2024 ᠣᠨ ᠤ ᠨᠢᠭᠡᠳᠦᠭᠡᠷ ᠤᠯᠠᠷᠢᠯ ᠳᠤ ᠮᠠᠨ ᠤ ᠠᠶᠢᠮᠠᠭ ᠤᠨ ᠡᠨᠧᠷᠭᠢ ᠶᠢᠨ ᠬᠤᠷᠣᠭᠳᠠᠯ ᠲᠦᠷᠭᠡᠨ | ᠨᠡᠮᠡᠭᠳᠡᠵᠦ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠪᠠᠭᠤᠷᠠᠬᠤ ᠥᠬᠡᠶ ᠮᠥᠷᠲᠡᠭᠡᠨ ᠨᠡᠮᠡᠭᠳᠡᠵᠦ᠂ | ᠵᠢᠱᠢᠯᠲᠡ ᠪᠠᠷ ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ | ᠬᠤᠷᠣᠭᠳᠠᠯ ᠮᠥᠨ ᠬᠦ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠳᠠᠷᠤᠯᠲᠠ ᠦᠷᠭᠦᠯᠵᠢᠯᠡᠨ ᠨᠡᠮᠡᠭᠳᠡᠬᠦ ᠪᠣᠯᠤᠨ᠎ᠠ᠃ ᠮᠠᠨ ᠤ ᠠᠶᠢᠮᠠᠭ ᠤᠨ 2024 ᠣᠨ ᠤ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠵᠢᠴᠢ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠠᠬᠢᠴᠠ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ | ᠡᠳᠦᠭᠡ ᠳᠣᠤᠷᠠᠬᠢ ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ︽ᠬᠤᠶᠠᠷ ᠢ ᠲᠡᠷᠢᠭᠦᠨ ᠳᠤ ᠪᠡᠶᠡᠯᠡᠬᠦᠯᠵᠦ᠂ ᠬᠤᠶᠠᠷ ᠢ ᠳᠠᠪᠠᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠠ ᠲᠣᠬᠢᠶᠠᠯ ᠢ ᠠᠮᠵᠢᠨ᠂ ᠨᠢᠭᠡ ᠪᠦᠯᠦᠭ ᠰᠢᠨ᠎ᠡ ᠡᠨᠧᠷᠭᠢ ᠶᠢᠨ ᠲᠥᠷᠥᠯ | ᠵᠦᠢᠯ ᠢ ᠦᠷᠭᠦᠯᠵᠢᠯᠡᠨ ᠰᠦᠪᠡᠭᠴᠢᠯᠡᠨ ᠠᠬᠢᠭᠤᠯᠵᠦ᠂ ᠴᠡᠪᠡᠷ ᠴᠠᠬᠢᠯᠭᠠᠨ ᠢ ᠣᠶᠢᠷ᠎ᠠ ᠬᠠᠪᠢ ᠳᠠᠭᠠᠨ ᠲᠤᠬᠠᠶ ᠶᠢᠨ | ᠭᠠᠵᠠᠷ ᠲᠤᠨᠢ ᠰᠢᠩᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠠᠯᠠᠱᠠ ᠠᠶᠢᠮᠠᠭ ᠤᠨ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠠᠶᠢᠮᠠᠭ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠳᠡᠢ᠃ | ᠬᠤᠶᠠᠷ᠂ ᠬᠠᠷᠠᠯᠲᠠ ᠡᠭᠦᠷᠭᠡ | ᠪᠥᠬᠦ ᠠᠶᠢᠮᠠᠭ ᠵᠢᠴᠢ ᠡᠯ᠎ᠡ ᠬᠤᠰᠢᠭᠤ ︵ᠤᠷᠤᠨ︶ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠡᠭᠦᠷᠭᠡ ᠪᠠᠨ 80% ᠪᠠᠷ ᠪᠡᠶᠡᠯᠡᠭᠦᠯᠵᠦ᠂ | 2024 ᠣᠨ ᠤ ᠪᠥᠬᠦ ᠠᠶᠢᠮᠠᠭ ᠵᠢᠴᠢ ᠬᠤᠰᠢᠭᠤ ︵ᠣᠷᠣᠨ︶ ᠶᠢᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢ ᠪᠠᠭᠤᠷᠠᠭᠤᠯᠬᠤ ᠳᠣᠬᠠᠢ ᠬᠤᠪᠢᠶᠠᠷᠢᠯᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ᠭᠤᠷᠪᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠨᠧᠷᠭᠢ ᠠᠷᠪᠢᠯᠠᠬᠤ ᠬᠠᠷᠠᠯᠲᠠ ᠡᠭᠦᠷᠭᠡ ᠶᠢ | ᠴᠢᠷᠮᠠᠶᠢᠨ ᠪᠡᠶᠡᠯᠡᠭᠦᠯᠦᠨ᠎ᠡ | ︵ᠨᠢᠭᠡ︶ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠎ᠠ᠃ ᠲᠦᠭᠦᠬᠡᠶ ᠮᠠᠲ᠋ᠧᠷᠢᠶᠠᠯ ᠤᠨ | ᠡᠨᠧᠷᠭᠢ ᠬᠡᠷᠡᠭᠯᠡᠬᠦ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠪᠠᠶᠢᠳᠠᠯ ᠲᠠᠢ ᠤᠶᠠᠯᠳᠤᠭᠤᠯᠤᠨ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠭᠤᠷᠪᠠᠨ ᠵᠢᠯ ᠤᠨ ᠡᠨᠧᠷᠭᠢ ᠠᠷᠪᠢᠯᠠᠬᠤ | ᠬᠠᠷᠠᠯᠲᠠ ᠶᠢ ᠪᠡᠶᠡᠯᠡᠭᠦᠯᠦᠭᠰᠡᠨ ᠠᠬᠢᠴᠠ᠂ ᠰᠡᠭᠦᠯᠴᠢ ᠶᠢᠨ ᠬᠤᠶᠠᠷ ᠵᠢᠯ ᠤᠨ ᠬᠠᠷᠠᠯᠲᠠ ᠡᠭᠦᠷᠭᠡ ᠶᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠡᠯ᠎ᠡ ᠬᠤᠰᠢᠭᠤ ︵ ᠣᠷᠣᠨ︶ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ | ᠶᠢ ᠪᠠᠭᠤᠷᠠᠭᠤᠯᠬᠤ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠪᠠᠭᠤᠯᠭᠠᠵᠤ᠂ ᠡᠯ᠎ᠡ ᠬᠤᠰᠢᠭᠤ ︵ | ᠣᠷᠣᠨ︶ ᠲᠣᠰ ᠭᠠᠵᠠᠷ ᠣᠷᠣᠨ ᠤ ᠪᠠᠨ GDP ᠶᠢᠨ ᠨᠡᠮᠡᠭᠳᠡᠯ ᠤᠨ ᠬᠤᠷᠳᠤᠴᠠ ᠶᠢ ᠦᠨᠳᠦᠰᠦᠯᠡᠨ | ᠲᠣᠰ ᠭᠠᠵᠠᠷ ᠣᠷᠣᠨ ᠤ ᠪᠠᠨ 2024 ᠣᠨ ᠤ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ | ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | ︵ᠬᠤᠶᠠᠷ︶ ᠡᠨᠧᠷᠭᠢ ᠠᠷᠪᠢᠯᠠᠬᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠷᠠᠭᠤᠯᠣᠨ᠎ᠠ᠃ | ᠭᠤᠤᠯᠳᠠᠯᠭ᠎ᠠ ᠲᠠᠢ ᠭᠠᠵᠠᠷ ᠣᠷᠣᠨ᠂ ᠠᠵᠢᠯ ᠲᠥᠷᠥᠯ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠬᠠᠮᠢᠶᠠᠷᠬᠤ | ᠵᠢᠴᠢ ᠬᠢᠨᠠᠨ ᠡᠵᠡᠮᠳᠡᠬᠦ ᠠᠵᠢᠯ ᠢ ᠰᠠᠶᠢᠲᠤᠷ ᠬᠢᠵᠦ᠂ ᠳᠣᠭᠢᠷᠠᠭᠤᠯᠬᠤ᠂ ᠰᠤᠳᠤᠯᠤᠨ ᠮᠠᠭᠠᠳᠯᠠᠬᠤ᠂ ᠤᠷᠢᠳᠴᠢᠯᠠᠨ | ᠰᠡᠷᠡᠮᠵᠢᠯᠡᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠲᠣᠭᠲᠠᠭᠠᠯ ᠶᠣᠰᠣᠭᠠᠷ | ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠦᠶ ᠵᠣᠬᠢᠰᠲᠠᠶ ᠬᠡᠷᠡᠭᠯᠡᠨ᠂ ᠡᠨᠧᠷᠭᠢ ᠶᠢᠨ | ᠬᠤᠷᠣᠭᠳᠠᠯ ᠢ ᠴᠣᠬᠤᠯᠠᠪᠤᠷᠢᠯᠠᠭᠰᠠᠨ ᠭᠦᠢᠴᠡᠳᠬᠡᠯ ᠲᠤᠭ᠎ᠠ ᠶᠢᠨ ᠬᠡᠪᠴᠢᠶᠡᠨ ᠳᠤ ᠬᠢᠵᠠᠭᠠᠷᠯᠠᠬᠤ ᠶᠢ ᠦᠨᠡᠨᠬᠦ | ᠪᠠᠲᠤᠯᠠᠵᠤ᠂ ︽ᠴᠠᠬᠢᠯᠭᠠᠨ ᠬᠡᠷᠡᠭᠯᠡᠬᠦ ᠶᠢ ᠬᠢᠵᠠᠭᠠᠷᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠵᠡᠷᠭᠡ | ᠬᠡᠯᠪᠡᠷᠢ ᠪᠠᠷ ᠠᠵᠢᠯ ᠢᠶᠠᠨ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃ ᠥᠪᠥᠷ ᠮᠣᠩᠭᠤᠯ ᠤᠨ ᠪᠥᠸᠧ ᠶᠤᠸᠠᠨ ᠢᠩᠭᠡᠨ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ | ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ | ᠨᠡᠮᠡᠭᠳᠡᠯ ᠥᠷᠲᠡᠭ ᠵᠢᠴᠢ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠲᠥᠷᠥᠯ ᠵᠦᠢᠯ ᠢ ᠪᠥᠲᠥᠭᠡᠨ ᠪᠠᠶᠢᠭᠤᠯᠵᠦ | ᠠᠰᠢᠭᠯᠠᠯᠲᠠ ᠳᠤ ᠣᠷᠣᠭᠤᠯᠤᠭᠰᠠᠨ ᠠᠬᠢᠴᠠ ᠵᠢᠴᠢ ᠪᠥᠬᠦ ᠠᠶᠢᠮᠠᠭ ᠤᠨ 2024 ᠣᠨ ᠤ ᠰᠢᠨ᠎ᠡ ᠡᠨᠧᠷᠭᠢ ᠶᠢᠨ | ᠲᠥᠷᠥᠯ ᠵᠦᠢᠯ ᠢ ᠪᠥᠲᠥᠭᠡᠨ ᠪᠠᠶᠢᠭᠤᠯᠵᠦ ᠠᠰᠢᠭᠯᠠᠬᠤ᠂ ᠲᠣᠤᠷ ᠲᠤ ᠨᠡᠶᠢᠯᠡᠭᠦᠯᠦᠨ ᠰᠢᠩᠭᠡᠭᠡᠬᠦ ᠪᠠ ᠵᠠᠬ᠎ᠠ | ᠳᠡᠯᠭᠡᠭᠦᠷᠴᠢᠯᠡᠨ ᠰᠢᠩᠭᠡᠭᠡᠬᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡ ᠵᠡᠷᠭᠡ | ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠵᠠᠳᠠᠯᠤᠯᠲᠠ ᠶᠢ | ᠪᠠᠷᠢᠮᠲᠠᠯᠠᠨ᠂ ᠡᠯ᠎ᠡ ᠭᠠᠵᠠᠷ ᠤᠨ ᠡᠨᠧᠷᠭᠢ ᠠᠷᠪᠢᠯᠠᠬᠤ ᠪᠠᠶᠢᠳᠠᠯ ᠢ ᠰᠠᠶᠢᠲᠤᠷ ᠵᠠᠳᠠᠯᠤᠨ ᠰᠤᠳᠤᠯᠵᠤ ᠮᠠᠭᠠᠳᠯᠠᠵᠦ᠂ | ᠡᠨᠧᠷᠭᠢ ᠠᠷᠪᠢᠯᠠᠬᠤ ᠠᠵᠢᠯ ᠤᠨ ᠠᠶᠢᠵᠠᠮ ᠪᠠ ᠡᠷᠴᠢᠮ ᠢ ᠵᠦᠶ ᠵᠣᠬᠢᠰᠲᠠᠶ ᠡᠵᠡᠮᠳᠡᠨ᠎ᠡ᠃ ﹇ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠳᠠᠷᠠᠭᠠᠬᠢ | ᠠᠵᠢᠯ ᠢ ᠴᠥᠮ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ᠂ ᠳᠠᠬᠢᠵᠤ ᠵᠢᠭᠰᠠᠭᠠᠬᠤ ᠦᠭᠡᠢ﹈ | ︵ᠭᠤᠷᠪᠠ︶ ᠰᠢᠨ᠎ᠡ ᠡᠨᠧᠷᠬᠢ ᠶᠢ ᠰᠢᠩᠭᠡᠭᠡᠬᠦ ᠠᠵᠢᠯ ᠢ ᠬᠦᠴᠦᠲᠡᠢ ᠠᠬᠢᠭᠤᠯᠤᠨ᠎ᠠ | ᠨᠢᠭᠡ ᠳᠤ᠂ ᠢᠳᠡᠪᠬᠢᠲᠡᠢ ᠬᠥᠳᠡᠯᠦᠯᠴᠡᠵᠦ᠂ ᠴᠡᠪᠡᠷ ᠴᠠᠬᠢᠯᠭᠠᠨ ᠤ ᠬᠡᠷᠡᠭᠯᠡᠯᠲᠡ ᠶᠢᠨ ᠬᠡᠮᠵᠢᠶ᠎ᠡ ᠪᠠ ᠴᠡᠪᠡᠷ | ᠴᠠᠬᠢᠯᠭᠠᠨ ᠤ ᠦᠨᠡᠮᠯᠡᠯ ᠬᠤᠳᠠᠯᠳᠤᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ︵ᠣᠷᠣᠨ︶ ᠨᠢ | ᠡᠨᠧᠷᠭᠢ ᠬᠡᠷᠡᠭᠯᠡᠬᠦ ᠨᠢᠭᠡᠴᠡ ᠶᠢᠨ ᠴᠡᠪᠡᠷ ᠴᠠᠬᠢᠯᠭᠠᠨ ᠢ ᠰᠢᠩᠭᠡᠭᠡᠵᠦ ᠠᠪᠤᠭᠰᠠᠨ ᠪᠠᠶᠢᠳᠠᠯ ᠪᠠ ᠠᠶᠢᠮᠠᠭ ᠤᠨ ᠳᠣᠲᠣᠷᠠᠬᠢ | ᠴᠡᠪᠡᠷ ᠴᠠᠬᠢᠯᠭᠠᠨ ᠤ ᠦᠨᠡᠮᠯᠡᠯ ᠲᠠᠢ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠵᠤ᠂ ᠴᠡᠪᠡᠷ | ᠴᠠᠬᠢᠯᠭᠠᠨ ᠴᠡᠪᠡᠷ ᠴᠠᠬᠢᠯᠭᠠᠨ ᠤ ᠦᠨᠡᠮᠯᠡᠯ ᠤᠨ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠳᠤ ᠪᠠᠶᠢᠴᠠᠭᠠᠨ | ᠰᠤᠳᠤᠯᠤᠯᠲᠠ ᠬᠢᠵᠦ᠂ ᠴᠠᠬᠢᠯᠭᠠᠨ ᠭᠠᠷᠭᠠᠬᠤ ᠺᠣᠮᠫᠠᠨᠢ ᠶᠢᠨ ᠴᠡᠪᠡᠷ ᠴᠠᠬᠢᠯᠭᠠᠨ ᠴᠡᠪᠡᠷ ᠴᠠᠬᠢᠯᠭᠠᠨ ᠤ ᠦᠨᠡᠮᠯᠡᠯ ᠤᠨ | ᠠᠷᠠᠯᠵᠢᠶ᠎ᠠ ᠳᠤ ᠣᠷᠣᠯᠴᠠᠭᠰᠠᠨ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠴᠡᠪᠡᠷ ᠴᠠᠬᠢᠯᠭᠠᠨ ᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠨᠥᠬᠦᠴᠡᠯ ᠪᠦᠷᠢᠯᠳᠦᠭᠦᠯᠦᠭᠰᠡᠨ | ᠡᠨᠧᠷᠭᠢ ᠬᠡᠷᠡᠭᠯᠡᠬᠦ ᠨᠢᠭᠡᠴᠡ ᠨᠦᠭᠦᠳ ︽2024 ᠣᠨ ᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠣᠯᠠᠨ | ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠤᠨ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠶᠢ ᠰᠠᠶᠢᠲᠤᠷ ᠬᠢᠬᠦ | ᠲᠤᠬᠠᠶ ᠮᠡᠳᠡᠭᠳᠡᠯ︾ ︽ᠥᠪᠥᠷ ᠮᠣᠩᠭᠤᠯ ᠤᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ | ᠳᠡᠯᠭᠡᠭᠦᠷ ᠤᠨ ᠴᠡᠪᠡᠷ ᠴᠠᠬᠢᠯᠭᠠᠨ ᠬᠦᠴᠦᠨ ᠤ ᠠᠷᠠᠯᠵᠢᠶᠠᠨ ᠤ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ | ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ ᠴᠡᠪᠡᠷ ᠴᠠᠬᠢᠯᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠬᠤᠳᠠᠯᠳᠤᠨ | ᠠᠪᠴᠤ ᠬᠡᠷᠡᠭᠯᠡᠬᠦ ᠬᠡᠷᠡᠭᠲᠡᠶ᠃ ᠡᠯ᠎ᠡ ᠬᠤᠰᠢᠭᠤ ︵ ᠣᠷᠣᠨ︶ ᠨᠢ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ | ᠠᠬᠤᠶᠢᠯᠠᠯ ᠢ ᠵᠢᠯᠣᠭᠤᠳᠴᠤ ᠪᠠᠶᠢᠭᠠᠳ 2024 ᠣᠨ ᠤ ᠴᠡᠪᠡᠷ ᠴᠠᠬᠢᠯᠭᠠᠨ᠂ ᠴᠡᠪᠡᠷ ᠴᠠᠬᠢᠯᠭᠠᠨ ᠤ ᠦᠨᠡᠮᠯᠡᠯ | ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ | ᠬᠡᠷᠡᠭᠵᠢᠬᠦᠯᠵᠦ︾᠂ 2024 ᠣᠨ ᠤ 4 ᠰᠠᠷ᠎ᠠ ᠠᠴᠠ ᠡᠬᠢᠯᠡᠨ ᠬᠤᠳᠠᠯᠳᠤᠨ ᠠᠪᠬᠤ ᠲᠥᠯᠥᠪᠯᠡᠭᠡ ᠪᠠᠨ | ᠡᠬᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | ᠬᠤᠶᠠᠷ ᠲᠤ᠂ ᠴᠡᠪᠡᠷ ᠴᠠᠬᠢᠯᠭᠠᠨ ᠢᠶᠠᠷ ᠣᠷᠣᠯᠠᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠲᠦᠷᠦᠯ | ᠵᠦᠢᠯ ᠢ ᠲᠣᠣᠷ ᠲᠤ ᠨᠡᠶᠢᠯᠡᠭᠦᠯᠬᠦ ᠪᠠ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ | ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ ᠵᠦᠢᠯ ᠳᠤ ᠴᠡᠪᠡᠷ ᠴᠠᠬᠢᠯᠭᠠᠨ ᠬᠡᠷᠡᠭᠯᠡᠬᠦ ᠶᠢ ᠵᠣᠷᠢᠭᠵᠢᠭᠤᠯᠤᠨ | ᠬᠥᠲᠥᠯᠦᠨ ᠵᠢᠯᠣᠭᠤᠳᠤᠨ᠎ᠠ᠃ ᠦᠯᠡᠳᠡᠭᠡᠯ ᠡᠨᠧᠷᠭᠢ ᠶᠢᠨ ᠬᠤᠷᠣᠭᠳᠠᠯ ᠶᠡᠬᠡᠲᠡᠶ ᠴᠠᠬᠢᠯᠭᠠᠨ ᠬᠡᠷᠡᠭᠯᠡᠬᠦ ᠳᠠᠭᠠᠭᠠᠴᠠ ᠶᠢᠨ | ᠲᠥᠷᠥᠯ ᠵᠦᠢᠯ ᠳᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ᠂ ᠴᠠᠬᠢᠯᠭᠠᠨᠵᠢᠭᠤᠯᠤᠭᠰᠠᠨ | ᠥᠭᠡᠷᠡᠴᠢᠯᠡᠯᠲᠡ ᠶᠢ ᠬᠡᠷᠡᠭᠵᠢᠭᠦᠯᠬᠦ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠢ ᠰᠢᠭᠤᠳ | ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠪᠡᠷ ᠴᠠᠬᠢᠯᠭᠠᠨ ᠢᠶᠠᠷ ᠣᠷᠣᠯᠠᠭᠤᠯᠬᠤ ᠶᠢ ᠵᠣᠷᠢᠭᠵᠢᠭᠤᠯᠤᠨ | ᠳᠡᠮᠵᠢᠵᠦ᠂ ᠴᠡᠪᠡᠷ ᠴᠠᠬᠢᠯᠭᠠᠨ ᠤ ᠬᠡᠷᠡᠭᠯᠡᠯᠲᠡ ᠶᠢᠨ ᠬᠠᠷᠢᠴᠠᠯ ᠢ ᠳᠡᠭᠡᠭᠰᠢᠯᠡᠭᠦᠯᠦᠨ᠂ ︽ᠣᠷᠣᠯᠠᠬᠤ ᠶᠣᠰᠣᠲᠠᠶ ᠶᠢ ᠨᠢ | ᠪᠦᠬᠦᠨ ᠢ ᠣᠷᠣᠯᠠᠭᠤᠯᠵᠤ᠂ ᠣᠷᠣᠯᠠᠭᠤᠯᠵᠤ ᠪᠣᠯᠬᠤ ᠶᠢ ᠨᠢ ᠡᠷᠲᠡᠬᠡᠨ ᠣᠷᠣᠯᠠᠭᠤᠯᠵᠦ︾᠂ ᠬᠤᠰᠢᠭᠤ ︵ᠣᠷᠣᠨ︶ | ᠢᠶᠠᠷ ᠨᠢᠭᠡᠴᠢ ᠪᠣᠯᠭᠠᠨ ᠴᠡᠪᠡᠷ ᠴᠠᠬᠢᠯᠭᠠᠨ ᠢᠶᠠᠷ ᠣᠷᠣᠯᠠᠭᠤᠯᠬᠤ ᠲᠥᠰᠦᠯ ᠢ ᠲᠣᠭᠲᠠᠭᠠᠵᠤ᠂ ᠴᠠᠭ ᠤᠨ ᠬᠦᠰᠦᠨᠦᠭᠲᠦ | ᠂ ᠠᠵᠢᠯ ᠤᠨ ᠳᠦᠯᠦᠪᠯᠡᠭᠡ ᠶᠢ ᠲᠣᠳᠣᠷᠬᠠᠶᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠭᠤᠷᠪᠠ ᠳᠤ᠂ ᠡᠨᠧᠷᠭᠢ ᠶᠡᠭᠡ ᠬᠤᠷᠣᠭᠳᠠᠭᠤᠯᠬᠤ ᠠᠵᠤ ᠠᠬᠤᠶᠢᠯᠠᠯ ᠤᠨ ᠴᠡᠪᠡᠷ ᠴᠠᠬᠢᠯᠭᠠᠨ ᠤ ᠬᠡᠷᠡᠭᠯᠡᠭᠡᠨ ᠤ | ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠣᠳᠣᠬᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ᠠᠷᠠᠯᠵᠢᠶᠠᠨ ᠤ ᠲᠥᠪ ᠨᠢᠭᠡᠨᠲᠡ ᠬᠡᠷᠡᠭᠯᠡᠭᠴᠢ ᠶᠢᠨ ᠲᠠᠯ᠎ᠠ ᠶᠢᠨ ᠰᠢᠨ᠎ᠡ ᠡᠨᠧᠷᠭᠢ ᠶᠢᠨ ᠬᠠᠷᠢᠴᠠᠯ ᠤᠨ ᠬᠢᠵᠠᠭᠠᠷᠯᠠᠯ ᠢ | ᠬᠦᠴᠦᠨ ᠥᠬᠡᠶ ᠪᠣᠯᠭᠠᠵᠤ᠂ ᠠᠷᠠᠯᠵᠢᠶᠠᠯᠠᠬᠤ ᠴᠠᠭ ᠤᠨ ᠳᠠᠷᠠᠭᠠᠯᠠᠯ ᠢ ᠳᠣᠭᠢᠷᠠᠭᠤᠯᠤᠨ᠂ ᠰᠢᠨ᠎ᠡ ᠡᠨᠧᠷᠭᠢ ᠶᠢᠨ | ᠠᠷᠠᠯᠵᠢᠶ᠎ᠠ ᠶᠢ ᠳᠡᠷᠢᠬᠦᠨ ᠳᠤ ᠳᠠᠯᠪᠢᠵᠦ᠂ ᠡᠯ᠎ᠡ ᠡᠨᠧᠷᠭᠢ ᠬᠡᠷᠡᠭᠯᠡᠬᠦ ᠠᠵᠤ ᠠᠬᠤᠶᠢᠯᠠᠯ ᠤᠳ ᠲᠣᠰ ᠪᠡᠶ᠎ᠡ ᠶᠢᠨ | ᠬᠡᠷᠡᠭᠴᠡᠭᠡ ᠪᠠᠨ ᠦᠨᠳᠦᠰᠦᠯᠡᠨ ᠴᠡᠪᠡᠷ ᠴᠠᠬᠢᠯᠭᠠᠨ ᠤ ᠠᠷᠠᠯᠵᠢᠶᠠᠨ ᠤ ᠠᠷᠭ᠎ᠠ ᠪᠣᠳᠣᠯᠭ᠎ᠠ ᠶᠢ ᠲᠣᠭᠲᠠᠭᠠᠵᠤ ᠪᠣᠯᠤᠨ᠎ᠠ᠃ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠶ᠂ | ᠴᠣᠬᠤᠯᠠᠪᠤᠷᠢᠯᠠᠭᠰᠠᠨ ᠡᠨᠧᠷᠭᠢ ᠶᠢ ᠬᠡᠳᠦᠷᠡᠳᠡᠯ᠎ᠡ ᠬᠡᠷᠡᠭᠯᠡᠬᠦ᠂ ᠨᠢᠬᠡᠴᠢ ᠨᠡᠮᠡᠭᠳᠡᠯ ᠥᠷᠲᠡᠭ ᠤᠨ ᠡᠨᠧᠷᠭᠢ ᠶᠢᠨ | ᠬᠤᠷᠣᠭᠳᠠᠯ ᠪᠠ ᠨᠢᠭᠡᠴᠢ ᠦᠢᠯᠡᠳᠭᠦᠨ ᠤ ᠡᠨᠧᠷᠭᠢ ᠶᠢᠨ ᠬᠤᠷᠣᠭᠳᠠᠯ ᠨᠢ ᠴᠣᠬᠤᠯᠠᠪᠤᠷᠢᠯᠠᠭᠰᠠᠨ ᠲᠤᠭ᠎ᠠ | ᠪᠠᠷᠢᠮᠲᠠ ᠠᠴᠠ ᠳᠠᠪᠠᠭᠰᠠᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠪᠡᠶᠡᠯᠡᠭᠦᠯᠦᠭᠰᠡᠨ ᠦᠭᠡᠶ᠂ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠪᠠᠭᠠᠰᠬᠠᠭᠰᠠᠨ ᠦᠭᠡᠶ᠂ | ᠡᠨᠧᠷᠭᠢ ᠶᠢᠨ ᠠᠰᠢᠭᠯᠠᠮᠵᠢ ᠨᠢ ᠪᠠᠷᠢᠮᠵᠢᠶ᠎ᠠ ᠠᠴᠠ ᠳᠣᠤᠷ᠎ᠠ ᠪᠤᠶᠤ ᠨᠢᠭᠡᠴᠢ ᠦᠢᠯᠡᠳᠬᠦᠨ ᠤ ᠡᠨᠧᠷᠭᠢ ᠶᠢᠨ | ᠬᠤᠷᠣᠭᠳᠠᠯ ᠨᠢ ᠬᠢᠵᠠᠭᠠᠷᠯᠠᠭᠰᠠᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠦᠭᠡᠳᠦᠶ ᠡᠨᠧᠷᠭᠢ ᠶᠡᠭᠡ | ᠬᠤᠷᠣᠭᠳᠠᠭᠤᠯᠬᠤ ᠠᠵᠤ ᠠᠬᠤᠶᠢᠯᠠᠯ ᠨᠢ ᠬᠡᠲᠦᠷᠡᠭᠰᠡᠨ ᠬᠡᠰᠡᠭ ᠢ ᠴᠡᠪᠡᠷ ᠴᠠᠬᠢᠯᠭᠠᠨ ᠴᠡᠪᠡᠷ ᠴᠠᠬᠢᠯᠭᠠᠨ ᠤ | ᠦᠨᠡᠮᠯᠡᠯ ᠤᠨ ᠠᠷᠠᠯᠵᠢᠶ᠎ᠠ᠂ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠠᠷᠢᠴᠠᠯ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠳᠤ ᠦᠵᠡᠭᠦᠯᠬᠦ ᠠᠰᠢᠭ ᠥᠬᠡᠶ ᠨᠥᠯᠥᠭᠡ ᠶᠢ ᠠᠷᠢᠯᠭᠠᠨ᠎ᠠ᠃ ᠡᠨᠧᠷᠭᠢ | ᠶᠡᠭᠡ ᠬᠤᠷᠣᠭᠳᠠᠭᠤᠯᠬᠤ ᠠᠵᠤ ᠠᠬᠤᠶᠢᠯᠠᠯ ᠤᠨ ᠴᠡᠪᠡᠷ ᠴᠠᠬᠢᠯᠭᠠᠨ ᠤ ᠬᠡᠷᠡᠭᠯᠡᠭᠡᠨ ᠤ ᠬᠠᠷᠢᠭᠤᠴᠠᠯᠭ᠎ᠠ ᠶᠢ | ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠡᠪᠡᠷ ᠴᠠᠬᠢᠯᠭᠠᠨ ᠤ ᠠᠷᠠᠯᠵᠢᠶ᠎ᠠ ᠪᠠ ᠴᠡᠪᠡᠷ | ᠴᠠᠬᠢᠯᠭᠠᠨ ᠤ ᠦᠨᠡᠮᠯᠡᠯ ᠬᠤᠳᠠᠯᠳᠤᠨ ᠠᠪᠤᠭᠰᠠᠨ ᠪᠠᠶᠢᠳᠠᠯ ᠢ ᠰᠠᠷ᠎ᠠ ᠪᠠᠷ ᠬᠢᠨᠠᠨ ᠬᠡᠮᠵᠢᠬᠦ ᠶᠢᠨ ᠬᠠᠮᠲᠤ ᠰᠠᠷ᠎ᠠ | ᠪᠦᠷᠢ ᠶᠢᠨ ᠰᠡᠭᠦᠯᠴᠢ ᠪᠠᠷ ᠬᠢᠨᠠᠨ ᠬᠡᠮᠵᠢᠭᠰᠡᠨ ᠪᠠᠶᠢᠳᠠᠯ ᠢᠶᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠪᠠ ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | ︵ᠳᠥᠷᠪᠡ︶ ᠡᠨᠧᠷᠭᠢ ᠠᠷᠪᠢᠯᠠᠬᠤ ᠮᠡᠷᠭᠡᠵᠢᠯ ᠢ ᠦᠭᠡᠷᠡᠴᠢᠯᠡᠬᠦ ᠡᠷᠴᠢᠮ ᠢᠶᠠᠨ ᠨᠡᠮᠡᠭᠳᠡᠬᠦᠯᠦᠨ᠎ᠡ᠃ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠦᠯᠡᠳᠡᠭᠡᠯ ᠲᠥᠷᠥᠯ ᠵᠦᠢᠯ ᠳᠤ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠪᠠ ᠡᠨᠧᠷᠭᠢ ᠶᠢᠨ ᠦᠷ᠎ᠡ ᠠᠰᠢᠭ ᠤᠨ ︽ᠨᠡᠶᠢᠳᠡᠮ ᠪᠠᠶᠢᠴᠠᠭᠠᠯᠲᠠ︾ ᠶᠢ ᠥᠷᠨᠢᠭᠦᠯᠦᠨ᠎ᠡ᠃ ᠡᠯ᠎ᠡ | ᠬᠤᠰᠢᠭᠤ ︵ ᠣᠷᠣᠨ︶ ᠨᠢ ︽ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠦᠢᠯᠡᠳᠬᠦᠨ ᠤ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠶᠢᠨ ᠲᠡᠷᠢᠭᠦᠨ ᠤ ᠬᠢᠷᠢ ᠲᠦᠪᠰᠢᠨ᠂ ᠡᠨᠧᠷᠭᠢ ᠠᠷᠪᠢᠯᠠᠬᠤ ᠬᠢᠷᠢ ᠲᠦᠪᠰᠢᠨ ᠪᠠ | ᠵᠥᠪᠰᠢᠶᠡᠷᠡᠨ ᠣᠷᠣᠭᠤᠯᠬᠤ ᠬᠢᠷᠢ ᠲᠦᠪᠰᠢᠨ ︵2024 ᠣᠨ ᠤ ᠬᠡᠪᠯᠡᠯ︶︾ ᠲᠠᠢ ᠪᠠᠷᠢᠮᠵᠢᠶᠠᠯᠠᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠦᠢᠯᠡᠳᠬᠦᠨ᠂ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠪᠣᠯᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ᠂ | ᠬᠤᠴᠣᠷᠤᠩᠭᠤᠢ ᠲᠥᠬᠦᠭᠡᠷᠦᠮᠵᠢ ᠶᠢ ᠰᠢᠭᠰᠢᠭᠳᠡᠭᠦᠯᠬᠦ ᠵᠡᠷᠭᠡ ᠮᠡᠳᠡᠭᠡ ᠵᠠᠩᠭᠢ ᠶᠢ ᠪᠦᠬᠦ ᠲᠠᠯ᠎ᠠ ᠪᠠᠷ ᠲᠣᠳᠣᠷᠬᠠᠢ | ᠣᠶᠢᠯᠠᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠦᠷ᠎ᠡ ᠠᠰᠢᠭ ᠢ | ᠪᠠᠷᠢᠮᠵᠢᠶᠠᠯᠠᠭᠰᠠᠨ ᠨᠠᠷᠢᠨ ᠬᠠᠭᠤᠳᠠᠰᠤ ᠪᠣᠯᠤᠨ ᠬᠤᠴᠣᠷᠤᠩᠭᠤᠢ ᠲᠥᠬᠦᠭᠡᠷᠦᠮᠵᠢ ᠶᠢ ᠰᠢᠭᠰᠢᠭᠳᠡᠭᠦᠯᠬᠦ ᠨᠠᠷᠢᠨ | ᠳᠠᠩᠰᠠ ᠶᠢ ᠪᠠᠶᠢᠭᠤᠯᠣᠨ᠎ᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠯᠥᠪᠯᠡᠭᠡ ᠪᠣᠯᠤᠨ ᠬᠤᠴᠣᠷᠤᠩᠭᠤᠶ ᠲᠥᠬᠦᠭᠡᠷᠦᠮᠵᠢ ᠶᠢ ᠰᠣᠯᠢᠬᠤ ᠲᠥᠯᠥᠪᠯᠡᠭᠡ ᠶᠢ ᠲᠣᠭᠲᠠᠭᠠᠵᠤ᠂ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠡᠨᠧᠷᠭᠢ ᠬᠡᠷᠡᠭᠯᠡᠬᠦ | ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠬᠡᠬᠦ ᠶᠢ ᠠᠯᠬᠤᠮ ᠠᠯᠬᠤᠮ ᠢᠶᠠᠷ ᠠᠬᠢᠭᠤᠯᠣᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ︶ | ︵ᠲᠠᠪᠤ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ | ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠳᠣᠬᠠᠢ ᠬᠡᠷᠡᠭᠵᠢᠭᠦᠯᠬᠦ | ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢᠨ ᠪᠠᠷᠢᠮᠵᠢᠶ᠎ᠠ ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠶᠡᠭᠡ | ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ᠃ ᠲᠥᠷᠥᠯ ᠵᠦᠢᠯ ᠤᠨ ᠡᠨᠧᠷᠭᠢ ᠠᠷᠪᠢᠯᠠᠬᠤ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ᠂ ᠴᠣᠬᠤᠯᠠᠪᠤᠷᠢᠯᠠᠬᠤ ᠪᠦᠬᠦ ᠶᠠᠪᠤᠴᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠵᠥᠪᠰᠢᠶᠡᠷᠡᠨ ᠣᠷᠣᠭᠤᠯᠬᠤ | ᠪᠣᠭᠤᠮᠲᠠ ᠶᠢ ᠴᠢᠩᠭ᠎ᠠ ᠠᠳᠬᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ | ᠥᠨᠳᠥᠷ ᠨᠢᠭᠡ ᠳᠣᠤᠷ᠎ᠠ﹀ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠳᠣᠬᠠᠢ | ᠬᠠᠮᠢᠶᠠᠷᠤᠯᠲᠠ ᠡᠵᠡᠮᠳᠡᠯ ᠤᠨ ᠭᠠᠷᠴᠠᠭ︾ ᠢ ᠴᠢᠩᠭ᠎ᠠ ᠬᠡᠷᠡᠭᠵᠢᠭᠦᠯᠵᠦ᠂ ︽ᠬᠤᠶᠠᠷ ᠥᠨᠳᠥᠷ ᠨᠢᠭᠡ ᠳᠣᠣᠷ᠎ᠠ︾ | ᠲᠥᠷᠥᠯ ᠵᠦᠢᠯ ᠢ ᠰᠣᠬᠤᠷ ᠪᠠᠯᠠᠶ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︶ | ︵ᠵᠢᠷᠭᠤᠭ᠎ᠠ︶ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠵᠦᠢᠯ ᠤᠨ | ᠡᠨᠧᠷᠭᠢ ᠠᠷᠪᠢᠯᠠᠬᠤ ᠶᠢ ᠰᠢᠯᠭᠠᠨ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠳᠠᠬᠢ ᠠᠰᠢᠭᠯᠠᠯᠲᠠ ᠳᠤ ᠣᠷᠣᠭᠤᠯᠤᠭᠰᠠᠨ ᠪᠤᠶᠤ ᠲᠥᠷᠥᠯ ᠵᠦᠢᠯ ᠤᠨ | ᠡᠨᠧᠷᠭᠢ ᠠᠷᠪᠢᠯᠠᠭᠰᠠᠨ ᠢ ᠬᠢᠨᠠᠨ ᠪᠠᠶᠢᠴᠠᠭᠠᠭᠰᠠᠨ ᠪᠠᠶᠢᠳᠠᠯ ᠤᠨ ︽ᠡᠷᠭᠢᠨ ᠬᠠᠷᠠᠬᠤ︾ ᠶᠢ ᠥᠷᠨᠢᠭᠦᠯᠵᠦ᠂ ᠠᠵᠤ | ᠠᠬᠤᠶᠢᠯᠠᠯ ᠤᠨ ᠪᠣᠳᠠᠲᠠᠶ ᠡᠨᠧᠷᠭᠢ ᠶᠢᠨ ᠬᠤᠷᠣᠭᠳᠠᠯ᠂ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ | ᠪᠠ ᠨᠢᠭᠡᠴᠢ ᠦᠢᠯᠡᠳᠭᠦᠨ ᠤ ᠡᠨᠧᠷᠭᠢ ᠶᠢᠨ ᠬᠤᠷᠣᠭᠳᠠᠯ ᠤᠨ ᠴᠣᠬᠤᠯᠠᠪᠤᠷᠢ ᠠᠴᠠ ᠳᠠᠪᠠᠭᠰᠠᠨ ᠡᠰᠡᠬᠦ᠂ ᠰᠢᠨ᠎ᠡ ᠪᠠᠷ | ᠪᠠᠶᠢᠭᠤᠯᠤᠭᠰᠠᠨ ᠲᠥᠷᠥᠯ ᠵᠦᠢᠯ ᠳᠤ ︽ᠬᠤᠶᠠᠷ ᠲᠡᠷᠢᠭᠦᠨ︾ ᠢ ᠨᠠᠶᠢᠳᠠᠪᠤᠷᠢᠵᠢᠭᠤᠯᠤᠭᠰᠠᠨ ᠡᠰᠡᠬᠦ᠂ | ᠪᠠᠶᠢᠭᠤᠯᠬᠤ ᠵᠥᠪᠰᠢᠶᠡᠷᠡᠬᠦ ᠨᠢ ᠨᠡᠶᠢᠴᠡᠬᠦ ᠡᠰᠡᠬᠦ᠂ ᠠᠮᠠᠯᠳᠠᠭᠰᠠᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠦᠭᠰᠡᠨ ᠡᠰᠡᠬᠦ᠂ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ ᠬᠡᠷᠡᠭᠯᠡᠬᠦ ᠠᠴᠠ ᠡᠮᠦᠨ᠎ᠡ ᠡᠨᠧᠷᠭᠢ ᠠᠷᠪᠢᠯᠠᠬᠤ ᠶᠢ ᠰᠢᠯᠭᠠᠨ ᠠᠪᠣᠭᠰᠠᠨ ᠡᠰᠡᠬᠦ ᠶᠢ ᠭᠤᠤᠯᠳᠠᠯᠭ᠎ᠠ ᠲᠠᠢ | ᠪᠠᠶᠢᠴᠠᠭᠠᠨ᠎ᠠ᠃ ᠦᠷ᠎ᠡ ᠳ᠋ᠦᠩ ᠤᠨ ᠤᠳᠤᠷᠢᠳᠤᠮᠵᠢ ᠶᠢ ᠴᠢᠩᠭᠠᠳᠬᠠᠵᠤ᠂ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠳᠤ ᠠᠰᠠᠭᠤᠳᠠᠯ ᠣᠷᠣᠰᠢᠵᠤ ᠪᠠᠶᠢᠭ᠎ᠠ ᠬᠤᠰᠢᠭᠤ ︵ᠣᠷᠣᠨ︶ ᠢ ᠵᠠᠷᠯᠠᠨ ᠮᠡᠳᠡᠭᠳᠡᠬᠦ ᠶᠢᠨ ᠬᠠᠮᠲᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠨ᠎ᠠ︔ ᠬᠢᠨᠠᠨ ᠵᠥᠪᠰᠢᠶᠡᠷᠡᠬᠦ ᠴᠢᠳᠠᠪᠤᠷᠢ ᠨᠢ | ᠵᠣᠬᠢᠴᠠᠬᠤ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠡᠷᠬᠡ ᠳᠤ ᠲᠣᠬᠢᠷᠠᠭᠤᠯᠤᠯᠲᠠ | ᠬᠢᠬᠦ ᠪᠤᠶᠤ ᠳᠡᠭᠡᠭᠰᠢ ᠬᠤᠷᠢᠶᠠᠵᠤ᠂ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠢᠯ ᠢ ᠬᠤᠭᠤᠴᠠᠭ᠎ᠠ ᠲᠣᠭᠲᠠᠭᠠᠨ | ᠴᠡᠭᠴᠡᠯᠡᠨ ᠰᠠᠶᠢᠵᠢᠷᠠᠭᠤᠯᠵᠤ ᠰᠢᠮᠳᠠᠭᠤᠯᠤᠨ ᠰᠢᠢᠳᠪᠦᠷᠢᠯᠡᠭᠦᠯᠵᠦ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠠᠴᠠ ᠬᠡᠲᠦᠷᠡᠭᠰᠡᠨ ᠨᠥᠯᠥᠭᠡ ᠶᠢ ᠠᠷᠢᠯᠭᠠᠨ᠂ ᠮᠠᠨ ᠤ | ᠠᠶᠢᠮᠠᠭ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ | ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︶ | ︵ᠳᠣᠯᠤᠭ᠎ᠠ︶ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠡᠯ᠎ᠡ ᠬᠤᠰᠢᠭᠤ ︵ᠣᠷᠣᠨ︶ ︽ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ | ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠡᠨᠧᠷᠭᠢ | ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠷᠠᠯᠲᠠ ᠶᠢ ᠪᠡᠶᠡᠯᠡᠭᠦᠯᠦᠭᠰᠡᠨ᠂ | ᠡᠨᠧᠷᠭᠢ ᠶᠢ ᠠᠰᠢᠭᠯᠠᠭᠰᠠᠨ ᠦᠷ᠎ᠡ ᠪᠦᠲᠦᠮᠵᠢ ᠵᠢᠴᠢ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠲᠥᠯᠥᠪᠯᠡᠭᠡ ᠪᠣᠯᠤᠨ ᠡᠨᠧᠷᠭᠢ ᠠᠷᠪᠢᠯᠠᠬᠤ | ᠠᠷᠭ᠎ᠠ ᠬᠡᠮᠵᠢᠶ᠎ᠡ ᠲᠣᠭᠲᠠᠭᠠᠵᠤ ᠬᠡᠷᠡᠭᠵᠢᠭᠦᠯᠦᠭᠰᠡᠨ ᠡᠰᠡᠬᠦ᠂ ᠡᠨᠧᠷᠭᠢ ᠶᠢᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠦᠭᠰᠡᠨ ᠡᠰᠡᠬᠦ᠂ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ | ᠲᠣᠬᠢᠷᠠᠭᠤᠯᠤᠭᠰᠠᠨ ᠡᠰᠡᠬᠦ᠂ ᠬᠠᠤᠯᠢ ᠶᠣᠰᠣᠭᠠᠷ ᠰᠢᠯᠭᠠᠨ ᠲᠣᠭᠲᠠᠭᠠᠭᠰᠠᠨ ᠪᠤᠶᠤ ᠬᠠᠷᠭᠤᠭᠤᠯᠤᠭᠰᠠᠨ ᠡᠨᠧᠷᠭᠢ ᠶᠢᠨ | ᠬᠡᠮᠵᠢᠯᠲᠡ ᠶᠢᠨ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠡᠨᠧᠷᠭᠢ ᠠᠰᠢᠭᠯᠠᠭᠰᠠᠨ ᠪᠠᠶᠢᠳᠠᠯ ᠤᠨ | ᠮᠡᠳᠡᠭᠦᠯᠦᠯᠲᠡ ᠶᠢ ᠲᠠᠭᠯᠠᠨ ᠮᠡᠳᠡᠭᠦᠯᠦᠭᠰᠡᠨ ᠡᠰᠡᠬᠦ᠂ ︽ᠤᠯᠤᠰ ᠤᠨ ᠭᠤᠤᠯᠳᠠᠯᠭ᠎ᠠ ᠲᠠᠢ ᠡᠨᠧᠷᠭᠢ ᠠᠷᠪᠢᠯᠠᠬᠤ | ᠳᠣᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠳᠡᠯᠭᠡᠷᠡᠭᠦᠯᠬᠦ ᠭᠠᠷᠴᠠᠭ︾ ᠵᠢᠴᠢ ᠣᠷᠣᠨ ᠨᠤᠲᠤᠭ ᠤᠨ ᠨᠡᠶᠢᠲᠡᠯᠡᠭᠰᠡᠨ | ᠬᠠᠮᠢᠶ᠎ᠠ ᠪᠦᠬᠦᠢ ᠭᠠᠷᠴᠠᠭ ᠲᠠᠬᠢ ᠡᠨᠧᠷᠭᠢ ᠠᠷᠪᠢᠯᠠᠬᠤ ᠮᠡᠷᠭᠡᠵᠢᠯ᠂ ᠦᠢᠯᠡᠳᠪᠦᠷᠢᠯᠡᠬᠦ ᠮᠡᠷᠭᠡᠰᠢᠯ ᠪᠣᠯᠤᠨ ᠡᠨᠧᠷᠭᠢ | ᠬᠡᠷᠡᠭᠯᠡᠬᠦ ᠲᠥᠬᠦᠭᠡᠷᠦᠮᠵᠢ ᠶᠢ ᠡᠩ ᠲᠡᠷᠢᠭᠦᠨ ᠳᠤ ᠬᠡᠷᠡᠭᠯᠡᠭᠰᠡᠨ ᠡᠰᠡᠬᠦ᠂ ᠬᠤᠴᠣᠷᠤᠩᠭᠤᠶ ᠪᠠ ᠤᠯᠤᠰ ᠠᠴᠠ ᠢᠯᠡ ᠪᠠᠷ | ᠵᠠᠷᠯᠢᠭᠳᠠᠨ ᠬᠡᠷᠡᠭᠯᠡᠬᠦ ᠶᠢ ᠴᠠᠭᠠᠵᠠᠯᠠᠭᠰᠠᠨ ᠡᠨᠧᠷᠭᠢ ᠬᠡᠷᠡᠭᠯᠡᠬᠦ ᠦᠢᠯᠡᠳᠬᠦᠨ᠂ ᠲᠥᠬᠦᠭᠡᠷᠦᠮᠵᠢ ᠪᠣᠯᠤᠨ | ᠦᠢᠯᠡᠳᠪᠦᠷᠢᠯᠡᠬᠦ ᠤᠷ᠎ᠠ ᠮᠡᠷᠭᠡᠰᠢᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠨᠢᠭᠡᠴᠡ ᠶᠢᠨ ᠡᠨᠧᠷᠭᠢ ᠠᠷᠪᠢᠯᠠᠬᠤ | ᠬᠠᠮᠢᠶᠠᠷᠤᠯᠲᠠ ᠶᠢᠨ ᠬᠢᠷᠢ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠨᠠᠢᠮᠠ︶ ᠪᠣᠯᠪᠠᠰᠤᠷᠠᠯ ᠵᠢᠯᠣᠭᠤᠳᠤᠯᠭ᠎ᠠ ᠪᠠᠨ ᠴᠢᠩᠭᠠᠳᠬᠠᠨ᠎ᠠ᠃ ᠨᠢᠭᠡ ᠳᠤ᠂ ᠠᠵᠤ ᠠᠬᠤᠶᠢᠯᠠᠯ ᠤᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ | ᠂ ᠡᠨᠧᠷᠭᠢ ᠶᠢᠨ ᠦᠢᠯᠡᠳᠬᠦᠨ ᠤ ᠢᠯᠴᠢ ᠶᠢᠨ ᠬᠡᠮᠵᠢᠭᠳᠡᠯ ᠤᠨ ᠪᠣᠳᠠᠲᠠᠶ ᠬᠡᠮᠵᠢᠯᠲᠡ ᠶᠢ ᠦᠨᠡᠨ ᠪᠣᠳᠠᠲᠠᠶ ᠪᠠᠷ | ᠥᠷᠨᠢᠭᠦᠯᠵᠦ᠂ ᠳᠠᠪᠬᠤᠴᠠᠭᠤᠯᠬᠤ ᠦᠬᠡᠢ᠂ ᠣᠷᠬᠢᠭᠳᠠᠭᠤᠯᠬᠤ ᠦᠭᠡᠶ ᠪᠠᠶᠢᠬᠤ ᠬᠡᠷᠡᠭᠲᠡᠶ᠃ ᠬᠤᠶᠠᠷ ᠲᠤ᠂ | ᠡᠨᠧᠷᠭᠢ ᠶᠢᠨ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠢ | ᠴᠢᠩᠭᠠᠳᠬᠠᠨ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠦᠷᠢᠮ ᠤᠨ ᠰᠤᠷᠤᠯᠴᠠᠯᠭ᠎ᠠ ᠪᠠ | ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠲᠤᠬᠠᠶ ᠣᠶᠢᠯᠠᠭᠠᠯᠲᠠ ᠶᠢ ᠴᠢᠩᠭᠠᠷᠠᠭᠤᠯᠵᠤ᠂ ᠬᠠᠤᠯᠢ ᠶᠣᠰᠣᠭᠠᠷ | ᠪᠦᠷᠢᠳᠬᠡᠬᠦ ᠶᠢ ᠪᠠᠷᠢᠮᠲᠠᠯᠠᠨ᠂ ᠠᠵᠤ ᠠᠬᠤᠶᠢᠯᠠᠯ ᠤᠨ ᠲᠠᠭᠯᠠᠨ ᠮᠡᠳᠡᠭᠦᠯᠬᠦ ᠠᠷᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ | ᠪᠦᠲᠦᠨ ᠪᠠᠶᠢᠬᠤ ᠶᠢ ᠪᠠᠳᠣᠯᠠᠵᠦ᠂ ᠴᠠᠭ ᠲᠤᠬᠠᠶ ᠳᠤᠨᠢ ᠮᠡᠳᠡᠬᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ︶ | ︵ᠶᠢᠰᠦ︶ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠪᠠᠭᠠᠰᠬᠠᠬᠤ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢᠨ | ᠲᠣᠭᠤᠷᠢᠨ ᠳᠤ᠂ ᠪᠥᠬᠦ ᠠᠶᠢᠮᠠᠭ ᠤᠨ ᠣᠨ ᠤ ᠡᠨᠧᠷᠭᠢ ᠠᠷᠪᠢᠯᠠᠬᠤ ᠠᠵᠢᠯ ᠤᠨ ᠭᠤᠤᠯᠳᠠᠯᠭ᠎ᠠ ᠶᠢ | ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠬᠡᠨ ᠬᠥᠭᠵᠢᠭᠦᠯᠬᠦ᠂ ᠠᠵᠤ ᠦᠢᠯᠡᠳᠪᠦᠷᠢ ᠶᠢᠨ | ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ᠂ ᠵᠠᠮ | ᠬᠠᠷᠢᠯᠴᠠᠭ᠎ᠠ ᠪᠠᠷᠠᠭᠠᠨ ᠤ ᠬᠦᠢᠯᠬᠡᠬᠡᠨ ᠤ ᠲᠡᠭᠡᠭᠡᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠣᠯᠠᠨ | ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠵᠢᠴᠢ ᠠᠷᠠᠯᠵᠢᠶ᠎ᠠ ᠬᠤᠳᠠᠯᠳᠤᠭ᠎ᠠ | ᠬᠦᠢᠯᠭᠡᠭᠡᠨ ᠤ ᠬᠦᠷᠢᠶᠡᠨ ᠳᠠᠬᠢ ᠡᠨᠧᠷᠭᠢ ᠠᠷᠪᠢᠯᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ | ᠬᠡᠷᠡᠭᠵᠢᠭᠦᠯᠵᠦ᠂ ᠡᠭᠦᠨ ᠤ ᠤᠯᠠᠮ ᠢᠶᠠᠷ ᠪᠥᠬᠦ ᠨᠡᠶᠢᠭᠡᠮ ᠤᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠪᠦᠲᠦᠮᠵᠢᠲᠡᠶ ᠲᠤᠯᠭᠠᠭᠤᠷᠢᠯᠠᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠳᠤ ᠦᠢᠯᠡᠴᠢᠯᠡᠬᠦ | ᠲᠥᠪ︶ | ᠳᠥᠷᠪᠡ᠂ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠡᠨᠧᠷᠭᠢ ᠠᠷᠪᠢᠯᠠᠬᠤ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠳᠠᠶᠢᠵᠢᠭᠤᠯᠣᠨ᠎ᠠ᠃ ︽ | ᠠᠶᠢᠮᠠᠭ ᠬᠤᠲᠠ ᠨᠢᠭᠡᠳᠦᠯᠲᠡᠶ ᠲᠥᠯᠥᠪᠯᠡᠬᠦ᠂ ᠬᠤᠰᠢᠭᠤ ︵ᠣᠷᠣᠨ︶ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ | ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠂ ᠠᠵᠤ ᠠᠬᠤᠶᠢᠯᠠᠯ ᠡᠨᠧᠷᠭᠢ ᠠᠷᠪᠢᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ︾ | ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠤᠰᠢᠭᠤ ︵ᠣᠷᠣᠨ︶ 2024 ᠣᠨ ᠤ | ᠡᠨᠧᠷᠭᠢ ᠠᠷᠪᠢᠯᠠᠬᠤ ᠠᠵᠢᠯ ᠤᠨ ᠲᠥᠯᠥᠪᠯᠡᠭᠡ ᠶᠢ ᠲᠦᠷᠬᠡᠨ ᠲᠣᠭᠲᠠᠭᠠᠬᠤ ᠬᠡᠷᠡᠭᠲᠡᠶ᠃ ᠡᠯ᠎ᠡ ᠬᠤᠰᠢᠭᠤ ︵ᠣᠷᠣᠨ︶ | ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ | ᠭᠤᠤᠯᠯᠠᠨ ᠠᠳᠬᠤᠵᠤ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠰᠤᠯᠠᠷᠠᠭᠤᠯᠤᠯ ᠥᠬᠡᠶ ᠠᠳᠬᠤᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠠᠨ ᠤ ᠠᠶᠢᠮᠠᠭ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠳᠡᠭᠡᠷ᠎ᠡ ᠨᠢᠭᠡ ᠡᠭᠡᠯᠵᠢ ᠶᠢᠨ ᠲᠥᠪ᠂ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠡᠬᠢ | ᠪᠠᠶᠠᠯᠢᠭ ᠢ ᠠᠷᠪᠢᠲᠠᠢ ᠡᠷᠴᠢᠮᠯᠢᠭ ᠪᠠᠶᠢᠯᠭᠠᠵᠦ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠴᠢ ᠬᠦᠴᠦᠯᠡᠴᠡ ᠶᠢᠨ ᠬᠠᠷᠠᠯᠲᠠ ᠶᠢᠨ ︽ᠡᠷᠬᠢᠨ ᠬᠠᠷᠠᠬᠤ︾ | ᠲᠤᠰᠬᠠᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠳᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | ︵ᠬᠤᠶᠠᠷ︶ ᠡᠩᠨᠡᠭᠡᠨ ᠤ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ | ᠡᠯ᠎ᠡ ᠬᠤᠰᠢᠭᠤ ︵ᠣᠷᠣᠨ︶ ᠨᠢ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠦᠴᠦᠨ ᠢ ᠲᠡᠭᠦᠯᠳᠡᠷᠵᠢᠭᠦᠯᠦᠨ᠎ᠡ᠃ ᠠᠶᠢᠮᠠᠭ ᠤᠨ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠰᠢᠭᠤ ᠶᠢᠨ ᠡᠨᠧᠷᠭᠢ ᠠᠷᠪᠢᠯᠠᠬᠤ ᠠᠵᠢᠯ ᠢ | ᠰᠢᠮᠳᠠᠭᠤᠯᠤᠨ ᠵᠢᠯᠣᠭᠤᠳᠴᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠭᠤᠤᠯᠳᠠᠯᠭ᠎ᠠ ᠲᠠᠢ ᠡᠨᠧᠷᠭᠢ | ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠶᠢ ᠬᠠᠮᠢᠶᠠᠷᠬᠤ᠂ ᠴᠡᠪᠡᠷ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ | ᠠᠵᠢᠯ ᠤᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠣᠷᠣᠨ ᠨᠤᠲᠤᠭ ᠤᠨ ᠲᠤᠷᠰᠢᠯᠭ᠎ᠠ ᠪᠠᠨ ᠰᠣᠯᠢᠯᠴᠠᠬᠤ ᠶᠢ | ᠠᠬᠢᠭᠤᠯᠤᠨ᠂ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | ︵ᠭᠤᠷᠪᠠ︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠤᠬᠠᠭᠤᠯᠭ᠎ᠠ ᠶᠢ ᠴᠢᠩᠭᠠᠳᠬᠠᠨ᠎ᠠ᠃ | ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ᠂ ᠣᠷᠴᠢᠨ ᠲᠣᠭᠤᠷᠢᠨ ᠤ ᠡᠳᠦᠷ᠂ ᠡᠨᠧᠷᠭᠢ ᠠᠷᠪᠢᠯᠠᠬᠤ | ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ᠂ ᠪᠦᠬᠦ ᠤᠯᠤᠰ ᠤᠨ ᠠᠮᠢ | ᠠᠬᠤᠢ ᠶᠢᠨ ᠡᠳᠦᠷ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ᠂ ᠰᠦᠯᠢᠶᠥᠦ ᠶᠢᠨ | ᠪᠣᠬᠢᠷᠲᠤᠯ ᠢ ᠵᠠᠰᠠᠬᠤ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠮᠢ ᠠᠬᠤᠢ ᠶᠢᠨ ᠪᠣᠯᠪᠠᠰᠤᠨ ᠤ ᠬᠡᠪ ᠪᠣᠯᠪᠠᠰᠤᠷᠠᠯ᠂ ᠡᠨᠧᠷᠭᠢ ᠡᠬᠢ ᠪᠠᠶᠠᠯᠢᠭ ᠢ ᠠᠷᠪᠢᠯᠠᠬᠤ᠂ | ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠲᠠᠯ᠎ᠠ ᠪᠠᠷ᠂ ᠥᠷᠭᠡᠨ ᠤᠯᠠᠨ | ᠰᠠᠭᠤᠭᠠᠯᠢ ᠠᠷᠠᠳ ᠢ ᠠᠷᠪᠢᠲᠠᠢ ᠲᠣᠬᠢᠷᠠᠮᠵᠢᠲᠠᠢ ᠪᠠᠶᠢᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠢ ᠦᠢᠯᠡᠳᠦᠯᠭᠡᠵᠢᠭᠦᠯᠬᠦ ᠶᠢ | ᠰᠠᠨᠠᠭᠠᠴᠢᠯᠠᠵᠤ᠂ ᠰᠠᠨᠠᠭᠠᠴᠢᠯᠠᠭ᠎ᠠ ᠠᠴᠠ ᠪᠠᠨ ᠠᠮᠢᠳᠤᠷᠠᠯ ᠤᠨ ᠵᠢᠵᠢᠭ ᠰᠠᠵᠢᠭ ᠵᠦᠢᠯ ᠠᠴᠠ ᠭᠠᠷᠳᠠᠵᠤ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠣᠷᠣᠯᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠨᠧᠷᠭᠢ ᠠᠷᠪᠢᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ︶ | |