ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/31
    5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠡᠷᠭᠢᠯᠡᠭᠴᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ ᠪᠦᠭᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠡᠷᠭᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢᠨ ᠮᠥᠩᠭᠦᠨ ᠭᠦᠢᠯᠭᠡᠭᠡᠨ ᠤ ᠬᠠᠭᠤᠳᠠᠰᠤ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ  ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠱᠠᠯᠠᠪᠳᠠᠨ ᠠᠳᠬᠤᠵᠤ ᠲᠦᠷᠭᠡᠨ ᠬᠢᠵᠦ ᠪᠠᠶᠢᠭᠠᠳ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ  ᠶᠢ ᠠᠬᠢᠭᠤᠯᠬᠤ ᠡᠯ᠎ᠡ ᠵᠦᠢᠯ  ᠤᠨ ᠠᠵᠢᠯ  ᠢ ᠰᠠᠶᠢᠲᠤᠷ ᠬᠢᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ  ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠬᠠᠷᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠪᠠᠶᠢᠳᠠᠯ ᠢ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠤᠯᠤᠰ ᠲᠥᠷᠥ ᠶᠢ ᠡᠷᠭᠢᠮᠯᠡᠭᠦ᠂ ᠲᠠᠪᠤᠨ ᠶᠡᠭᠡ ᠡᠭᠦᠷᠭᠡ ᠳᠤ ᠦᠢᠯᠡᠴᠢᠯᠡᠬᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠥᠨᠳᠥᠷᠴᠡ ᠠᠴᠠ ᠭᠦᠨᠵᠡᠭᠡᠢ ᠡᠷᠭᠢᠴᠡᠭᠦᠯᠦᠨ ᠲᠤᠩᠭᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠪᠤᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ᠂ ᠨᠣᠮᠣᠬᠠᠨ ᠰᠢᠳᠤᠷᠭᠤ ᠰᠠᠶᠢᠲᠤᠷ ᠠᠳᠬᠤᠬᠤ ᠬᠡᠷᠡᠭᠲᠡᠢ᠃  ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠠᠭᠤᠵᠢᠭᠤ ᠰᠤᠯᠠ ᠵᠥᠭᠡᠯᠡᠨ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡ ᠨᠢᠭᠡ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠨᠠᠶᠢᠳᠠᠪᠤᠷᠢᠵᠢᠭᠤᠯᠬᠤ ᠶᠢ ᠠᠩᠬᠠᠷᠴᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠢ ᠲᠣᠭᠲᠠᠴᠠ ᠶᠢᠨ ᠲᠠᠯ᠎ᠠ ᠠᠴᠠ ᠰᠢᠢᠳᠪᠦᠷᠢᠯᠡᠬᠦ ᠠᠷᠭ᠎ᠠ ᠶᠢ ᠰᠤᠳᠤᠯᠤᠨ ᠳᠤᠷᠠᠳᠴᠤ᠂ ᠲᠣᠭᠤᠷᠢᠨ ᠪᠠᠶᠢᠴᠠᠭᠠᠯᠲᠠ ᠶᠢᠨ  ︽ᠰᠡᠭᠦᠯᠴᠢ ᠶᠢᠨ ᠠᠵᠢᠯ︾ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠦᠭᠦ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ︾ ᠢ ᠰᠠᠶᠢᠲᠤᠷ ᠬᠢᠬᠦ ᠠᠬᠢᠴᠠ ᠶᠢᠨ ᠪᠠᠶᠢᠳᠠᠯ ᠢ ᠲᠣᠬᠢᠷᠠᠭᠤᠯᠵᠤ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠪᠦᠭᠦ ᠣᠷᠣᠨ ᠤ ᠡᠯ᠎ᠡ ᠲᠥᠷᠥᠯ ᠤᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠮᠥᠷᠳᠡᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠳᠤᠯ ᠦᠭᠡᠢ᠂ ᠲᠦᠭᠡᠮᠡᠯ ᠬᠠᠷᠠᠭᠠᠯᠵᠠᠯᠲᠤ᠂ ᠨᠠᠰᠤᠵᠢᠯ ᠤᠨ ᠠᠰᠠᠷᠠᠮᠵᠢ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ 5 ᠠᠵᠢᠯ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ᠂ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠪᠦᠬᠦᠢ ᠪᠠᠩᠬᠢ ᠶᠢᠨ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠦ ᠶᠢᠨ ᠢᠷᠮᠡᠭ ᠲᠤ ᠲᠤᠯᠤᠭᠰᠠᠨ ᠪᠠᠶᠢᠭᠤᠯᠤᠮᠵᠢ ᠶᠢᠨ ᠬᠤᠷᠢᠭᠯᠠᠯᠲᠠ  ᠶᠢᠨ ᠳᠠᠶᠢᠯᠠᠯᠳᠤᠭᠠᠨ ᠢ ᠭᠤᠶᠢᠪᠢᠰᠢ ᠦᠭᠡᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠳᠡᠳ᠋ ᠡᠷᠭᠢᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号