︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ  ᠶᠢᠨ ᠳᠦᠷᠢᠮ︾ ᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/5/6
    ᠲᠤᠰ ︽ᠳᠦᠷᠢᠮ︾ ᠨᠢ ᠶᠡᠷᠦᠩᠬᠡᠢ ᠳᠦᠷᠢᠮ᠂ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠳᠦᠷᠢᠮ ᠵᠡᠷᠭᠡ ᠲᠠᠪᠤᠨ ᠪᠦᠯᠦᠭ ᠤᠨ ᠲᠠᠪᠢ ᠶᠢᠰᠦᠨ ᠵᠤᠷᠪᠤᠰ ᠢᠶᠠᠷ ᠪᠦᠷᠢᠯᠳᠦᠪᠡ᠃ ︽ᠳᠦᠷᠢᠮ︾ ᠳᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠣᠭᠤᠭᠠᠨ ᠬᠥᠷᠥᠰᠥ ᠶᠢᠨ ᠰᠢᠰᠲ᠋ᠧᠮ ᠤᠨ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠪᠠᠶᠢᠭᠠᠯᠢ᠂ ᠬᠥᠮᠥᠨ ᠨᠡᠶᠢᠭᠡᠮ ᠤᠨ ᠡᠬᠢ ᠪᠠᠶᠠᠯᠢᠭ ᠢ ᠭᠦᠢᠴᠡᠳ ᠠᠰᠢᠭᠯᠠᠬᠤ ᠪᠠ ᠬᠠᠮᠠᠭᠠᠯᠠᠬᠤ ᠭᠡᠷᠡᠭᠲᠡᠶ᠃ ᠬᠢᠮᠳᠠ ᠪᠥᠭᠡᠳ ᠵᠦᠢ ᠵᠣᠬᠢᠰᠲᠠᠢ᠂ ᠭᠠᠩ ᠬᠠᠭᠤᠷᠠᠢ ᠬᠦᠢᠲᠡᠨ ᠠᠭᠤᠷ ᠠᠮᠢᠰᠬᠤᠯ ᠬᠤᠵᠢᠷᠯᠢᠭ ᠭᠠᠵᠠᠷ ᠲᠤ ᠵᠣᠬᠢᠴᠠᠬᠤ ᠣᠷᠣᠨ ᠨᠤᠲᠤᠭ ᠤᠨ ᠮᠣᠳᠣᠨ ᠤ ᠲᠥᠷᠥᠯ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠬᠥᠮᠥᠨ ᠤ ᠪᠡᠶ᠎ᠡ ᠳᠤ ᠠᠮᠠᠷᠬᠠᠨ ᠬᠠᠷᠰᠢᠬᠤ ᠤᠷᠭᠤᠮᠠᠯ ᠢ ᠰᠣᠩᠭᠤᠨ ᠬᠡᠷᠡᠭᠯᠡᠬᠦ ᠠᠴᠠ ᠵᠠᠶᠢᠯᠠᠰᠬᠢᠬᠦ ᠭᠡᠷᠡᠭᠲᠡᠶ᠃ ᠬᠤᠲᠠ ᠶᠢᠨ ᠶᠠᠪᠤᠳᠠᠯ ᠤᠨ ᠬᠤᠭᠤᠯᠠᠢ ᠲᠣᠣᠷ᠂ ᠵᠠᠮ ᠬᠠᠷᠢᠯᠴᠠᠭᠠᠨ ᠤ ᠲᠥᠬᠦᠭᠡᠷᠦᠮᠵᠢ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠨᠣᠭᠤᠭᠠᠷᠠᠭᠤᠯᠤᠯᠲᠠ  ᠶᠢᠨ ᠥᠰᠦᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠭᠡᠷᠡᠭᠲᠡᠶ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠦᠵᠡᠮᠵᠢ ᠳᠤ ᠬᠡᠷᠡᠭᠯᠡᠬᠦ ᠤᠰᠤᠨ ᠳᠤ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠠᠬᠢᠯᠲᠠ ᠤᠰᠤ ᠪᠠ ᠪᠣᠷᠣᠭᠠᠨ ᠤ ᠤᠰᠤ ᠶᠢ ᠤᠷᠢᠳ ᠢᠶᠠᠷ ᠠᠰᠢᠭᠯᠠᠬᠤ ᠭᠡᠷᠡᠭᠲᠡᠶ᠃ ᠨᠡᠭᠡᠭᠡᠯᠲᠡᠲᠤ ᠮᠠᠶ᠋ᠢᠭ ᠤᠨ ᠨᠣᠭᠤᠭᠠᠷᠠᠭᠤᠯᠤᠯᠲᠠ᠂ ᠪᠣᠰᠤᠭ᠎ᠠ ᠴᠣᠭᠴᠠᠲᠤ ᠨᠣᠭᠤᠭᠠᠷᠠᠭᠤᠯᠤᠯᠲᠠ ᠶᠢ ᠬᠡᠷᠡᠭᠵᠢᠭᠦᠯᠬᠦ ᠶᠢ ᠵᠣᠷᠢᠬᠵᠢᠭᠤᠯᠤᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠤᠭ ᠨᠣᠪᠰᠢ ᠶᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠰᠢᠰᠲ᠋ᠧᠮ ᠵᠡᠷᠭᠡ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ ᠪᠠᠰᠠ᠂ ︽ᠳᠦᠷᠢᠮ︾ ᠤᠨ ᠬᠡᠷᠡᠭᠯᠡᠭᠳᠡᠬᠦ ᠬᠡᠪᠴᠢᠶ᠎ᠡ᠂ ᠦᠨᠳᠦᠰᠦᠨ ᠵᠠᠷᠴᠢᠮ᠂ ᠬᠤᠲᠠ ᠪᠠᠯᠭᠠᠰᠤ  ᠶᠢᠨ ᠨᠣᠭᠤᠭᠠᠷᠠᠭᠤᠯᠤᠯᠲᠠ ᠶᠢᠨ ᠲᠥᠯᠦᠪᠵᠢᠭᠦᠯᠭᠡ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠠᠮᠠᠭᠠᠯᠠᠯᠲᠠ ᠪᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠳᠤ ᠨᠠᠷᠢᠯᠢᠭ ᠲᠣᠳᠣᠷᠬᠠᠶᠢᠯᠠᠯᠲᠠ ᠬᠢᠭᠰᠡᠨ ᠪᠠᠶᠢᠨ᠎ᠠ᠃   ᠣᠶᠢᠯᠠᠭᠠᠭᠰᠠᠨ ᠢᠶᠠᠷ᠂ ᠲᠣᠰ  ︽ᠳᠦᠷᠢᠮ︾ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠳᠦᠷᠢᠮ︾ ᠢ ᠬᠡᠷᠡᠭᠵᠢᠭᠦᠯᠬᠦ ᠨᠢ᠂ ᠮᠠᠨ ᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠠᠵᠢᠯ ᠬᠠᠤᠯᠢᠵᠢᠵᠤ ᠳᠦᠷᠢᠮᠵᠢᠭᠰᠡᠨ ᠬᠥᠭᠵᠢᠯᠲᠡ ᠶᠢᠨ ᠰᠢᠨ᠎ᠡ ᠱᠠᠲᠤ ᠦᠶ᠎ᠡ ᠳᠤ ᠣᠷᠣᠭᠰᠠᠨ ᠢ ᠬᠠᠷᠠᠭᠤᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠭᠡᠳᠦ ᠶᠢᠨ ᠨᠥᠯᠥᠭᠡ ᠲᠠᠢ ᠪᠠᠶᠢᠵᠤ᠂ ᠮᠠᠨ ᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠣᠮᠣ ᠶᠠᠪᠤᠳᠠᠯ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号