ᠮᠠᠨ ᠤ ᠣᠷᠣᠨ ︽ᠲᠠᠰ ᠳᠡᠪᠰᠢᠭᠰᠡᠨ ᠵᠠᠭᠪᠤᠷ︾ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠪᠠ
ᠨᠡᠶᠢᠲᠡᠯᠡᠭᠰᠡᠨ ᠴᠠᠭ᠄
2024/5/6
    4 ᠰᠠᠷ᠎ᠠ ᠶᠢᠨ 24 ᠤ ᠡᠳᠦᠷ᠂ ᠮᠠᠨ ᠤ ᠣᠷᠣᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠮᠢᠩᠭᠠᠨ ᠲᠤᠰᠬᠤᠨ ᠢᠶᠠᠷ ᠵᠢᠱᠢᠶ᠎ᠠ ᠦᠵᠡᠭᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠠᠬᠢᠭᠤᠯᠬᠤ ᠪᠠᠷ ᠬᠦᠴᠦᠯᠡᠵᠦ᠂ 2032 ᠣᠨ ᠪᠣᠯᠬᠤ ᠳᠤ ᠤᠷᠢᠳ ᠢᠶᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ︽ᠮᠡᠳᠡᠭᠳᠡᠯ︾ ᠳᠤ ᠨᠥᠬᠦᠪᠥᠷᠢ ᠢᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ᠂ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ᠂ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ᠂ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ᠳᠠᠯᠳᠠ ᠬᠦᠴᠦᠨ ᠢ ᠠᠭᠤᠳᠠᠯᠬᠤ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ᠂ ᠰᠢᠯᠭᠠᠨ ᠬᠤᠷᠢᠶᠠᠵᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠵᠡᠷᠭᠡ 11 ᠲᠠᠯ᠎ᠠ ᠪᠠᠷ ᠪᠣᠳᠠᠲᠠᠶ ᠳᠡᠮᠵᠢᠬᠦ ᠠᠷᠭ᠎ᠠ ᠬᠡᠮᠵᠢᠶ᠎ᠡ ᠳᠤᠷᠠᠳᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ︽ᠬᠦᠢᠯᠭᠡᠭᠡᠬᠦ — ᠳᠠᠷᠢᠬᠤ — ᠪᠣᠯᠪᠠᠰᠤᠷᠠᠭᠤᠯᠬᠤ — ᠦᠢᠯᠡᠴᠢᠯᠡᠬᠦ — ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠰᠢᠯᠤᠭᠤᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠠᠬᠢᠭᠤᠯᠪᠠ᠃    ᠣᠶᠢᠯᠠᠭᠠᠭᠰᠠᠨ ᠢᠶᠠᠷ᠂ 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠢᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠥᠲᠥᠯᠥᠨ ᠵᠢᠯᠣᠭᠤᠳᠴᠤ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠤᠯᠪᠠ᠃ ᠡᠭᠦᠨ ᠤ ᠬᠠᠮᠲᠤ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠢ ᠳ᠋ᠦᠩᠨᠡᠨ ᠭᠠᠷᠭᠠᠵᠤ᠂ ᠵᠠᠷᠢᠮ ᠰᠢᠨ᠎ᠡ ᠠᠰᠠᠭᠤᠳᠠᠯ ᠢ ᠢᠯᠡᠷᠡᠭᠦᠯᠪᠡ᠃ ᠮᠠᠨ ᠤ ᠣᠷᠣᠨ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ︾ ᠵᠠᠷᠴᠢᠮ ᠶᠣᠰᠣᠭᠠᠷ᠂ ︽ᠮᠡᠳᠡᠭᠳᠡᠯ︾ ᠢ ᠰᠤᠳᠤᠯᠤᠨ ᠲᠣᠭᠲᠠᠭᠠᠵᠤ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠭᠡᠨ ᠲᠡᠭᠦᠯᠳᠡᠷᠵᠢᠭᠦᠯᠪᠡ᠃    ︽ᠮᠡᠳᠡᠭᠳᠡᠯ︾ ᠳᠤ 11 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠭ᠎ᠠ ᠬᠡᠮᠵᠢᠶ᠎ᠡ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠭᠤᠤᠯᠳᠠᠭᠤ ᠲᠥᠷᠥ ᠶᠢᠨ ᠪᠣᠳᠣᠯᠭ᠎ᠠ ᠶᠢᠨ ᠲᠥᠯᠥᠪᠯᠡᠭᠡ ᠶᠢᠨ ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ᠂ ᠦᠨᠡᠯᠡᠨ ᠵᠢᠱᠢᠬᠦ ᠳᠤ ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠳᠤ ᠴᠢᠨᠠᠷᠲᠠᠶ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠪᠡ᠃ ᠬᠤᠶᠠᠷ ᠲᠤ᠂ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠲᠠᠢ ᠤᠶᠠᠯᠳᠤᠭᠤᠯᠤᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠪᠦᠲᠦᠭᠡᠨ ᠪᠠᠶᠢᠭᠤᠯᠬᠤ ᠬᠠᠮᠢᠶᠠᠷᠬᠤ ᠠᠵᠢᠯᠯᠠᠭᠤᠯᠬᠤ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ ᠵᠠᠭᠪᠤᠷ ᠢ ᠳᠡᠯᠭᠡᠷᠡᠭᠦᠯᠪᠡ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠦᠢᠯᠡᠳᠦᠯ ᠢ ᠳᠡᠭᠡᠭᠰᠢᠯᠡᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠠᠵᠢᠯ ᠤᠨ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠵᠦᠢᠯ ᠵᠤᠷᠪᠤᠰ ᠢ ᠬᠠᠰᠤᠪᠠ᠃ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠬᠠᠮᠲᠤ ᠳᠤᠨᠢ ᠬᠦᠴᠦᠨ ᠥᠬᠡᠶ ᠪᠤᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号