᠵᠤ᠂ | ᠠᠵᠤ ᠠᠬᠤᠶᠢᠯᠠᠯ᠂ ᠲᠤᠰᠬᠠᠢ ᠬᠤᠷᠰᠢᠶᠠᠵᠢᠯ᠂ ᠲᠡᠵᠢᠭᠡᠨ ᠦᠷᠡᠵᠢᠭᠦᠯᠬᠦ ᠲᠤᠮᠤ ᠡᠷᠦᠬᠡ ᠵᠡᠷᠭᠡ ᠭᠤᠣᠯ ᠴᠣᠭᠴᠠ ᠶᠢ | ᠵᠣᠬᠢᠶᠠᠨ ᠪᠠᠶᠢᠭᠤᠯᠵᠤ᠂ ᠲᠡᠮᠡᠭᠡᠨ ᠬᠢᠷᠭᠤᠤᠯ ᠤᠨ ᠠᠵᠤ ᠦᠢᠯᠡᠰ ᠬᠦᠭᠵᠢᠭᠰᠡᠨ᠂ ᠲᠡᠵᠢᠭᠡᠨ ᠦᠷᠡᠵᠢᠭᠦᠯᠬᠦ ᠮᠡᠷᠭᠡᠵᠢᠯ | ᠳᠡᠷᠢᠬᠦᠯᠡᠵᠦ ᠪᠦᠬᠦᠢ ᠭᠠᠵᠠᠷ ᠣᠷᠣᠨ ᠳᠤ ᠬᠦᠷᠴᠦ ᠲᠡᠮᠡᠭᠡᠨ ᠬᠢᠷᠭᠤᠤᠯ ᠤᠨ ᠠᠵᠤ ᠦᠢᠯᠡᠰ ᠤᠨ ᠲᠤᠰᠬᠠᠢ ᠰᠡᠳᠦᠪᠲᠦ | ᠪᠣᠯᠪᠠᠰᠤᠷᠠᠯ ᠢ ᠦᠷᠨᠢᠬᠦᠯᠦᠨ᠎ᠡ᠃ ᠲᠡᠮᠡᠭᠡᠨ ᠬᠢᠷᠭᠤᠤᠯ ᠤᠨ ᠠᠵᠤ ᠦᠢᠯᠡᠰ ᠤᠨ ᠲᠤᠰᠬᠠᠶ ᠮᠡᠷᠭᠡᠵᠢᠯᠲᠡᠨ ᠤ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ | ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ ᠠᠪᠴᠢᠷᠠᠵᠤ | ᠬᠦᠮᠦᠵᠢᠬᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠡᠮᠡᠭᠡᠨ ᠬᠢᠷᠭᠤᠤᠯ ᠲᠡᠵᠢᠭᠡᠨ | ᠦᠷᠡᠵᠢᠭᠦᠯᠬᠦ ᠦᠢᠯᠡᠳᠪᠦᠷᠢᠯᠡᠯ ᠳᠤ ᠣᠷᠣᠯᠴᠠᠬᠤ ᠶᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠳᠤ | ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠬᠠᠩᠭᠠᠵᠤ᠂ ᠠᠵᠢᠯᠯᠠᠵᠤ ᠪᠠᠶᠢᠭ᠎ᠠ ᠬᠥᠮᠦᠰ ᠤᠨ ᠲᠡᠵᠢᠭᠡᠨ | ᠦᠷᠡᠵᠢᠭᠦᠯᠬᠦ ᠴᠢᠳᠠᠪᠤᠷᠢ ᠪᠠ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠠᠷᠪᠠᠨ ᠨᠢᠭᠡ︶ ᠠᠵᠤ ᠦᠢᠯᠡᠰ ᠤᠨ ᠣᠷᠣᠨ ᠪᠦᠰᠡ ᠶᠢᠨ ᠨᠡᠷᠡᠲᠦ ᠲᠡᠮᠳᠡᠭᠲᠦ ᠶᠢ ᠪᠤᠢ ᠪᠣᠯᠭᠠᠨ᠎ᠠ᠃ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠲᠡ ᠪᠦᠬᠦᠢ ᠲᠡᠮᠡᠭᠡᠨ ᠬᠢᠷᠭᠤᠤᠯ ᠤᠨ | ᠠᠵᠤ ᠦᠢᠯᠡᠰ ᠤᠨ ᠨᠢᠭᠡ ᠴᠣᠭᠴᠠᠵᠢᠭᠰᠠᠨ ᠪᠠᠶᠢᠷᠢᠰᠢᠯ ᠢ ᠪᠣᠢ ᠪᠣᠯᠭᠠᠵᠦ᠂ ᠣᠷᠣᠨ ᠪᠦᠰᠡ ᠶᠢᠨ ᠣᠨᠴᠠᠯᠢᠭ ᠢᠶᠠᠷ | ᠢᠯᠡ ᠲᠣᠳᠣ᠂ ᠠᠵᠤ ᠦᠢᠯᠡᠰ ᠤᠨ ᠰᠠᠭᠤᠷᠢ ᠪᠠᠷ ᠪᠦᠷᠢᠨ ᠲᠡᠭᠦᠯᠳᠡᠷ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭᠲᠦ ᠶᠢ ᠪᠣᠢ ᠪᠣᠯᠭᠠᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠨᠡᠷᠡᠲᠦ ᠲᠡᠮᠳᠡᠭᠲᠦ ᠶᠢ ᠡᠭᠦᠳᠬᠦ ᠪᠠ ᠤᠬᠠᠭᠤᠯᠬᠤ ᠶᠢ ᠴᠢᠩᠭᠠᠳᠬᠠᠵᠤ᠂ ᠣᠷᠣᠨ ᠪᠦᠰᠡ ᠶᠢᠨ ᠨᠡᠷ᠎ᠡ ᠶᠢᠨ | ᠬᠠᠭᠤᠳᠠᠰᠤ ᠶᠢ ᠪᠣᠢ ᠪᠣᠯᠭᠠᠨ᠎ᠠ᠃ | ︵ᠠᠷᠪᠠᠨ ᠬᠤᠶᠠᠷ︶ ᠣᠯᠠᠨ ᠠᠷᠭ᠎ᠠ ᠵᠠᠮ ᠢᠶᠠᠷ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢ ᠪᠠᠶᠢᠭᠤᠯᠣᠨ᠎ᠠ᠃ | ᠣᠷᠣᠨ ᠪᠠᠶᠢᠷᠢ ᠲᠠᠢ ᠪᠠᠨ ᠤᠶᠠᠯᠳᠤᠭᠤᠯᠤᠨ᠂ ᠬᠤᠯᠪᠣᠭᠠᠯᠠᠨ ᠬᠥᠭᠵᠢᠭᠦᠯᠵᠦ᠂ ᠦᠢᠯᠡᠳᠬᠦᠨ ᠢᠶᠠᠨ ᠭᠠᠳᠠᠭᠰᠢ | ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠨ᠂ ᠰᠦᠯᠵᠢᠶᠡᠨ ᠳᠡᠭᠡᠷ᠎ᠡ+ᠰᠦᠯᠵᠢᠶᠡᠨ ᠭᠠᠳᠠᠨᠠᠬᠢ ᠶᠢ | ᠤᠶᠠᠯᠳᠤᠭᠤᠯᠤᠭᠰᠠᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ︽ᠵᠢᠵᠢᠭ ᠦᠢᠯᠡᠳᠬᠦᠨ︾ ᠪᠠ ︽ᠲᠣᠮᠣ | ᠵᠠᠬ᠎ᠠ ᠳᠡᠯᠭᠡᠭᠦᠷ︾ ᠢ ᠪᠦᠲᠦᠮᠵᠢᠲᠡᠶ ᠵᠣᠯᠭᠠᠭᠤᠯᠵᠦ᠂ ᠡᠯ᠎ᠡ ᠳᠡᠭᠡᠳᠦ ᠲᠠᠰ ᠤᠨ ᠳᠡᠯᠭᠡᠷᠡᠭᠦᠯᠦᠨ ᠪᠣᠷᠣᠯᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠬᠠᠭᠠᠯᠠᠵᠤ᠂ ᠲᠡᠮᠡᠭᠡᠨ ᠬᠢᠷᠭᠤᠤᠯ ᠤᠨ ᠦᠢᠯᠡᠳᠬᠦᠨ ᠢ ᠳᠡᠭᠡᠳᠦ ᠲᠠᠰ ᠤᠨ | ᠦᠢᠯᠡᠳᠬᠦᠨ ᠪᠣᠯᠭᠠᠵᠦ᠂ ᠳᠡᠭᠡᠳᠦ ᠲᠠᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠣᠷᠣᠭᠤᠯᠤᠨ᠎ᠠ᠃ | ︵ᠠᠷᠪᠠᠨ ᠭᠤᠷᠪᠠ︶ ᠲᠡᠮᠡᠭᠡᠨ ᠬᠢᠷᠭᠤᠤᠯ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭᠠᠯᠠᠨ | ᠬᠦᠭᠵᠢᠬᠦ ᠶᠢ ᠠᠬᠢᠭᠤᠯᠤᠨ᠎ᠠ᠃ ︽ᠵᠢᠭᠤᠯᠴᠢᠯᠠᠯ+ ᠰᠣᠶᠣᠯ︾ ︽ᠵᠢᠭᠤᠯᠴᠢᠯᠠᠯ+ ᠬᠥᠳᠡᠭᠡ ᠲᠣᠰᠬᠤᠨ︾ ︽ | ᠵᠢᠭᠤᠯᠴᠢᠯᠠᠯ+ ᠠᠵᠤ ᠦᠢᠯᠡᠰ︾ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠲᠡᠮᠡᠭᠡᠨ | ᠬᠢᠷᠭᠤᠤᠯ ᠤᠨ ᠠᠵᠤ ᠦᠢᠯᠡᠰ ᠪᠣᠯᠤᠨ ᠬᠥᠳᠡᠭᠡ ᠲᠣᠰᠬᠤᠨ ᠤ ᠬᠥᠭᠵᠢᠯᠲᠡ᠂ ᠰᠣᠶᠣᠯ ᠵᠢᠭᠤᠯᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠲᠡᠮᠡᠭᠡᠨ ᠬᠢᠷᠭᠤᠤᠯ ᠤᠨ ᠰᠣᠶᠣᠯ ᠤᠨ ᠭᠤᠤᠯ ᠰᠡᠳᠦᠪᠲᠦ | ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠠᠮᠢ ᠠᠬᠤᠢ ᠶᠢᠨ ᠬᠡᠪᠴᠢᠶᠡᠵᠢᠭᠰᠡᠨ | ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠰᠡᠯᠡᠭᠦᠴᠡᠯ | ᠵᠢᠭᠤᠯᠴᠢᠯᠠᠯ᠂ ᠤᠨᠴᠠᠯᠢᠬᠳᠤ ᠪᠦᠲᠦᠭᠡᠭᠳᠡᠬᠦᠨ ᠢ ᠠᠮᠲᠠᠯᠠᠵᠤ ᠪᠣᠯᠪᠠᠰᠣᠷᠠᠭᠤᠯᠣᠨ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠲᠡᠮᠡᠭᠡᠨ ᠬᠢᠷᠭᠤᠤᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠲᠡᠮᠡᠭᠡᠨ | ᠬᠢᠷᠭᠤᠤᠯ ᠤᠨ ᠡᠯᠧᠮᠧᠨ᠋ᠲ ᠪᠦᠬᠦᠢ ᠲᠤᠰ ᠭᠠᠵᠠᠷ ᠤᠨ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠢ | ᠲᠥᠯᠥᠪᠯᠡᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠲᠡᠮᠡᠭᠡᠨ ᠬᠢᠷᠭᠤᠤᠯ ᠤᠨ ᠰᠣᠶᠣᠯ ᠤᠨ ᠪᠦᠲᠦᠭᠡᠭᠳᠡᠬᠦᠨ ᠤ | ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠦᠴᠦᠯᠡᠨ ᠴᠢᠩᠭᠠᠳᠬᠠᠨ᠎ᠠ | ︵ᠠᠷᠪᠠᠨ ᠳᠦᠷᠪᠡ︶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠠᠶᠢᠮᠠᠭ ᠤᠨ | ᠤᠨᠴᠠᠯᠢᠬᠳᠤ ᠠᠵᠤ ᠦᠢᠯᠡᠰ ᠢ ᠬᠦᠭᠵᠢᠬᠦᠯᠬᠦ ᠲᠥᠪ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ | ᠬᠡᠷᠡᠭᠵᠢᠭᠦᠯᠬᠦ ᠶᠢ ᠠᠬᠢᠭᠤᠯᠬᠤ ᠶᠢ ᠭᠤᠤᠯᠳᠠᠯᠭ᠎ᠠ ᠲᠠᠢ ᠬᠠᠷᠢᠭᠤᠴᠠᠵᠤ᠂ ᠠᠵᠢᠯ ᠤᠨ ᠠᠬᠢᠴᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠬᠡᠷᠡᠭᠲᠡᠶ᠃ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ | ᠬᠠᠮᠵᠢᠯᠴᠠᠨ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ | ᠵᠡᠷᠭᠡ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ᠂ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ | ᠵᠡᠷᠭᠡ ᠰᠢᠨᠵᠢ ᠴᠢᠨᠠᠷ ᠨᠢ ᠠᠳᠠᠯᠢ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠳᠤ | ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠪᠬᠤᠷ ᠬᠦᠷᠳᠡᠭᠡᠵᠦ ᠪᠣᠯᠬᠤ ᠦᠭᠡᠢ᠃ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠨᠢ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠬᠤ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠪᠤᠰᠤᠳ ᠰᠠᠯᠠᠭ᠎ᠠ ᠮᠥᠴᠢᠷ ᠤᠳ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ︵ᠠᠷᠪᠠᠨ ᠲᠠᠪᠤ︶ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ | ᠲᠡᠮᠡᠭᠡᠨ ᠬᠢᠷᠭᠤᠣᠯ ᠢ ᠠᠶᠢᠮᠠᠭ ᠤᠨ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ | ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ᠂ ᠬᠤᠷᠰᠢᠶᠠᠵᠢᠯ᠂ ᠮᠠᠯᠵᠢᠬᠤ ᠲᠠᠷᠢᠶᠠᠯᠠᠬᠤ ᠡᠷᠦᠬᠡ ᠶᠢᠨ ᠰᠠᠶᠢᠨ | ᠳᠤᠷ᠎ᠠ ᠠᠴᠠ ᠪᠠᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠲᠦᠭᠰᠢᠭᠦᠷᠢ ᠶᠢ | ᠪᠠᠭᠤᠷᠠᠭᠤᠯᠵᠤ᠂ ᠳᠠᠭᠠᠳᠬᠠᠯ ᠤᠨ ᠵᠠᠷᠤᠳᠠᠯ ᠢ ᠠᠶᠢᠮᠠᠭ᠂ ᠬᠤᠰᠢᠭᠤ ︵ᠣᠷᠣᠨ︶᠂ ᠠᠵᠤ ᠠᠬᠤᠶᠢᠯᠠᠯ ︵ᠲᠡᠵᠢᠭᠡᠨ | ᠦᠷᠡᠵᠢᠭᠦᠯᠬᠦ ᠡᠷᠦᠬᠡ︶ 2᠄ 5᠄ 3 ᠶᠢᠨ ᠬᠠᠷᠢᠴᠠᠯ ᠢᠶᠠᠷ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠠᠵᠤ ᠦᠢᠯᠡᠰ ᠤᠨ ᠬᠦᠴᠦᠨ ᠵᠦᠢᠯ ᠤᠨ ᠲᠤᠯᠭᠠᠭᠤᠷᠢᠯᠠᠯ ᠢ ᠪᠠᠳᠣᠯᠠᠨ᠎ᠠ᠃ ᠡᠯ᠎ᠡ | ᠬᠤᠰᠢᠭᠤ ᠣᠷᠣᠨ ᠤᠯᠤᠰ ᠤᠨ ᠨᠣᠳᠤᠭ ᠳᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠲᠠᠢ | ᠤᠶᠠᠯᠳᠤᠭᠤᠯᠤᠨ᠂ ᠲᠡᠮᠡᠭᠡᠨ ᠬᠢᠷᠭᠤᠤᠯ ᠤᠨ ᠠᠵᠤ ᠦᠢᠯᠡᠰ ᠤᠨ ᠭᠠᠵᠠᠷ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠶ | ᠲᠥᠯᠥᠪᠯᠡᠨ ᠰᠢᠢᠳᠪᠦᠷᠢᠯᠡᠨ᠎ᠡ᠃ ᠲᠡᠮᠡᠭᠡᠨ ᠬᠢᠷᠭᠤᠣᠯ ᠤᠨ ᠠᠵᠤ ᠦᠢᠯᠡᠰ ᠤᠨ ᠣᠨᠴᠠᠯᠢᠭ ᠢ ᠭᠦᠢᠴᠡᠳ | ᠪᠣᠳᠣᠯᠬᠢᠯᠠᠵᠤ᠂ ᠡᠵᠡᠭᠦᠢ ᠴᠦᠯ ᠢ ᠠᠰᠢᠭᠯᠠᠨ ᠲᠡᠮᠡᠭᠡᠨ ᠬᠢᠷᠭᠤᠣᠯ ᠤᠨ ᠠᠵᠤ ᠦᠢᠯᠡᠰ ᠢ ᠬᠥᠭᠵᠢᠭᠦᠯᠬᠦ ᠶᠢ | ᠵᠣᠷᠢᠭᠵᠢᠭᠤᠯᠵᠤ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠶᠢ ᠨᠢ ᠬᠢᠨᠠᠨ ᠵᠥᠪᠰᠢᠶᠡᠷᠡᠬᠦ ᠶᠠᠪᠤᠴᠠ ᠶᠢ | ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠬᠤ ᠬᠡᠷᠡᠭᠲᠡᠶ᠃ ᠡᠯ᠎ᠡ ᠬᠤᠰᠢᠭᠤ | ᠣᠷᠣᠨ ᠨᠢ ᠲᠡᠮᠡᠭᠡᠨ ᠬᠢᠷᠭᠤᠤᠯ ᠤᠨ ᠠᠵᠤ ᠦᠢᠯᠡᠰ ᠤᠨ ᠪᠣᠯᠪᠠᠰᠣᠷᠠᠭᠤᠯᠬᠤ ᠠᠵᠤ ᠠᠬᠤᠶᠢᠯᠠᠯ᠂ ᠲᠡᠵᠢᠭᠡᠨ | ᠦᠷᠡᠵᠢᠭᠦᠯᠬᠦ ᠲᠠᠯᠠᠪᠠᠶ ᠶᠢᠨ ᠤᠰᠤ ᠴᠠᠬᠢᠯᠭᠠᠨ ᠬᠡᠷᠡᠭᠯᠡᠬᠦ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠬᠦ ᠬᠡᠷᠡᠭᠲᠡᠶ᠃ | ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠬᠦᠴᠦᠨ ᠲᠠᠢ ᠬᠤᠭᠤᠴᠠᠭ᠎ᠠ ᠨᠢ 2026 ᠣᠨ ᠤ 12 ᠰᠠᠷ᠎ᠠ ᠶᠢᠨ 31 ᠤ ᠡᠳᠦᠷ ᠬᠦᠷᠳᠡᠯ᠎ᠡ ᠪᠣᠯᠤᠨ᠎ᠠ᠃ ᠬᠡᠷᠪᠡ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠢᠭᠰᠡᠨ ᠪᠣᠯ ᠴᠠᠭ ᠳᠣᠬᠠᠢ ᠳᠤᠨᠢ ᠲᠣᠬᠢᠷᠠᠭᠤᠯᠤᠨ ᠵᠠᠰᠠᠪᠤᠷᠢ | ᠣᠷᠣᠭᠤᠯᠤᠨ᠎ᠠ᠃ |