ᠨᠢᠭᠡ᠂ ᠭᠤᠣᠯ ᠡᠭᠦᠷᠭᠡ ᠴᠢᠳᠠᠮᠵᠢ | ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ | ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠥᠬᠦᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ | ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠵᠠᠳᠠᠯᠤᠯᠲᠠ ᠶᠢᠨ | ᠠᠵᠢᠯ ᠢ ᠡᠭᠦᠷᠭᠡᠯᠡᠨ᠎ᠡ᠃ | ︵ᠬᠤᠶᠠᠷ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ | ᠬᠢᠨᠠᠯᠲᠠ ᠲᠠᠯᠪᠢᠨ ᠵᠢᠯᠣᠭᠤᠳᠤᠨ᠎ᠠ᠃ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ᠂ ᠪᠡᠯᠡ ᠮᠥᠩᠭᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ | ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠰᠠᠨᠠᠭᠤᠯᠭ᠎ᠠ ᠶᠢ ᠳᠤᠷᠠᠳᠴᠤ᠂ ᠵᠠᠰᠠᠭ ᠤᠨ ᠣᠷᠳᠣᠨ ᠤ ᠴᠢᠨᠠᠷᠲᠠᠶ | ᠥᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠳᠤ | ᠬᠢᠨᠠᠯᠲᠠ ᠲᠠᠯᠪᠢᠨ ᠵᠢᠯᠣᠭᠤᠳᠤᠨ᠎ᠠ᠃ ᠬᠡᠲᠦ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠢᠳᠬᠡᠯ | ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ | ᠵᠠᠮ ᠤᠨ ᠶᠠᠪᠤᠳᠠᠯ᠂ ᠰᠦᠢᠳᠬᠡᠯ ᠬᠤᠷᠢᠶᠠᠬᠤ᠂ ᠲᠡᠭᠡᠭᠡᠪᠦᠷᠢᠯᠡᠨ ᠡᠵᠡᠩᠨᠡᠬᠦ ᠦᠢᠯᠡᠴᠢᠯᠡᠭᠡ ᠵᠡᠷᠭᠡ ᠠᠵᠢᠯ ᠢ | ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ | ᠠᠵᠢᠯ ᠢ ᠡᠭᠦᠷᠭᠡᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠤᠯᠤᠰ ᠤᠨ ᠬᠢᠯᠢ ᠶᠢᠨ | ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ︵ᠲᠦᠷᠪᠡ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ | ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠦᠨ᠎ᠡ ᠲᠣᠭᠲᠠᠭᠠᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ | ᠲᠠᠯᠪᠢᠬᠤ᠂ ᠢᠲᠡᠭᠡᠮᠵᠢ ᠶᠢ ᠦᠨᠡᠯᠡᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ | ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ | ᠥᠷᠲᠡᠭᠡ ᠶᠢ ᠡᠵᠡᠩᠨᠡᠬᠦ᠂ ᠮᠠᠰᠢᠨ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡᠨ ᠤ | ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ᠂ | ᠠᠵᠢᠯᠯᠠᠭᠰᠠᠳ ᠢ ᠬᠠᠮᠢᠶᠠᠷᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠣᠯᠠᠨ ᠨᠡᠶᠢᠲᠡ ᠶᠢᠨ ᠮᠠᠰᠢᠨ ᠲᠡᠷᠭᠡ | ᠂ ᠲᠦᠷᠢᠶᠡᠰᠦᠨ ᠮᠠᠰᠢᠨ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ | ᠬᠠᠮᠢᠶᠠᠷᠤᠯᠲᠠ ᠶᠢ ᠵᠢᠯᠣᠭᠤᠳᠤᠨ᠎ᠠ᠃ ᠠᠶᠠᠯᠠᠯ ᠤᠨ ᠵᠠᠮ᠂ ᠭᠠᠷᠠᠮ᠂ ᠭᠠᠷᠠᠮ ᠤᠨ ᠬᠤᠲᠠ ᠶᠢ ᠠᠷᠠᠴᠢᠯᠠᠨ | ᠬᠠᠮᠠᠭᠠᠯᠠᠬᠤ ᠶᠢ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ | ᠬᠠᠮᠢᠶᠠᠷᠤᠯᠲᠠ ᠶᠢ ᠵᠢᠯᠣᠭᠤᠳᠤᠨ᠎ᠠ᠃ | ︵ᠵᠢᠷᠭᠤᠭ᠎ᠠ︶ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ | ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ | ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠵᠠᠮ ᠤᠨ | ᠲᠣᠣᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠪᠥᠬᠦ ᠠᠶᠢᠮᠠᠭ ᠤᠨ ᠭᠤᠤᠯᠳᠠᠯᠭ᠎ᠠ ᠲᠠᠢ ᠡᠳ᠋ ᠪᠣᠳᠠᠰ᠂ ᠶᠠᠭᠠᠷᠠᠯᠲᠠᠢ ᠠᠶᠠᠨᠴᠢᠳ ᠪᠠ ᠪᠠᠷᠠᠭᠠᠨ ᠤ | ᠲᠡᠭᠡᠭᠡᠪᠦᠷᠢ ᠶᠢ ᠡᠵᠡᠮᠰᠢᠨ ᠲᠣᠬᠢᠷᠠᠭᠤᠯᠬᠤ ᠶᠢ ᠬᠠᠷᠢᠭᠤᠴᠠᠨ᠎ᠠ᠃ | ︵ᠳᠤᠯᠤᠭ᠎ᠠ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ | ᠵᠠᠰᠠᠭ ᠵᠠᠬᠢᠷᠭᠠᠨ ᠤ ᠴᠠᠷᠠᠭ᠎ᠠ ᠠᠯᠤᠰᠯᠠᠨ ᠬᠠᠤᠯᠢ ᠬᠡᠷᠡᠭᠵᠢᠭᠦᠯᠬᠦ ᠶᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ᠂ | ᠬᠠᠷᠢᠶᠠᠯᠠᠯ ᠳᠠᠬᠢ ᠬᠡᠷᠡᠭ ᠢ ᠳᠠᠭᠠᠭᠠᠨ ᠰᠢᠢᠳᠪᠦᠷᠢᠯᠡᠨ᠎ᠡ᠃ | ︵ᠨᠠᠢᠮᠠ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠠᠬᠤᠢ ᠶᠢᠨ | ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠨ | ᠵᠢᠯᠣᠭᠤᠳᠤᠨ᠎ᠠ᠃ | ︵ᠶᠢᠰᠦ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠳᠡᠯᠭᠡᠷᠡᠭᠦᠯᠬᠦ ᠠᠵᠢᠯ ᠢ ᠵᠢᠯᠣᠭᠤᠳᠴᠤ᠂ ᠮᠡᠳᠡᠭᠡ ᠵᠠᠩᠭᠢᠵᠢᠯᠲᠠ᠂ | ᠪᠠᠷᠢᠮᠵᠢᠶᠠᠵᠢᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠥᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ | ᠠᠵᠢᠯ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠠᠵᠢᠯ ᠤᠨ ᠴᠢᠭᠯᠡᠯᠲᠡ | ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠦᠬᠦ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠠᠵᠢᠯ ᠤᠨ ᠬᠤᠯᠪᠣᠭᠳᠠᠯ | ᠪᠦᠬᠦᠢ ᠲᠥᠯᠥᠪᠵᠢᠭᠦᠯᠭᠡ ᠪᠣᠯᠤᠨ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠪᠦᠬᠦ ᠠᠶᠢᠮᠠᠭ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠠᠵᠢᠯ ᠢ ᠵᠣᠬᠢᠶᠠᠨ ᠪᠠᠶᠢᠭᠤᠯᠬᠤ᠂ ᠵᠢᠯᠣᠭᠤᠳᠬᠤ᠂ | ᠪᠠᠶᠢᠴᠠᠭᠠᠬᠤ᠂ ᠬᠢᠨᠠᠯᠲᠠ ᠲᠠᠯᠪᠢᠬᠤ ᠪᠠ ᠵᠣᠬᠢᠴᠠᠭᠤᠯᠤᠨ᠎ᠠ᠃ | ︵ᠠᠷᠪᠠᠨ ᠬᠤᠶᠠᠷ︶ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠰᠠᠮᠠᠯ ᠵᠠᠮ ᠤᠰᠤᠨ ᠵᠠᠮ ᠲᠡᠭᠡᠭᠡᠪᠦᠷᠢ ᠶᠢᠨ | ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠬᠦ᠂ ᠨᠤᠲᠠᠯᠠᠬᠤ᠂ ᠲᠠᠲᠠᠪᠤᠷᠢᠯᠠᠬᠤ ᠵᠢᠴᠢ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠴᠢᠳᠠᠮᠵᠢ ᠶᠢᠨ ᠠᠵᠢᠯ ᠤᠨ ᠬᠤᠪᠢᠶᠠᠷᠢᠯᠠᠯ | 1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ | ᠴᠢᠳᠠᠮᠵᠢ ᠶᠢᠨ ᠠᠵᠢᠯ ᠤᠨ ᠬᠤᠪᠢᠶᠠᠷᠢᠯᠠᠯ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ | ᠬᠠᠷᠢᠭᠤᠴᠠᠵᠤ᠂ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ | ᠪᠠᠶᠢᠴᠠᠭᠠᠯᠲᠠ ᠶᠢᠨ ᠰᠠᠨᠠᠯ ᠢ ᠳᠤᠷᠠᠳᠤᠨ᠎ᠠ᠃ ᠠᠶᠢᠮᠠᠭ ᠤᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠣᠭᠲᠠᠭᠠᠯ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ᠃ | 2. ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠶᠢᠨ ᠡᠭᠦᠷᠭᠡ ᠴᠢᠳᠠᠮᠵᠢ ᠶᠢᠨ ᠠᠵᠢᠯ ᠤᠨ | ᠬᠤᠪᠢᠶᠠᠷᠢᠯᠠᠯ᠄ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠶᠠᠪᠤᠳᠠᠯ ᠤᠨ | ᠡᠷᠬᠡ ᠪᠠ ᠬᠠᠮᠢᠶᠠᠷᠤᠯᠲᠠ ᠶᠢᠨ ᠡᠭᠦᠷᠭᠡ ᠴᠢᠳᠠᠮᠵᠢ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ᠃ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ᠂ ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ ᠪᠥᠬᠦᠶ ᠪᠡᠯᠡᠳᠬᠡᠮᠵᠢ ᠶᠢᠨ ᠲᠥᠯᠥᠪᠵᠢᠭᠦᠯᠭᠡ ᠪᠠ | ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠤᠯᠪᠣᠭᠳᠠᠯ ᠪᠥᠬᠦᠶ ᠪᠠᠷᠢᠮᠵᠢᠶ᠎ᠠ ᠶᠢ ᠬᠢᠨᠠᠯᠲᠠ ᠲᠠᠯᠪᠢᠨ | ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠦᠨ᠎ᠡ᠃ | 3. ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠮᠵᠢ ᠶᠢᠨ ᠠᠵᠢᠯ ᠤᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠵᠢᠬᠤ | ᠤᠷᠣᠨ ᠤ ᠰᠠᠯᠠᠭ᠎ᠠ ᠮᠥᠴᠢᠷ ᠵᠢᠭᠠᠰᠤᠨ ᠤ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠷᠤᠯᠳᠤᠭᠠᠨ ᠳᠤ | ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠪᠤᠰᠤᠳ | ᠣᠩᠭᠤᠴᠠ ᠰᠠᠯ ᠵᠢᠴᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠡᠷᠬᠢᠯᠡᠵᠦ ᠪᠠᠶᠢᠭ᠎ᠠ ᠵᠢᠭᠠᠰᠤᠨ ᠣᠩᠭᠤᠴᠠᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ | ᠮᠥᠴᠢᠷ ᠨᠢ ᠣᠩᠭᠤᠴᠠ ᠰᠠᠯ ᠦᠢᠯᠡᠳᠪᠦᠷᠢᠯᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠰᠤᠮᠤ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠬᠤᠰᠢᠭᠤ᠂ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠰᠢᠶᠠᠩ ᠪᠠᠯᠭᠠᠰᠤᠨ ᠤ ᠣᠩᠭᠤᠴᠠ ᠰᠠᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠴᠡᠴᠡᠷᠯᠢᠭ ᠣᠢ ᠶᠢᠨ ᠤᠰᠤᠨ | ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠠᠶᠢᠮᠠᠭ ᠤᠨ ᠵᠠᠬᠢᠷᠭ᠎ᠠ ᠠᠴᠠ ᠲᠣᠭᠲᠠᠭᠠᠨ᠎ᠠ᠃ | 4. ᠭᠤᠣᠯ ᠤᠨ ᠰᠤᠳᠠᠭ ᠤᠨ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠴᠢᠳᠠᠮᠵᠢ ᠶᠢᠨ ᠠᠵᠢᠯ ᠤᠨ | ᠬᠤᠪᠢᠶᠠᠷᠢᠯᠠᠯ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠭᠤᠣᠯ ᠤᠨ ᠰᠤᠳᠠᠭ ᠤᠨ ᠡᠯᠡᠰᠦ | ᠮᠠᠯᠲᠠᠬᠤ ᠠᠴᠠ ᠪᠣᠯᠵᠤ ᠠᠮᠤᠷ ᠲᠦᠪᠰᠢᠨ ᠠᠶᠠᠯᠠᠯ ᠨᠡᠪᠲᠡᠷᠡᠬᠦ ᠶᠢ ᠨᠥᠯᠥᠭᠡᠯᠡᠬᠦ ᠶᠢ ᠬᠠᠮᠢᠶᠠᠷᠤᠨ ᠬᠠᠷᠢᠭᠤᠴᠠᠨ᠎ᠠ᠃ | ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ᠭᠤᠤᠯ ᠤᠨ ᠰᠤᠳᠠᠭ ᠤᠨ ᠡᠯᠡᠰᠦ ᠮᠠᠯᠲᠠᠬᠤ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠭᠤᠤᠯ ᠤᠨ ᠰᠤᠳᠠᠭ ᠤᠨ ᠡᠯᠡᠰᠦ ᠮᠠᠯᠲᠠᠬᠤ ᠲᠥᠯᠥᠪᠵᠢᠭᠦᠯᠭᠡ ᠪᠠ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃ | ᠬᠤᠶᠠᠷ᠂ ᠳᠤᠳᠤᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ ᠡᠷᠭᠢᠯᠲᠡ ᠶᠢ ᠬᠠᠷᠢᠭᠤᠴᠠᠨ᠎ᠠ᠃ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ | ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠶᠠᠳᠠᠭᠤ ᠶᠢ ᠲᠡᠳᠬᠦᠬᠦ᠂ ᠵᠠᠰᠠᠭ ᠤᠨ ᠶᠠᠪᠤᠳᠠᠯ ᠢ | ᠰᠢᠮᠳᠠᠭᠤᠯᠤᠨ ᠭᠦᠢᠴᠡᠳᠭᠡᠬᠦᠯᠬᠦ᠂ ᠲᠠᠩᠰᠠ ᠡᠪᠬᠡᠮᠡᠯ ᠢ ᠬᠠᠮᠢᠶᠠᠷᠬᠤ᠂ ᠣᠶᠤᠨ ᠤ ᠪᠣᠯᠪᠠᠰᠤᠨ ᠢ ᠪᠠᠶᠢᠭᠤᠯᠬᠤ᠂ | ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ᠂ ᠠᠵᠢᠯᠴᠢᠨ ᠵᠠᠯᠠᠭᠤᠴᠤᠳ ᠡᠮᠡᠭᠲᠡᠶᠢᠴᠦᠳ ᠵᠡᠷᠭᠡ ᠠᠵᠢᠯ ᠢ | ᠡᠭᠦᠷᠭᠡᠯᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ᠂ ᠠᠵᠢᠯ ᠲᠥᠷᠥᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠵᠢᠯᠣᠭᠤᠳᠤᠨ᠎ᠠ᠃ | ︵ᠬᠤᠶᠠᠷ︶ ᠠᠵᠢᠯᠲᠠᠨ ᠤ ᠶᠠᠪᠤᠳᠠᠯ ᠰᠣᠷᠭᠠᠨ ᠬᠥᠮᠦᠵᠢᠯ ᠤᠨ ᠰᠠᠯᠠᠭ᠎ᠠ᠃ ᠪᠠᠶᠢᠭᠤᠯᠭ᠎ᠠ ᠶᠢᠨ ᠪᠠᠶᠢᠭᠤᠯᠤᠮᠵᠢ ᠶᠢ | ᠨᠠᠶᠢᠷᠠᠭᠤᠯᠤᠨ ᠵᠤᠬᠢᠶᠠᠬᠤ᠂ ᠠᠵᠢᠯᠲᠠᠨ ᠤ ᠶᠠᠪᠤᠳᠠᠯ ᠤᠨ ᠠᠵᠢᠯ᠂ ᠺᠠᠳ᠋ᠷ ᠲᠤ ᠬᠢᠨᠠᠯᠲᠠ ᠲᠠᠯᠪᠢᠬᠤ᠂ ᠪᠣᠯᠪᠠᠰᠤᠷᠠᠯ | ᠬᠥᠮᠦᠵᠢᠯ᠂ ᠣᠨ ᠤ ᠬᠢᠨᠠᠨ ᠰᠢᠯᠭᠠᠯᠲᠠ᠂ ᠴᠠᠯᠢᠩ ᠤᠨ ᠲᠣᠬᠢᠷᠠᠭᠤᠯᠤᠯᠲᠠ᠂ ᠭᠠᠳᠠᠭᠠᠳᠤ ︵ᠬᠢᠯᠢ︶ ᠳᠤ ᠭᠠᠷᠬᠤ ᠶᠢ | ᠬᠠᠮᠢᠶᠠᠷᠬᠤ᠂ ᠠᠵᠢᠯ ᠠᠴᠠ ᠪᠠᠨ ᠠᠮᠠᠷᠠᠭᠰᠠᠳ ᠪᠠᠭᠤᠭᠰᠠᠳ ᠵᠡᠷᠭᠡ ᠠᠵᠢᠯ ᠢ ᠬᠠᠮᠢᠶᠠᠷᠴᠤ᠂ ᠬᠠᠷᠢᠶ᠎ᠠ | ᠨᠢᠭᠡᠴᠡ ᠶᠢᠨ ᠢᠶᠠᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠤᠭᠲᠠᠭᠠᠭᠰᠠᠨ ᠡᠷᠬᠡ | ᠮᠡᠳᠡᠯ ᠢᠶᠠᠷ ᠢᠶᠠᠨ ᠠᠵᠢᠯ ᠲᠥᠷᠥᠯ ᠤᠨ ᠳᠣᠲᠣᠭᠠᠳᠤ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ | ᠲᠣᠭᠲᠠᠭᠠᠬᠤ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ | ᠶᠢ ᠵᠢᠯᠣᠭᠤᠳᠤᠨ᠎ᠠ᠃ | ︵ᠭᠤᠷᠪᠠ︶ ᠠᠮᠤᠷ ᠲᠥᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠃ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠯᠣᠭᠤᠳᠴᠤ᠂ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠬᠦ ᠠᠵᠢᠯ ᠪᠠ ᠵᠠᠰᠠᠭ ᠵᠠᠬᠢᠷᠭᠠᠨ ᠤ ᠴᠠᠷᠠᠭ᠎ᠠ ᠠᠯᠤᠰᠯᠠᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ᠂ | ᠬᠠᠷᠢᠶᠠᠯᠠᠯ ᠳᠠᠬᠢ ᠬᠡᠷᠡᠭ ᠢ ᠳᠠᠭᠠᠭᠠᠨ ᠰᠢᠢᠳᠪᠦᠷᠢᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠬ᠎ᠠ ᠳᠡᠯᠭᠡᠭᠦᠷ ᠤᠨ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ᠂ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠢᠨᠠᠨ ᠵᠢᠯᠣᠭᠤᠳᠴᠤ᠂ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ ᠣᠷᠣᠯᠴᠠᠨ᠎ᠠ᠃ | ︵ᠲᠦᠷᠪᠡ︶ ᠲᠥᠯᠥᠪᠵᠢᠭᠦᠯᠭᠡ ᠶᠢᠨ ᠰᠠᠯᠠᠭ᠎ᠠ᠃ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ | ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠰᠠᠨᠠᠭᠤᠯᠭ᠎ᠠ ᠶᠢ ᠳᠤᠷᠠᠳᠤᠨ᠎ᠠ᠃ | ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠤ ᠠᠵᠢᠯ ᠢ ᠡᠭᠦᠷᠭᠡᠯᠡᠨ᠎ᠡ᠃ ᠵᠠᠰᠠᠮᠠᠯ ᠵᠠᠮ ᠤᠰᠤᠨ | ᠵᠠᠮ ᠤᠨ ᠠᠵᠢᠯ ᠲᠥᠷᠥᠯ ᠤᠨ ᠣᠷᠴᠢᠨ ᠠᠬᠤᠢ ᠶᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠵᠣᠬᠢᠴᠠᠭᠤᠯᠤᠨ᠎ᠠ᠃ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ | ︵ᠲᠠᠪᠤ︶ ᠪᠦᠲᠦᠭᠡᠨ ᠪᠠᠶᠢᠭᠤᠯᠤᠯᠲᠠ ᠶᠢ ᠬᠠᠮᠢᠶᠠᠷᠬᠤ ᠰᠠᠯᠠᠭ᠎ᠠ᠃ ᠵᠠᠰᠠᠮᠠᠯ ᠵᠠᠮ ᠤᠰᠤᠨ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠠᠮᠤᠷ ᠲᠦᠪᠰᠢᠨ ᠤ ᠠᠵᠢᠯ ᠢ | ᠬᠠᠷᠢᠭᠤᠴᠠᠵᠤ᠂ ᠬᠠᠮᠢᠶ᠎ᠠ ᠪᠦᠬᠦᠢ ᠪᠠᠷᠢᠮᠵᠢᠶ᠎ᠠ ᠶᠢ ᠬᠢᠨᠠᠨ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ᠂ ᠳᠦᠷᠢᠮ ᠢ ᠲᠤᠭᠤᠷᠪᠢᠨ ᠲᠤᠭᠲᠠᠭᠠᠬᠤ ᠶᠢᠨ ᠬᠠᠮᠲᠤ | ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ | ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠦᠨ᠎ᠡ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠢᠲᠡᠭᠡᠮᠵᠢ ᠶᠢ | ᠦᠨᠡᠯᠡᠬᠦ᠂ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠳᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠲᠣᠭᠲᠠᠭᠠᠬᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ | ᠡᠷᠬᠢᠯᠡᠨ᠎ᠡ᠃ | ︵ᠵᠢᠷᠭᠤᠭ᠎ᠠ︶ ᠵᠠᠰᠠᠮᠠᠯ ᠵᠠᠮ ᠤᠨ ᠰᠠᠯᠠᠭ᠎ᠠ ︵ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠰᠠᠯᠠᠭ᠎ᠠ︶᠃ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠰᠦᠢᠳᠬᠡᠯ ᠬᠤᠷᠢᠶᠠᠬᠤ᠂ ᠡᠵᠡᠩᠨᠡᠬᠦ ᠳᠤ | ᠦᠢᠯᠡᠴᠢᠯᠡᠬᠦ ᠬᠢᠨᠠᠯᠲᠠ ᠲᠠᠯᠪᠢᠬᠤ ᠬᠠᠮᠢᠶᠠᠷᠬᠤ ᠵᠢᠴᠢ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠬᠤᠯᠪᠣᠭᠳᠠᠯ | ᠪᠦᠬᠦᠢ ᠪᠠᠷᠢᠮᠵᠢᠶ᠎ᠠ ᠳᠤ ᠬᠢᠨᠠᠯᠲᠠ ᠲᠠᠯᠪᠢᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ | ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠲᠦ ᠲᠡᠭᠡᠭᠡᠪᠦᠷᠢᠯᠡᠬᠦ᠂ | ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯᠡᠰ ᠢ | ᠬᠠᠮᠢᠶᠠᠷᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ᠂ | ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠨ᠎ᠡ᠃ ᠬᠥᠳᠡᠭᠡ | ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ | ᠳᠠᠭᠠᠭᠠᠨ ᠭᠦᠢᠴᠡᠳᠬᠡᠨ᠎ᠡ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠳᠡᠯᠭᠡᠷᠡᠭᠦᠯᠬᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠨ ᠵᠢᠯᠣᠭᠤᠳᠬᠤ ᠠᠵᠢᠯ ᠢ | ᠬᠠᠷᠢᠭᠤᠴᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ | ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ | ᠳᠡᠯᠭᠡᠷᠡᠭᠦᠯᠦᠨ ᠬᠡᠷᠡᠭᠯᠡᠬᠦ ᠶᠢ ᠵᠣᠬᠢᠴᠠᠭᠤᠯᠤᠨ᠎ᠠ᠃ ᠠᠵᠢᠯ ᠲᠥᠷᠥᠯ ᠤᠨ ᠦᠢᠯᠡᠳᠬᠦᠨ ᠤ ᠶᠠᠰᠤ ᠴᠢᠨᠠᠷ ᠪᠠ | ᠬᠡᠮᠵᠢᠯᠲᠡ ᠶᠢ ᠭᠡᠷᠡᠴᠢᠯᠡᠬᠦ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠤᠨ ᠶᠠᠪᠤᠳᠠᠯ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ | ᠬᠠᠷᠢᠯᠴᠠᠭᠠᠨ ᠤ ᠪᠠᠲᠤᠯᠠᠭ᠎ᠠ ᠶᠢᠨ ᠲᠥᠯᠥᠪᠯᠡᠭᠡ ᠪᠠ ᠪᠠᠲᠤᠯᠠᠭ᠎ᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠲᠣᠣᠷ ᠤᠨ ᠪᠠᠶᠢᠷᠢᠯᠠᠭᠤᠯᠤᠯᠲᠠ ᠶᠢ | ᠲᠥᠯᠥᠪᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠨᠠᠶᠢᠷᠠᠭᠤᠯᠤᠨ ᠵᠣᠬᠢᠶᠠᠵᠤ᠂ ᠴᠡᠷᠢᠭ | ᠠᠩᠭᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠮ ᠬᠠᠷᠢᠯᠴᠠᠭᠠᠨ ᠤ ᠪᠠᠷᠢᠯᠭ᠎ᠠ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠱᠠᠭᠠᠷᠳᠠᠯᠭ᠎ᠠ ᠶᠢ | ᠲᠤᠤᠱᠯᠠᠭᠤᠯᠬᠤ ᠰᠠᠨᠠᠭᠤᠯᠭ᠎ᠠ ᠳᠤᠷᠠᠳᠴᠤ᠂ ᠲᠤᠭᠲᠠᠭᠠᠭᠰᠠᠨ ᠡᠷᠬᠡ ᠮᠡᠳᠡᠯ ᠢᠶᠠᠷ ᠢᠶᠠᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠪᠠᠷᠢᠯᠭ᠎ᠠ ᠶᠢᠨ ᠪᠡᠯᠡᠳᠬᠡᠮᠵᠢ ᠶᠢᠨ ᠬᠠᠶᠢᠨ ᠪᠠᠶᠢᠴᠠᠭᠠᠯᠲᠠ᠂ ᠵᠢᠷᠤᠭ | ᠲᠥᠯᠥᠪᠯᠡᠭᠡ᠂ ᠬᠢᠨᠠᠯᠲᠠ ᠲᠠᠯᠪᠢᠯᠲᠠ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠲᠤᠭᠲᠠᠭᠠᠨ᠎ᠠ᠃ | ᠪᠦᠬᠦ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠠᠵᠢᠯ ᠢ ᠵᠢᠯᠣᠭᠤᠳᠴᠤ᠂ | ᠪᠠᠶᠢᠴᠠᠭᠠᠵᠤ᠂ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠳᠤᠯᠤᠭ᠎ᠠ︶ ᠲᠡᠭᠡᠭᠡᠪᠦᠷᠢ ᠶᠢᠨ ᠦᠢᠯᠡᠴᠢᠯᠡᠭᠡᠨ ᠤ ᠰᠠᠯᠠᠭ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ | ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠠᠮᠤᠷ | ᠲᠦᠪᠰᠢᠨ ᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠪᠠᠷᠢᠮᠵᠢᠶ᠎ᠠ ᠳᠤ ᠬᠢᠨᠠᠯᠲᠠ ᠲᠠᠯᠪᠢᠨ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠢ ᠲᠤᠭᠤᠷᠪᠢᠨ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ | ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢ ᠡᠵᠡᠩᠨᠡᠬᠦ᠂ ᠮᠠᠰᠢᠨ | ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡᠨ ᠤ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ | ᠬᠡᠮᠵᠢᠬᠦ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ᠂ ᠠᠵᠢᠯᠯᠠᠭᠰᠠᠳ ᠢ ᠬᠠᠮᠢᠶᠠᠷᠬᠤ ᠠᠵᠢᠯ ᠳᠤ ᠬᠢᠨᠠᠯᠲᠠ | ᠲᠠᠯᠪᠢᠨ ᠵᠢᠯᠣᠭᠤᠳᠤᠨ᠎ᠠ᠃ ᠵᠠᠰᠠᠮᠠᠯ ᠵᠠᠮ ᠤᠨ ᠲᠡᠭᠡᠭᠡᠪᠦᠷᠢ᠂ ᠳᠠᠯᠠᠶ ᠶᠢᠨ ᠶᠠᠪᠤᠳᠠᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ᠂ | ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ | ᠵᠢᠯᠣᠭᠤᠳᠤᠨ᠎ᠠ᠃ ᠪᠥᠬᠦ ᠠᠶᠢᠮᠠᠭ ᠤᠨ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠪᠠ ᠪᠠᠴᠢᠮ ᠪᠠᠶᠢᠳᠠᠯ ᠢ | ᠠᠷᠭᠠᠴᠠᠬᠤ ᠲᠡᠭᠡᠭᠡᠪᠦᠷᠢ ᠶᠢᠨ ᠠᠵᠢᠯ ᠢ ᠬᠠᠷᠢᠭᠤᠴᠠᠨ᠎ᠠ᠃ ᠠᠶᠠᠯᠠᠯ ᠤᠨ ᠵᠠᠮ᠂ ᠭᠠᠷᠠᠮ᠂ ᠭᠠᠷᠠᠮ ᠤᠨ ᠬᠤᠲᠠ ᠶᠢ | ᠠᠷᠠᠴᠢᠯᠠᠨ ᠬᠠᠮᠠᠭᠠᠯᠠᠬᠤ ᠶᠢ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ᠂ | ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠬᠠᠮᠢᠶᠠᠷᠬᠤ | ᠠᠵᠢᠯ ᠢ ᠵᠢᠯᠣᠭᠤᠳᠤᠨ᠎ᠠ᠃ | ︵ᠨᠠᠢᠮᠠ︶ ᠡᠳ᠋ ᠤᠨ ᠶᠠᠪᠤᠳᠠᠯ ᠤᠨ ᠰᠠᠯᠠᠭ᠎ᠠ᠃ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠢᠰᠲ᠋ᠧᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠭᠠᠶᠢᠯᠢ ᠶᠢᠨ ᠪᠤᠰᠤ ᠣᠷᠣᠯᠭ᠎ᠠ ᠵᠡᠷᠭᠡ ᠪᠡᠯᠡ | ᠮᠥᠩᠭᠦ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠤᠰᠬᠠᠶ ᠵᠦᠢᠯ ᠤᠨ ᠪᠡᠯᠡ ᠮᠥᠩᠭᠦ᠂ ᠲᠥᠰᠦᠪ ᠤᠨ | ᠲᠣᠬᠢᠷᠠᠭᠤᠯᠤᠯᠲᠠ ᠶᠢᠨ ᠰᠠᠨᠠᠭᠤᠯᠭ᠎ᠠ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ ᠢᠶᠠᠨ ᠡᠳ᠋ ᠤᠨ ᠶᠠᠪᠤᠳᠠᠯ ᠤᠨ ᠠᠵᠢᠯ ᠢ | ᠵᠢᠯᠣᠭᠤᠳᠤᠨ᠎ᠠ᠃ ᠬᠠᠷᠢᠶ᠎ᠠ ᠨᠢᠭᠡᠴᠡ ᠶᠢᠨ ᠢᠶᠠᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃ | ᠰᠦᠢᠳᠬᠡᠯ ᠬᠤᠷᠢᠶᠠᠬᠤ ᠵᠠᠰᠠᠮᠠᠯ ᠵᠠᠮ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠪᠠ ᠵᠠᠰᠠᠭ ᠤᠨ | ᠣᠷᠳᠣᠨ ᠤ ᠴᠢᠨᠠᠷᠲᠠᠶ ᠥᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ | ᠲᠣᠭᠲᠠᠭᠠᠯ ᠶᠣᠰᠣᠭᠠᠷ ᠡᠭᠦᠷᠭᠡᠯᠡᠨ᠎ᠡ᠃ | ︵ᠶᠢᠰᠦ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠪᠠᠶᠢᠭᠤᠯᠭ᠎ᠠ ︵ᠰᠢᠰᠲ᠋ᠧᠮ ᠤᠨ | ᠨᠠᠮ ᠤᠨ ᠠᠵᠢᠯ ᠤᠨ ᠬᠤᠷᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠢ ᠡᠭᠦᠷ᠂ ᠨᠠᠮ ᠤᠨ | ᠡᠭᠦᠷ︶ ᠵᠢᠴᠢ ᠬᠠᠷᠢᠶ᠎ᠠ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢᠨ ᠠᠵᠢᠯ ᠢ ᠬᠠᠷᠢᠭᠤᠴᠠᠨ᠎ᠠ᠃ | | | | | ᠪᠠᠶᠢᠭᠤᠯᠭ᠎ᠠ ᠶᠢᠨ ᠰᠦᠯᠵᠢᠶ᠎ᠡ |