ᠮᠠᠨ ᠤ ᠤᠷᠤᠨ ᠴᠠᠭ ᠠᠭᠤᠷ ᠤᠨ ︽ᠬᠤᠶᠠᠷ ᠲᠦᠷᠢᠮ︾ ᠳᠤ ᠰᠢᠨ᠎ᠡ ᠪᠠᠷ ᠵᠠᠰᠠᠪᠤᠷᠢ ᠤᠷᠤᠭᠤᠯᠪᠠ
ᠨᠡᠶᠢᠲᠡᠯᠡᠭᠰᠡᠨ ᠴᠠᠭ᠄
2024/5/6
   ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠳᠦᠷᠢᠮ︾ ︵ᠳᠣᠷᠣᠭᠰᠢ ︽ᠬᠤᠶᠠᠷ ᠳᠦᠷᠢᠮ︾ ᠭᠡᠵᠦ ᠳᠥᠭᠦᠮᠴᠢᠯᠡᠨ᠎ᠡ︶ ᠳᠤ ᠵᠠᠰᠠᠪᠤᠷᠢ ᠣᠷᠣᠭᠤᠯᠵᠤ᠂ ᠰᠢᠨ᠎ᠡ  ᠪᠠᠷ ᠵᠠᠰᠠᠪᠤᠷᠢ ᠣᠷᠣᠭᠤᠯᠤᠭᠰᠠᠨ ︽ᠬᠤᠶᠠᠷ ᠳᠦᠷᠢᠮ︾  ᠢ 2024 ᠣᠨ ᠤ 5 ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾ ᠤᠨ 8 ᠵᠦᠢᠯ ᠳᠤ ᠵᠠᠰᠠᠪᠤᠷᠢ ᠣᠷᠣᠭᠤᠯᠵᠤ᠂ 2 ᠵᠦᠢᠯ ᠢ ᠰᠢᠨ᠎ᠡ ᠪᠠᠷ ᠨᠡᠮᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠳᠦᠷᠢᠮ︾ ᠤᠨ 6 ᠵᠦᠢᠯ ᠳᠤ ᠵᠠᠰᠠᠪᠤᠷᠢ ᠣᠷᠣᠭᠤᠯᠵᠤ᠂ 1 ᠵᠦᠢᠯ ᠢ ᠰᠢᠨ᠎ᠡ ᠪᠠᠷ ᠨᠡᠮᠡᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠤᠶᠠᠷ ᠳᠦᠷᠢᠮ︾ ᠨᠢ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 — 2035 ᠣᠨ︶︾ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ  ᠤ ᠣᠷᠣᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢ ᠲᠣᠭᠲᠠᠭᠠᠯ ᠤᠨ ᠪᠠᠲᠤᠯᠠᠭ᠎ᠠ ᠬᠠᠩᠭᠠᠪᠠ᠃   ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠤᠶᠠᠷ ᠳᠦᠷᠢᠮ︾ ᠳᠤ ᠴᠠᠭ ᠠᠭᠤᠷ ᠤᠨ ᠦᠢᠯᠡᠰ ᠪᠣᠯ ᠨᠡᠶᠢᠭᠡᠮ  ᠤᠨ ᠰᠠᠭᠤᠷᠢ ᠴᠢᠨᠠᠷᠲᠠᠢ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ ᠭᠡᠳᠡᠭ ᠢ ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠬᠦ᠂ ᠵᠣᠬᠢᠰᠲᠠᠢ ᠪᠠᠶᠢᠷᠢᠯᠠᠭᠤᠯᠬᠤ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ᠂ ᠵᠣᠬᠢᠴᠠᠩᠭᠤᠢ ᠪᠠᠷ ᠬᠥᠭᠵᠢᠭᠦᠯᠬᠦ ᠵᠠᠷᠴᠢᠮ ᠶᠣᠰᠣᠭᠠᠷ ᠴᠠᠭ ᠠᠭᠤᠷ ᠤᠨ ᠦᠢᠯᠡᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠲᠡᠰᠦᠷᠡᠯᠳᠠ ᠦᠭᠡᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠲᠡᠭᠡᠭᠰᠢᠯᠡᠭᠦᠯᠭᠦ ᠬᠡᠷᠡᠭᠲᠡᠢ ᠭᠡᠵᠦ ᠲᠣᠭᠲᠠᠭᠠᠪᠠ᠃   ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ  ᠤᠨ ᠦᠢᠯᠡᠳᠦᠯ ᠢ ᠪᠠᠳᠠᠷᠠᠭᠤᠯᠬᠤ ᠪᠣᠯ ᠴᠠᠭ ᠠᠭᠤᠷ ᠤᠨ ᠠᠵᠢᠯ ᠤᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠡᠭᠦᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠤᠶᠠᠷ ᠳᠦᠷᠢᠮ︾ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢᠨ ᠵᠦᠢᠯ ᠵᠤᠷᠪᠤᠰ ᠢ ᠰᠢᠨ᠎ᠡ ᠪᠠᠷ ᠨᠡᠮᠡᠵᠦ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠴᠠᠭ ᠠᠭᠤᠷ ᠤᠨ ᠭᠤᠣᠯᠯᠠᠨ ᠬᠠᠮᠢᠶᠠᠷᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠭᠡᠷᠡᠭᠳᠡᠢ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠨᠢ ᠲᠤᠰ ᠨᠢᠭᠡᠴᠢ ᠶᠢᠨ ᠢᠶᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠴᠠᠭ ᠠᠭᠤᠷ ᠤᠨ ᠭᠤᠣᠯᠯᠠᠨ ᠬᠠᠮᠢᠶᠠᠷᠬᠤ ᠪᠠᠶᠢᠭᠤᠯᠤᠮᠵᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ  ᠬᠦᠯᠢᠶᠡᠬᠦ  ᠬᠡᠷᠡᠭᠲᠡᠢ ᠭᠡᠵᠦ  ᠲᠣᠭᠲᠠᠭᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号