ᠣᠳᠣᠬᠠᠨ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ | ᠡᠭᠦᠷᠭᠡ ᠪᠠᠨ ᠪᠣᠯᠭᠠᠵᠤ᠂ ᠨᠠᠷᠢᠨ ᠨᠢᠮᠪᠠᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠬᠡᠯᠪᠡᠷᠢ ᠪᠠᠷ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ | ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ | 4 ᠳ᠋ᠦ᠋ᠭᠡᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ | ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠠᠭᠢ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠪᠠᠨ ᠡᠷᠬᠢᠯᠡᠪᠡ᠃ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ | ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠲᠡᠷᠡ ᠬᠡᠪ ᠢᠶᠠᠷ ᠨᠢ᠂ ᠪᠦᠯᠦᠭ ᠳᠠᠷᠠᠭᠠᠯᠠᠨ ᠰᠤᠷᠤᠯᠴᠠᠵᠤ᠂ | ᠨᠢᠭᠡ ᠤᠳᠠᠭᠠᠨ ᠤ ᠭᠦᠨ ᠭᠦᠨᠵᠡᠭᠡᠢ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ | ᠴᠢᠨᠠᠷ ᠤᠨ ᠳᠠᠪᠲᠠᠯᠲᠠ ᠶᠢ ᠬᠦᠯᠢᠶᠡᠪᠡ᠃ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠬᠡᠴᠢ ᠵᠠᠰᠠᠭ ᠤᠨ ᠬᠥᠮᠦᠵᠢᠯ ᠤᠨ | ᠰᠠᠭᠤᠷᠢᠨ ᠳᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠯᠪᠠᠨ ᠭᠡᠷ ᠤᠨ ᠨᠠᠮ ᠤᠨ ᠡᠭᠦᠷ ᠨᠢ ᠥᠪᠥᠷ ᠮᠣᠩᠭᠤᠯ ᠤᠨ ᠠᠬ᠎ᠠ ᠳᠡᠭᠦᠦ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ︾ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ | ᠬᠥᠷᠳᠡᠬᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠦᠵᠡᠬᠦ᠂ ᠲᠥᠪᠯᠡᠷᠡᠭᠦᠯᠦᠨ ᠰᠤᠷᠤᠯᠴᠠᠵᠤ ᠲᠠᠶᠢᠯᠪᠤᠷᠢᠯᠠᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠠᠵᠢᠯᠲᠠᠳ ᠲᠤ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠥᠭᠡᠷᠡᠴᠢᠯᠡᠯᠲᠡ ᠬᠢᠭᠰᠡᠨ | ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ | ᠦᠷᠭᠦᠯᠵᠢ ᠰᠡᠷᠡᠮᠵᠢᠲᠡᠢ ᠪᠠᠶᠢᠬᠤ᠂ ᠬᠢᠵᠠᠭᠠᠷ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠵᠡᠢ᠃ ᠥᠪᠥᠷ | ᠮᠣᠩᠭᠤᠯ ᠤᠨ ᠠᠬ᠎ᠠ ᠳᠡᠭᠦᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ | ᠱᠦᠵᠢ ᠵᠠᠩ ᠰᠢᠶᠣᠣ ᠫᠧᠩ᠄ ︽ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠳᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠮᠠᠰᠢ ᠴᠢᠬᠤᠯᠠ ᠶᠤᠮ᠂ ᠬᠤᠶᠢᠰᠢᠳᠠ ᠶᠢᠨ ᠠᠵᠢᠯ ᠳᠤᠮᠳᠠ᠂ | ᠪᠢᠳᠡ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ | ᠪᠠᠷᠢᠮᠲᠠᠯᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠲᠤᠨᠤᠭ ᠲᠥᠬᠦᠭᠡᠷᠦᠮᠵᠢ ᠬᠤᠳᠠᠯᠳᠤᠨ | ᠠᠪᠬᠤ᠂ ᠵᠠᠷᠤᠳᠠᠯ ᠢ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠳᠤ ᠨᠡᠶᠢᠴᠡᠬᠦ᠂ ᠠᠷᠢᠭᠤᠨ ᠴᠢᠬᠡᠴᠢ | ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ︾ ᠭᠡᠵᠦ | ᠬᠡᠯᠡᠪᠡ᠃ | ᠥᠷᠭᠡᠨ ᠤᠯᠠᠨ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠬᠢᠭᠡᠳ ᠶᠣᠰᠣ ᠳᠦᠷᠢᠮ ᠤᠨ | ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ | ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ︽ᠵᠢᠵᠢᠭ ᠰᠠᠨᠳᠠᠯᠢ︾ ᠤᠬᠠᠭᠤᠯᠬᠤ ᠳᠤᠭᠤᠶᠢᠯᠠᠩ ︽ᠨᠠᠮ ᠤᠨ | ᠳᠠᠭᠤᠨ ᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠨᠠᠮ ᠤᠨ | ᠭᠡᠰᠢᠭᠦᠳ ᠲᠤ ︽ᠭᠡᠷ ᠤᠨ ᠡᠭᠦᠳᠡᠨ ᠳᠤ ᠪᠠᠨ ᠰᠤᠷᠤᠯᠴᠠᠬᠤ︾ ᠲᠠᠪᠴᠠᠩ ᠢ ᠪᠠᠶᠢᠭᠤᠯᠵᠤ ᠥᠭᠴᠡᠢ᠃ ᠪᠠᠳᠠᠢ ᠶᠢᠨ | ᠵᠢᠷᠠᠨ ᠬᠤᠷᠢᠶᠠᠯᠠᠯ ᠤᠨ ᠲᠠᠯᠠᠪᠠᠢ ᠳᠤ᠂ ᠤᠬᠠᠭᠤᠯᠬᠤ ᠳᠤᠭᠤᠶᠢᠯᠠᠩ ᠤᠨ ᠭᠡᠰᠢᠭᠦᠳ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠲᠠᠶᠢᠯᠪᠤᠷᠢᠯᠠᠵᠤ᠂ ᠵᠥᠪ | ᠲᠠᠯ᠎ᠠ ᠶᠢᠨ ᠬᠥᠮᠦᠵᠢᠯ ᠪᠠ ᠪᠤᠷᠤᠭᠤ ᠲᠠᠯ᠎ᠠ ᠶᠢᠨ ᠰᠡᠷᠡᠮᠵᠢᠯᠡᠭᠦᠯᠦᠯ ᠢ ᠤᠶᠠᠯᠳᠤᠭᠤᠯᠬᠤ ᠪᠠᠷ ᠳᠠᠮᠵᠢᠭᠤᠯᠤᠨ᠂ ᠨᠡᠶᠢᠭᠡᠮ | ᠲᠣᠭᠤᠷᠢᠭ ᠤᠨ ᠨᠠᠮ ᠤᠨ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠳᠦᠷᠢᠮ ᠤᠨ ᠤᠬᠠᠮᠰᠠᠷ ᠢ ᠨᠢ | ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢ ᠨᠢ ᠪᠠᠬᠢᠵᠢᠭᠦᠯᠵᠦ᠂ ᠬᠠᠤᠯᠢ ᠰᠠᠬᠢᠯᠭ᠎ᠠ ᠶᠢᠨ ᠬᠤᠷᠢᠭ᠎ᠠ | ᠱᠤᠭᠤᠮ ᠢ ᠪᠠᠲᠤ ᠰᠠᠬᠢᠭᠤᠯᠪᠠ᠃ ᠲᠣᠰ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠳᠡᠳ᠋ ᠱᠦᠵᠢ ᠴᠧᠨ ᠰᠢᠶᠣᠣ | ᠶᠠᠨ᠄ ︽ᠣᠷᠴᠢᠮ ᠤᠨ ᠡᠳᠦᠷ ᠤᠳ ᠲᠤ᠂ ᠪᠢᠳᠡ ᠲᠣᠣᠷ ᠢ ᠠᠰᠢᠭᠯᠠᠨ ᠰᠠᠭᠤᠭᠠᠯᠢ ᠠᠷᠠᠳ ᠤᠨ ᠭᠡᠷ ᠲᠤ ᠬᠦᠷᠴᠦ᠂ | ᠨᠠᠮ ᠤᠨ ᠭᠡᠰᠢᠭᠦᠨ ᠣᠯᠠᠨ ᠲᠦᠮᠡᠨ ᠳᠤ ᠣᠶᠢᠯᠠᠭᠠᠮᠵᠢᠲᠠᠢ ᠬᠡᠯᠡ ᠬᠡᠯᠡᠯᠭᠡ ᠪᠠᠷ ︿ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ﹀ ᠤᠨ ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠪᠡ᠃︾ | ᠭᠡᠵᠡᠢ᠃ | ᠠᠷᠪᠠᠨ ᠬᠤᠪᠢ ᠶᠢᠨ ᠪᠠᠶᠢᠷᠢᠯᠠᠭᠤᠯᠤᠯᠲᠠ᠂ ᠶᠡᠷᠡᠨ ᠬᠤᠪᠢ ᠶᠢᠨ ᠨᠠᠶᠢᠳᠠᠪᠤᠷᠢᠵᠢᠭᠤᠯᠤᠯᠲᠠ᠃ | ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 15 ᠤ ᠡᠳᠦᠷ ᠪᠥᠬᠦ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ 6 ᠬᠤᠰᠢᠭᠤ ᠲᠣᠭᠤᠷᠢᠭ᠂ | ᠠᠶᠢᠮᠠᠭ ᠤᠨ ᠰᠢᠭᠤᠳ ᠬᠠᠷᠢᠶ᠎ᠠ 71 ᠰᠠᠯᠠᠭ᠎ᠠ ᠮᠥᠴᠢᠷ ᠨᠢᠭᠡᠴᠢ᠂ 1400 ᠭᠠᠷᠤᠢ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠴᠥᠮ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ︽ | ᠲᠥᠪᠯᠡᠷᠡᠭᠦᠯᠦᠨ ᠬᠠᠪᠰᠤᠷᠤᠨ ᠵᠢᠯᠤᠭᠤᠳᠬᠤ + ᠬᠠᠮᠲᠤ ᠪᠠᠷ ᠥᠪᠡᠰᠦᠪᠡᠨ ᠰᠤᠷᠤᠯᠴᠠᠬᠤ + ᠰᠤᠳᠤᠯᠤᠨ ᠶᠠᠷᠢᠯᠴᠠᠬᠤ | ︾ ᠠᠷᠭ᠎ᠠ ᠶᠢ ᠠᠪᠴᠤ᠂ ᠲᠡᠷᠡ ᠬᠡᠪ ᠢᠶᠠᠷ ᠨᠢ ᠰᠤᠷᠤᠯᠴᠠᠵᠤ᠂ ᠨᠠᠷᠢᠨ ᠬᠢᠨᠠᠮᠠᠭᠠᠢ ᠣᠶᠢᠯᠠᠭᠠᠵᠠᠭᠠᠪᠠ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠲᠥᠪᠯᠡᠷᠡᠭᠦᠯᠦᠨ | ᠪᠣᠯᠪᠠᠰᠤᠷᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠳᠣᠷᠣᠭᠰᠢ ᠪᠠᠭᠤᠵᠤ ᠵᠢᠯᠤᠭᠤᠳᠬᠤ | ᠵᠡᠷᠭᠡ ᠠᠷᠭ᠎ᠠ ᠬᠡᠯᠪᠡᠷᠢ ᠪᠠᠷ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠳᠠᠭᠤᠯᠤᠨ ᠦᠳᠲᠡᠷ ᠲᠦᠷᠭᠡᠨ | ᠬᠥᠳᠡᠯᠦᠯᠴᠡᠭᠦᠯᠬᠦ ᠶᠢᠨ ᠬᠠᠮᠲᠤ ︽ᠰᠣᠨᠢᠨ᠂ ᠬᠤᠷᠢᠶ᠎ᠠ᠂ ᠰᠦᠯᠵᠢᠶ᠎ᠡ᠂ ᠸᠢᠴᠠᠲ᠂ ᠦᠵᠦᠭᠦᠷ︾ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠠᠮᠢᠳᠤᠯᠢᠭ ᠳᠦᠷᠰᠦᠯᠢᠭ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠪᠠᠷ ᠥᠷᠭᠡᠨ | ᠤᠯᠠᠨ ᠨᠠᠮ ᠤᠨ ᠭᠡᠰᠢᠭᠦᠨ ᠤ ︽ᠳᠦᠷᠢᠮ︾ ᠤᠨ ᠠᠭᠤᠯᠭ᠎ᠠ ᠶᠢ ᠣᠶᠢᠯᠠᠭᠠᠬᠤ ᠳᠤ ᠬᠦᠴᠦᠨ ᠨᠡᠮᠡᠷᠢᠯᠡᠪᠡ᠃ | ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ | ᠠᠶᠢᠮᠠᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠦᠳᠲᠡᠷ ᠲᠦᠷᠭᠡᠨ | ᠪᠠᠶᠢᠷᠢᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠣᠨ ᠡᠩ ᠤᠨ ᠨᠠᠮ ᠤᠨ ᠭᠡᠰᠢᠭᠦᠨ ᠤ ︿ᠬᠤᠶᠠᠷ | ᠪᠦᠯᠦᠭ ᠬᠥᠮᠥᠰ﹀ ᠤᠨ ᠣᠨᠴᠠᠯᠢᠭ ᠢ ᠡᠵᠡᠮᠳᠡᠨ᠂ ᠪᠠᠶᠢᠩᠭᠤ ᠠᠳᠬᠤᠵᠤ᠂ ᠡᠳᠦᠷ ᠲᠤᠲᠤᠮ ᠤᠨ ᠠᠮᠢᠳᠤᠷᠠᠯ ᠳᠤ | ᠠᠭᠤᠰᠤᠯᠴᠠᠭᠤᠯᠬᠤ ︿ᠬᠤᠶᠠᠷ ᠪᠠᠶᠢᠩᠭᠤ﹀ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠳ ᠤᠨ | ︿ᠳᠦᠷᠢᠮ﹀ ᠢ ᠲᠡᠷᠡ ᠬᠡᠪ ᠢᠶᠠᠷ ᠨᠢ ᠰᠤᠷᠤᠯᠴᠠᠬᠤ ᠶᠢ ᠠᠬᠢᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠶᠢ ᠪᠠᠲᠤ ᠴᠡᠭᠡᠵᠢᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃︾ ᠭᠡᠵᠦ ᠠᠯᠠᠱᠠ ᠠᠶᠢᠮᠠᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠨᠠᠷᠢᠨ ᠪᠢᠴᠢᠭ ᠤᠨ ᠰᠠᠯᠠᠭᠠᠨ ᠤ | ᠳᠠᠷᠤᠭ᠎ᠠ ᠯᠢ ᡁᠢ ᠫᠢᠩ ᠬᠡᠯᠡᠪᠡ᠃ |