ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/5/8
    ᠰᠠᠶᠢᠨ ᠳᠤᠷ᠎ᠠ ᠶᠢᠨ ᠦᠢᠯᠡᠴᠢᠯᠡᠭᠡ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠮᠥᠨ᠂ ᠰᠢᠨ᠎ᠡ ᠴᠠᠭ ᠦᠶ᠎ᠡ ᠶᠢᠨ ᠨᠠᠮ ᠠᠴᠠ ᠠᠷᠠᠳ ᠤᠯᠠᠨ ᠢ ᠬᠥᠲᠥᠯᠥᠨ ᠳᠠᠭᠠᠭᠤᠯᠵᠤ ᠲᠠᠶᠢᠴᠢᠯᠠᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ᠂ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠠᠮᠢᠳᠤᠯᠢᠭ ᠦᠢᠯᠡᠳᠦᠯᠭᠡ ᠮᠥᠨ᠃ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠲᠤᠬᠠᠢ ᠳᠣᠣᠷᠠᠬᠢ ᠰᠠᠨᠠᠯ ᠢ ᠳᠤᠷᠠᠳᠤᠶ᠎ᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠥᠷᠲᠡᠭ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠬᠤᠪᠢ ᠨᠡᠮᠡᠷᠢ ᠦᠵᠡᠭᠦᠯᠭᠦ᠂ ᠨᠥᠭᠦᠷᠰᠡᠭ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ ᠢ ᠨᠢᠭᠲᠠᠷᠠᠭᠤᠯᠵᠤ ᠪᠠᠶᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠭᠦᠯᠬᠦ ᠬᠡᠷᠡᠭᠲᠡᠢ᠃    ᠭᠤᠣᠯ ᠬᠠᠷᠠᠯᠲᠠ ᠪᠣᠯ᠄ 2035 ᠣᠨ ᠪᠤᠯᠬᠤ ᠳᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠬᠠᠮᠵᠢᠯᠴᠠᠭᠰᠠᠨ ᠥᠨᠳᠥᠷ ᠪᠦᠲᠦᠮᠵᠢᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ᠪᠠ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠰᠠᠶᠢᠨ ᠳᠤᠷ᠎ᠠ ᠶᠢᠨ ᠡᠩᠨᠡᠭᠡ ᠶᠢᠨ ᠬᠡᠪ ᠪᠣᠯᠪᠠᠰᠤᠷᠠᠯ ᠨᠢ ᠰᠠᠶᠢᠨ᠂ ᠬᠠᠮᠢᠶᠠᠷᠤᠯᠲᠠ ᠨᠢ ᠵᠢᠷᠤᠮᠵᠢᠭᠤᠨ ᠪᠠᠶᠢᠵᠤ᠂ ᠦᠢᠯᠡᠴᠢᠯᠡᠭᠡᠨ ᠤ ᠬᠦᠷᠢᠶ᠎ᠡ ᠶᠢ ᠳᠠᠰᠤᠷᠠᠯᠳᠠ ᠦᠭᠡᠢ ᠥᠷᠭᠡᠳᠬᠡᠵᠦ᠂ ᠦᠢᠯᠡᠴᠢᠯᠡᠭᠡᠨ ᠤ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠦᠢᠯᠡᠳᠦᠯ ᠢ ᠨᠡᠩ ᠲᠣᠪᠣᠶᠢᠮ᠎ᠠ ᠪᠤᠯᠭᠠᠨ᠎ᠠ᠃ ᠵᠢᠭᠰᠠᠭᠠᠯ ᠤᠨ ᠭᠠᠵᠠᠷ ᠤᠨ ᠲᠣᠣᠷ ᠤᠨ ᠪᠦᠷᠬᠦᠴᠡ ᠥᠷᠭᠡᠨ᠂ ᠪᠠᠶᠢᠷᠢᠰᠢᠯ ᠵᠦᠢ ᠵᠣᠬᠢᠰᠲᠠᠢ᠂ ᠳᠦᠷᠢᠮ ᠤᠨ ᠪᠠᠲᠤᠯᠠᠭ᠎ᠠ ᠨᠡᠩ ᠬᠦᠴᠦᠨ ᠲᠠᠢ ᠪᠤᠯᠭᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠤᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠦᠨ ᠭᠦᠭᠵᠢᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠤᠨ ᠣᠷᠤᠯᠴᠠᠯᠭ᠎ᠠ ᠶᠢᠨ ᠨᠤᠷᠮ᠎ᠠ᠂ ᠢᠳᠡᠪᠬᠢᠵᠢᠯ ᠤᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠪᠦᠭᠦ ᠨᠡᠶᠢᠭᠡᠮ ᠤᠨ ᠬᠠᠷᠢᠭᠤᠴᠠᠯᠭ᠎ᠠ  ᠶᠢᠨ ᠤᠬᠠᠮᠰᠠᠷ᠂ ᠬᠤᠪᠢ ᠨᠡᠮᠡᠷᠢ ᠦᠵᠡᠭᠦᠯᠭᠦ ᠤᠬᠠᠮᠰᠠᠷ  ᠢ ᠨᠡᠶᠢᠳᠡᠮ  ᠳᠤᠨᠢ ᠴᠢᠩᠭᠠᠷᠠᠭᠤᠯᠵᠤ᠂ ᠰᠠᠶᠢᠨ ᠳᠤᠷ᠎ᠠ  ᠶᠢᠨ ᠦᠢᠯᠡᠴᠢᠯᠡᠭᠡ   ᠶᠢ ᠨᠡᠶᠢᠭᠡᠮ ᠵᠢᠷᠤᠮ ᠤᠨ ᠰᠣᠶᠣᠯ  ᠤᠨ ᠬᠦᠴᠦᠷᠬᠡᠭ ᠤᠯᠤᠰ ᠤᠨ ᠴᠢᠬᠤᠯᠠ ᠪᠡᠯᠭᠡ ᠲᠡᠮᠳᠡᠭ ᠪᠣᠯᠭᠠᠨ᠎ᠠ᠃    ᠬᠤᠶᠠᠷ᠂ ᠪᠦᠭᠦ ᠲᠠᠯ᠎ᠠ ᠪᠠᠷ ᠣᠷᠣᠯᠴᠠᠬᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠠᠶᠢᠴᠢᠯᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ    1. ᠵᠣᠬᠢᠶᠠᠨ ᠪᠠᠶᠢᠭᠤᠯᠵᠤ ᠳᠠᠶᠢᠴᠢᠯᠠᠬᠤ ᠳᠠᠪᠠᠭᠤᠯᠢᠭ ᠢ ᠪᠠᠳᠠᠷᠠᠭᠤᠯᠤᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠳᠠᠶᠢᠴᠢᠯᠠᠯᠲᠠ ᠶᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠤᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠪᠠ ᠨᠠᠮ ᠤᠨ ᠭᠡᠰᠢᠭᠦᠨ ᠤ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠴᠢᠬᠤᠯᠠ ᠠᠴᠢᠶᠠᠯᠠᠪᠤᠷᠢ ᠪᠤᠯᠭᠠᠵᠤ᠂ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠴᠢᠵᠤ ᠨᠡᠷ᠎ᠡ ᠮᠡᠳᠡᠭᠦᠯᠦᠨ ᠤᠯᠠᠨ ᠲᠦᠮᠡᠨ ᠳᠤ ᠦᠢᠯᠡᠴᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠲᠦᠷᠦᠭᠦᠯᠡᠨ ᠣᠷᠤᠯᠴᠠᠬᠤ ᠶᠢ ᠰᠠᠨᠠᠭᠠᠴᠢᠯᠠᠨ᠎ᠠ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠰᠤᠷᠭᠠᠭᠤᠯᠢ ᠨᠤᠭᠤᠳ ᠳᠦᠷᠢᠮ ᠤᠨ ᠲᠣᠬᠢᠷᠠᠭᠤᠯᠤᠯᠲᠠ ᠪᠠᠨ ᠲᠡᠭᠦᠯᠳᠡᠷᠵᠢᠭᠦᠯᠵᠦ᠂ ᠬᠠᠷᠢᠶ᠎ᠠ ᠨᠠᠮ ᠤᠨ ᠭᠡᠰᠢᠭᠦᠨ᠂ ᠺᠠᠳ᠋ᠷ ᠪᠠ ᠡᠪᠯᠡᠯ ᠤᠨ ᠭᠡᠰᠢᠭᠦᠨ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠤᠯᠴᠠᠬᠤ ᠶᠢ ᠳᠡᠮᠵᠢᠬᠦ ᠪᠠ ᠵᠣᠬᠢᠶᠠᠨ ᠪᠠᠶᠢᠭᠤᠯᠵᠤ᠂ ᠲᠣᠰ ᠬᠦᠷᠢᠶ᠎ᠡ ᠲᠣᠰ ᠰᠢᠰᠲ᠋ᠧᠮ ᠲᠣᠰ ᠨᠢᠭᠡᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ ᠠᠬᠢᠭᠤᠯᠤᠨ᠎ᠠ᠃    2. ᠨᠡᠶᠢᠭᠡᠮ ᠤᠨ ᠳᠠᠶᠢᠴᠢᠯᠠᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠵᠢᠴᠢ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠥᠮᠥᠰ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠳᠡᠮᠵᠢᠬᠦ ᠪᠠ ᠲᠡᠭᠦᠨ ᠳᠤ ᠣᠷᠤᠯᠴᠠᠬᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠷᠢᠭᠵᠢᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠳᠠᠪᠠᠭᠤᠯᠢᠭ ᠦᠢᠯᠡᠳᠦᠯ ᠢᠶᠠᠨ ᠪᠠᠳᠠᠷᠠᠭᠤᠯᠵᠤ᠂ ᠲᠣᠰ ᠠᠵᠢᠯ ᠲᠥᠷᠥᠯ ᠲᠣᠰ ᠬᠦᠷᠢᠶᠡᠨ ᠳᠠᠬᠢ ᠡᠬᠢ ᠪᠠᠶᠠᠯᠢᠭ ᠤᠨ ᠬᠦᠴᠦᠨ ᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠤᠭᠤᠳᠴᠤ ᠠᠬᠢᠭᠤᠯᠤᠨ᠎ᠠ᠃ ᠤᠯᠠᠨ ᠲᠦᠮᠡᠨ ᠢ ᠪᠠᠶᠢᠩᠭᠤ ᠶᠢᠨ ᠴᠢᠨᠠᠷᠲᠠᠢ ᠲᠠᠶᠢᠴᠢᠯᠠᠵᠦ ᠣᠶᠢᠷ᠎ᠠ ᠬᠠᠪᠢ ᠳᠠᠭᠠᠨ ᠬᠤᠳᠠ ᠬᠥᠳᠡᠭᠡ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷᠠᠴᠤᠳ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠤ ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ ᠰᠦᠯᠵᠢᠶ᠎ᠡ ᠪᠠᠷ ᠳᠠᠶᠢᠴᠢᠯᠠᠬᠤ ᠠᠷᠭ᠎ᠠ ᠭᠡᠯᠪᠡᠷᠢ ᠶᠢ ᠰᠠᠶᠢᠲᠤᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠳᠤ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠳᠠᠶᠢᠴᠢᠯᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠥᠮᠥᠨ ᠪᠦᠭᠦᠨ ᠳᠤ ᠦᠢᠯᠡᠴᠢᠯᠡᠭᠦᠯᠵᠦ᠂ ᠭᠠᠵᠠᠷ ᠪᠣᠯᠭᠠᠨ ᠳᠤ ᠦᠢᠯᠡᠴᠢᠯᠡᠭᠦᠯᠦᠨ᠎ᠡ᠃    3. ᠪᠠᠴᠢᠮ ᠪᠠᠶᠢᠳᠠᠯ ᠢ ᠠᠷᠭᠠᠴᠠᠭᠠᠬᠤ ᠳᠠᠶᠢᠴᠢᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠩ ᠤᠨ ᠪᠠ ᠪᠠᠴᠢᠮ ᠦᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠡᠯᠡᠳᠬᠡᠯ ᠲᠥᠰᠥᠯ ᠢ ᠲᠣᠭᠲᠠᠭᠠᠵᠤ᠂ ᠵᠢᠯᠣᠭᠤᠳᠤᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠂ ᠬᠦᠴᠦᠨ ᠢ ᠪᠦᠲᠦᠮᠵᠢᠲᠡᠶ ᠲᠣᠬᠢᠷᠠᠭᠤᠯᠵᠤ᠂ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ᠂ ᠡᠳ᠋ ᠪᠣᠳᠠᠰ ᠢ ᠪᠠᠲᠤᠯᠠᠵᠤ᠂ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠵᠤ᠂ ᠰᠢᠨᠵᠢᠯᠡᠬᠦ ᠤᠬᠠᠭᠠᠨᠴᠢ ᠪᠠᠷ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠡᠳᠬᠦᠨ ᠬᠥᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠡᠩᠰᠡᠯᠡᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠪᠣᠯᠪᠠᠰᠤᠷᠠᠭᠤᠯᠤᠨ ᠰᠣᠷᠢᠬᠤ᠂ ᠠᠮᠤᠷ ᠲᠦᠪᠰᠢᠨ ᠢ ᠪᠠᠲᠤᠯᠠᠬᠤ᠂ ᠲᠥᠪᠯᠡᠷᠡᠭᠦᠯᠦᠨ ᠬᠥᠳᠡᠯᠭᠡᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠤᠯᠤᠰ ᠪᠠ ᠣᠷᠣᠨ ᠨᠤᠲᠤᠭ ᠤᠨ ᠶᠡᠷᠦᠩᠬᠡᠶᠢᠯᠡᠭᠰᠡᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠩᠨᠡᠭᠡ ᠯᠦᠭᠡ ᠬᠠᠮᠲᠤ ᠪᠠᠷ ᠰᠤᠷᠭᠠᠵᠤ ᠬᠠᠮᠲᠤ ᠪᠠᠷ ᠪᠤᠯᠪᠠᠰᠤᠷᠠᠭᠤᠯᠬᠤ ᠲᠣᠭᠲᠠᠴᠠ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠵᠢᠯᠴᠠᠬᠤ ᠬᠦᠴᠦᠨ ᠴᠢᠳᠠᠪᠤᠷᠢ ᠶᠢ ᠴᠢᠩᠭᠠᠷᠠᠭᠤᠯᠤᠨ᠎ᠠ᠃    ᠭᠤᠷᠪᠠ᠂ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ    1. ᠬᠠᠩᠭᠠᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠲᠦᠭ ᠲᠦᠮᠡᠨ ᠠᠶᠢᠯ ᠡᠷᠦᠭᠡ ᠳᠤ ᠣᠷᠣᠭᠤᠯᠤᠨ᠎ᠠ᠃ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠬᠠᠮᠵᠢᠯᠴᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠮᠠᠨᠳᠤᠭᠤᠯᠵᠤ ᠠᠷᠠᠳ ᠢ ᠪᠠᠶᠠᠵᠢᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠢ ᠠᠬᠢᠭᠤᠯᠤᠨ᠎ᠠ᠃ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠢ ᠶᠢ ᠲᠤᠰᠠᠯᠠᠨ ᠬᠦᠴᠢᠷᠳᠡᠯ ᠠᠴᠠ ᠠᠩᠭᠢᠵᠢᠷᠠᠭᠤᠯᠬᠤ᠂ ᠪᠠᠭᠤᠷᠠᠢ ᠶᠢ ᠲᠡᠳᠬᠦᠨ ᠵᠡᠮᠳᠡᠭᠴᠦᠳ ᠢ ᠬᠠᠪᠰᠤᠷᠬᠤ᠂ ᠨᠠᠰᠤᠲᠠᠨ ᠢ ᠲᠡᠳᠬᠦᠨ ᠨᠢᠯᠬᠠᠰ ᠢ ᠬᠠᠶᠢᠷᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ ᠢ ᠲᠡᠮᠵᠢᠨ ᠰᠤᠷᠤᠯᠭ᠎ᠠ ᠶᠢ ᠲᠡᠳᠬᠦᠬᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ᠎ᠠ᠃ ᠬᠥᠷᠰᠢ ᠵᠡᠷᠭᠡᠯᠡᠳᠡᠭᠡ ᠪᠠᠷ ᠢᠶᠠᠨ ᠰᠠᠬᠢᠨ ᠪᠠᠷᠠᠯᠠᠬᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ᠂ ᠲᠡᠨᠦᠭᠦᠯᠴᠢᠨ ᠢ ᠠᠪᠤᠷᠠᠨ ᠲᠤᠰᠠᠯᠠᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ᠂ ᠠᠮᠤᠷ ᠲᠦᠪᠰᠢᠨ ᠤ ᠪᠠᠶᠢᠭᠤᠯᠤᠯᠲᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠨ᠎ᠡ᠃ ᠪᠣᠯᠪᠠᠰᠤᠨ ᠬᠡᠪ ᠰᠤᠷᠲᠠᠯ ᠢ ᠪᠤᠢ ᠪᠤᠯᠭᠠᠬᠤ ᠲᠠᠯ᠎ᠠ ᠠᠴᠠ ᠪᠣᠳᠣᠯᠬᠢᠯᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠶᠣᠯ᠂ ᠤᠳᠬ᠎ᠠ ᠤᠷᠠᠯᠢᠭ᠂ ᠤᠶᠤᠨ ᠤ ᠪᠣᠯᠪᠠᠰᠤᠨ᠂ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ᠂ ᠪᠠᠶᠢᠭᠠᠯᠢ ᠶᠢᠨ ᠰᠤᠷᠭᠠᠨ ᠬᠥᠮᠦᠵᠢᠯ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠢ ᠥᠷᠨᠢᠭᠦᠯᠦᠨ᠎ᠡ᠃ ᠴᠢᠬᠤᠯᠠ ᠠᠵᠢᠯᠯᠠᠭ᠎ᠠ ᠪᠠ ᠲᠣᠮᠣ ᠭᠡᠯᠪᠡᠷᠢ ᠶᠢᠨ ᠤᠷᠤᠯᠳᠤᠭᠠᠨ ᠢᠶᠠᠷ ᠲᠦᠰᠢᠭ ᠪᠤᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠤᠯᠭᠠᠵᠤ᠂ ᠰᠠᠶᠢᠨ ᠰᠠᠶᠢᠬᠠᠨ ᠡᠮᠬᠢ ᠵᠢᠷᠤᠮ ᠪᠠ ᠬᠥᠮᠥᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃    2. ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠤᠨ᠎ᠠ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠢ ᠣᠨᠣᠪᠴᠢᠲᠠᠶ ᠡᠵᠡᠮᠳᠡᠵᠦ᠂ ᠬᠡᠷᠡᠭᠴᠡᠭᠡ ᠶᠢ ᠬᠠᠩᠭᠠᠬᠤ ᠪᠠ ᠬᠡᠷᠡᠭᠴᠡᠭᠡ ᠶᠢ ᠬᠥᠲᠥᠯᠥᠨ ᠳᠠᠭᠠᠭᠤᠯᠬᠤ ᠶᠢ ᠤᠶᠠᠯᠳᠤᠭᠤᠯᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠢ ᠪᠠᠶᠢᠩᠭᠤᠵᠢᠭᠤᠯᠬᠤ᠂ ᠳᠦᠭᠦᠮ ᠳᠥᠲᠡ ᠪᠤᠯᠭᠠᠬᠤ᠂ ᠣᠨᠣᠴᠠᠲᠠᠢ ᠪᠤᠯᠭᠠᠬᠤ ᠶᠢ ᠪᠡᠶᠡᠯᠡᠭᠦᠯᠦᠨ᠎ᠡ᠃ ᠲᠥᠪᠯᠡᠷᠡᠩᠭᠦᠢ ᠦᠢᠯᠡᠴᠢᠯᠡᠭᠡ ᠶᠢ ᠥᠷᠨᠢᠭᠦᠯᠵᠦ᠂ ᠴᠢᠬᠤᠯᠠ ᠪᠠᠶᠠᠷ ᠳᠤᠷᠠᠰᠬᠠᠯ ᠤᠨ ᠡᠳᠦᠷ ᠵᠡᠷᠭᠡ ᠠᠵᠠ ᠲᠣᠭᠢᠶᠠᠯ ᠢ ᠠᠳᠬᠤᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠣᠯᠠᠨ ᠭᠡᠯᠪᠡᠷᠢ ᠶᠠᠩᠵᠤ ᠶᠢᠨ ᠲᠦᠭᠡᠮᠡᠯ ᠬᠠᠷᠠᠭᠠᠯᠵᠠᠯᠲᠤ ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ᠎ᠠ᠃ ᠡᠳᠦᠷ ᠲᠤᠲᠤᠮ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠳᠡᠷᠭᠡᠳᠡᠬᠢ ᠥᠷᠲᠡᠭᠡ ᠴᠡᠭ ᠲᠤ ᠲᠦᠰᠢᠭᠯᠡᠨ᠂ ᠴᠣᠩᠬᠤᠪᠴᠢ ᠨᠢᠭᠡᠴᠢ ᠶᠢᠨ ᠦᠢᠯᠡᠳᠦᠯ ᠢ ᠪᠠᠳᠠᠷᠠᠭᠤᠯᠵᠤ᠂ ᠣᠷᠳᠣ ᠬᠤᠭᠤᠴᠠᠭ᠎ᠠ ᠶᠢᠨ᠂ ᠲᠠᠰᠤᠯᠳᠠᠭᠤᠯᠤᠯ ᠦᠭᠡᠢ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠨ᠎ᠡ᠃ ᠬᠠᠪᠰᠤᠷᠤᠯᠴᠠᠭ᠎ᠠ ᠪᠠᠶᠢᠭᠤᠯᠬᠤ ᠦᠢᠯᠡᠴᠢᠯᠡᠭᠡᠨ ᠢ ᠰᠠᠶᠢᠲᠤᠷ ᠬᠢᠵᠦ᠂︽ᠨᠠᠰᠤᠲᠠᠨ ᠪᠠ ᠬᠡᠦᠬᠡᠳ︾᠂ ᠵᠡᠮᠳᠡᠭᠴᠦᠳ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠬᠥᠮᠥᠰ ᠢᠶᠠᠷ ᠭᠤᠣᠯᠳᠠᠯᠭ᠎ᠠ ᠪᠣᠯᠭᠠᠨ᠂ ᠥᠪᠡᠷᠮᠢᠴᠡ ᠣᠨᠴᠠᠯᠢᠭ ᠪᠦᠬᠦᠢ ᠵᠠᠬᠢᠶᠠᠯᠠᠨ ᠲᠣᠭᠲᠠᠭᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠨ᠎ᠠ᠃ ᠲᠣᠪᠶᠤᠭ ᠮᠠᠶ᠋ᠢᠭ ᠤᠨ ᠦᠢᠯᠡᠴᠢᠯᠡᠭᠡ ᠶᠢ ᠳᠡᠯᠭᠡᠷᠡᠭᠦᠯᠵᠦ᠂ ᠬᠠᠩᠭᠠᠯᠭ᠎ᠠ ᠬᠡᠷᠡᠭᠴᠡᠭᠡᠨ ᠤ ᠬᠤᠣᠰ ᠴᠢᠭᠯᠡᠯ ᠢᠶᠠᠷ ᠬᠤᠷᠰᠢᠯᠴᠠᠬᠤ᠂ ᠨᠠᠷᠢᠯᠢᠭ ᠣᠨᠣᠴᠠᠲᠠᠢ ᠪᠠᠷ ᠵᠣᠬᠢᠴᠠᠯᠳᠤᠬᠤ ᠶᠢ ᠪᠡᠶᠡᠯᠡᠭᠦᠯᠦᠨ᠎ᠡ᠃    3. ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯᠵᠢᠭᠦᠯᠦᠨ ᠠᠵᠢᠯᠯᠠᠬᠤ ᠶᠢ ᠠᠬᠢᠭᠤᠯᠵᠤ᠂ ᠭᠤᠣᠯ ᠰᠡᠳᠦᠪ ᠢᠯᠡ ᠲᠣᠳᠣ᠂ ᠥᠪᠡᠷᠮᠢᠴᠡ ᠣᠨᠴᠠᠯᠢᠭ ᠲᠠᠢ᠂ ᠣᠯᠠᠨ ᠲᠦᠮᠡᠨ ᠤ ᠳᠤᠷᠠᠲᠠᠢ ᠲᠥᠷᠥᠯ ᠵᠦᠢᠯ ᠢ ᠪᠤᠢ ᠪᠣᠯᠭᠠᠨ᠎ᠠ᠃ ᠲᠥᠷᠥᠯ ᠵᠦᠢᠯ ᠤᠨ ᠬᠥᠮᠥᠷᠭᠡ ᠪᠠᠶᠢᠭᠤᠯᠵᠤ᠂ ᠦᠢᠯᠡᠴᠢᠯᠡᠭᠡᠨ ᠤ ᠨᠠᠷᠢᠨ ᠲᠠᠩᠰᠠ ᠶᠢ ᠦᠷᠭᠦᠯᠵᠢᠯᠡᠨ ᠭᠠᠷᠭᠠᠨ᠎ᠠ᠃ ᠪᠦᠭᠦ ᠶᠠᠪᠤᠴᠠ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢ ᠦᠨᠡᠯᠡᠬᠦ ᠶᠢ ᠰᠠᠶᠢᠲᠤᠷ ᠬᠢᠵᠦ᠂ ᠦᠢᠯᠡᠴᠢᠯᠡᠭᠡᠨ ᠤ ᠠᠭᠤᠯᠭ᠎ᠠ᠂ ᠬᠡᠷᠡᠭᠵᠢᠭᠦᠯᠬᠦ ᠠᠷᠭ᠎ᠠ ᠶᠢ ᠰᠠᠶᠢᠵᠢᠷᠠᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠣᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ᠂ ᠬᠠᠪᠤᠷ ᠤᠨ ᠬᠤᠷ᠎ᠠ ᠢᠨᠵᠧᠨᠧᠷᠢᠩ᠂ ᠤᠳᠬ᠎ᠠ ᠤᠷᠠᠯᠢᠭ ᠢ ᠲᠦᠮᠡᠨ ᠡᠷᠦᠭᠡ ᠳᠤ ᠬᠦᠷᠭᠡᠬᠦ᠂ ᠣᠶᠤᠨᠴᠢ ᠬᠠᠷᠠᠭᠠᠯᠵᠠᠯ ᠤᠨ ᠠᠵᠢᠯᠯᠠᠭ᠎ᠠ᠂ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠠᠵᠢᠯᠯᠠᠭ᠎ᠠ᠂ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ᠂ ᠳᠡᠷᠭᠡᠳᠡ ᠬᠢ ᠪᠠᠨ ᠠᠪᠤᠷᠠᠬᠤ᠂ ᠨᠠᠰᠤᠲᠠᠶᠢᠴᠤᠳ ᠤᠨ ᠠᠵᠢᠯᠯᠠᠭ᠎ᠠ ᠵᠡᠷᠭᠡ ᠶᠢ ᠦᠷᠭᠦᠯᠵᠢᠯᠡᠨ ᠠᠬᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠤᠨ᠎ᠠ᠃    ᠳᠥᠷᠪᠡ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ    1. ᠡᠩᠨᠡᠭᠡ ᠶᠢᠨ ᠬᠦᠴᠦᠨ ᠢ ᠪᠤᠵᠠᠭᠠᠶᠢᠷᠠᠭᠤᠯᠤᠨ᠎ᠠ᠃ ᠨᠠᠮ ᠤᠨ ᠭᠡᠰᠢᠭᠦᠨ ᠰᠠᠶᠢᠨ ᠳᠤᠷᠠᠴᠤᠳ᠂ ᠵᠠᠯᠠᠭᠤ ᠰᠠᠶᠢᠨ ᠳᠤᠷᠠᠴᠤᠳ᠂ ᠡᠮᠡᠭᠲᠡᠢ ᠰᠠᠶᠢᠨ ᠳᠤᠷᠠᠴᠤᠳ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠠᠵᠢᠯᠲᠠᠨ ᠠᠵᠢᠯᠴᠢᠨ ᠤ ᠰᠠᠶᠢᠨ ᠳᠤᠷᠠᠴᠤᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠠᠶᠢᠨ ᠳᠤᠷᠠᠴᠤᠳ᠂ ᠰᠤᠷᠤᠬᠴᠢᠳ ᠤᠨ ᠰᠠᠶᠢᠨ ᠳᠤᠷᠠᠴᠤᠳ᠂ ᠨᠠᠰᠤᠲᠠᠶᠢᠴᠤᠳ ᠤᠨ ᠰᠠᠶᠢᠨ ᠳᠤᠷᠠᠴᠤᠳ ᠵᠡᠷᠭᠡ ᠡᠩᠨᠡᠭᠡ ᠶᠢ ᠶᠡᠭᠡ ᠪᠠᠷ ᠬᠥᠭᠵᠢᠭᠦᠯᠵᠦ᠂ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠲᠠᠪᠰᠢᠯᠳᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠠᠵᠢᠯ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠳᠬ᠎ᠠ ᠤᠷᠠᠯᠢᠭ ᠤᠨ ᠰᠠᠶᠢᠨ ᠳᠤᠷᠠᠴᠤᠳ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠠᠶᠢᠨ ᠳᠤᠷᠠᠴᠤᠳ᠂ ᠠᠮᠤᠷ ᠲᠠᠶᠢᠪᠤᠩ ᠤᠨ ᠰᠠᠶᠢᠨ ᠳᠤᠷᠠᠴᠤᠳ᠂ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷᠠᠴᠤᠳ᠂ ᠵᠡᠮᠳᠡᠭᠴᠦᠳ  ᠤᠨ ᠰᠠᠶᠢᠨ ᠳᠤᠷᠠᠴᠤᠳ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠶᠢᠨ ᠳᠤᠷᠠᠴᠤᠳ᠂ ᠬᠠᠤᠯᠢ ᠴᠠᠭᠠᠵᠠ ᠶᠢᠨ ᠰᠠᠶᠢᠨ ᠳᠤᠷᠠᠴᠤᠳ᠂ ᠪᠡᠶ᠎ᠡ ᠶᠢᠨ ᠲᠠᠮᠢᠷ ᠤᠨ ᠰᠠᠶᠢᠨ ᠳᠤᠷᠠᠴᠤᠳ᠂ ᠠᠮᠢ ᠠᠬᠤᠢ ᠣᠷᠴᠢᠨ ᠲᠣᠭᠤᠷᠢᠨ ᠤ ᠰᠠᠶᠢᠨ ᠳᠤᠷᠠᠴᠤᠳ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠷ ᠢᠶᠠᠨ ᠨᠡᠶᠢᠭᠡᠮ ᠳᠤ ᠬᠤᠪᠢ ᠨᠡᠮᠡᠷᠢ ᠦᠵᠡᠭᠦᠯᠭᠦ ᠶᠢ ᠬᠥᠲᠥᠯᠥᠨ ᠵᠢᠯᠣᠭᠤᠳᠤᠨ᠎ᠠ᠃ ᠲᠡᠷᠢᠭᠦᠨ ᠤ ᠵᠢᠱᠢᠶᠡᠴᠢ᠂ ᠨᠤᠲᠤᠭ ᠤᠨ︵ᠨᠤᠲᠤᠭ ᠲᠠᠭᠠᠨ ᠪᠤᠴᠠᠭᠰᠠᠨ︶ᠴᠢᠳᠠᠪᠤᠷᠢᠲᠠᠨ᠂ ︽ᠲᠠᠪᠤᠨ ᠠᠬᠠᠮᠠᠳ︾᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠭᠡᠯᠪᠡᠷᠢ ᠶᠢᠨ ᠠᠵᠢᠯᠯᠠᠭᠰᠠᠳ᠂ ᠣᠯᠠᠨ ᠲᠦᠮᠡᠨᠴᠢ ᠴᠢᠨᠠᠷᠲᠠᠢ ᠠᠵᠢᠯᠯᠠᠭᠠᠨ ᠤ ᠭᠤᠣᠯ ᠬᠦᠴᠦᠨ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃    2. ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ ᠬᠥᠭᠵᠢᠯᠲᠡ ᠶᠢ ᠬᠥᠲᠥᠯᠥᠨ ᠵᠢᠯᠤᠭᠤᠳᠬᠤ ᠪᠠ ᠬᠠᠮᠢᠶᠠᠷᠤᠯᠲᠠ ᠶᠢ ᠵᠢᠷᠤᠮᠵᠢᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠳᠦᠷᠢᠮ ᠶᠣᠰᠣᠭᠠᠷ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ  ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠰᠠᠶᠢᠨ ᠳᠤᠷᠠᠴᠤᠳ ᠢ ᠡᠯᠰᠡᠬᠦ᠂ ᠪᠦᠷᠢᠳᠬᠡᠭᠦᠯᠬᠦ ᠳᠦᠷᠢᠮ ᠢ ᠲᠡᠭᠦᠯᠳᠡᠷᠵᠢᠭᠦᠯᠵᠦ᠂ ᠦᠢᠯᠡ ᠠᠵᠢᠯᠯᠠᠭᠠᠨ ᠤ ᠪᠠᠷᠢᠮᠵᠢᠶ᠎ᠠ᠂ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠵᠤ᠂ ᠡᠷᠬᠡ ᠡᠭᠦᠷᠭᠡ ᠶᠢ ᠲᠣᠳᠣᠷᠬᠠᠶᠢᠯᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠨᠡᠪᠴᠢᠭᠦᠯᠬᠦ ᠲᠣᠭᠲᠠᠴᠠ ᠶᠢ ᠪᠦᠷᠢᠨᠰᠢᠭᠦᠯᠵᠦ᠂ ᠲᠡᠭᠦᠨ ᠤ ᠠᠩᠬᠠᠨ ᠤ ᠠᠵᠢᠯᠯᠠᠭᠠᠨ᠂ ᠬᠥᠭᠵᠢᠨ ᠪᠣᠯᠪᠠᠰᠤᠷᠠᠬᠤ ᠶᠢ ᠵᠢᠯᠣᠭᠤᠳᠤᠨ ᠳᠡᠮᠵᠢᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠨᠥᠬᠦᠴᠡᠯ ᠳᠤ ᠨᠡᠶᠢᠴᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠲᠡᠮᠳᠡᠭᠯᠡᠬᠦ ᠶᠢ ᠳᠡᠮᠵᠢᠨ᠎ᠡ᠃ ᠬᠠᠷᠠᠯᠲᠠ ᠵᠣᠷᠢᠯᠲᠠ ᠠᠳᠠᠯᠢ ᠰᠠᠶᠢᠨ ᠲᠤᠷᠠᠴᠤᠳ ᠤᠨ ᠪᠦᠯᠭᠦᠮ ᠪᠠᠶᠢᠭᠤᠯᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ︵ᠭᠠᠵᠠᠷ᠂ ᠥᠷᠲᠡᠭᠡ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠵᠡᠷᠭᠡ ᠠᠴᠢᠶᠠᠯᠠᠪᠤᠷᠢ ᠳᠤ ᠲᠦᠰᠢᠭᠯᠡᠨ᠂ ᠵᠣᠬᠢᠶᠠᠨ ᠪᠠᠶᠢᠭᠤᠯᠤᠯᠲᠠ ᠲᠠᠢ ᠪᠠᠷ ᠦᠢᠯᠡᠴᠢᠯᠡᠭᠡ ᠥᠷᠨᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠥᠳᠡᠯᠦᠩᠭᠦᠢ ᠪᠠᠷ ᠬᠠᠮᠢᠶᠠᠷᠬᠤ ᠪᠠ ᠤᠬᠤᠷᠢᠨ ᠭᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠬᠥᠲᠥᠯᠥᠨ ᠳᠠᠭᠠᠭᠤᠯᠬᠤ᠂ ᠬᠤᠯᠪᠣᠭᠠᠯᠠᠬᠤ᠂ ᠦᠢᠯᠡᠴᠢᠯᠡᠬᠦ᠂ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠡ᠃    3. ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠰᠠᠶᠢᠨ ᠳᠤᠷᠠᠴᠤᠳ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠳ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠶᠢ ᠨᠢ ᠴᠢᠩᠭᠠᠳᠬᠠᠨ᠂ ᠤᠯᠤᠰ ᠲᠥᠷᠥ ᠶᠢᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠣᠯᠠᠨ ᠲᠦᠮᠡᠨ ᠯᠦᠭᠡ ᠶᠢᠨ ᠬᠠᠶᠢᠷ᠎ᠠ ᠰᠡᠳᠬᠢᠯᠭᠡ ᠶᠢ ᠨᠢ ᠨᠡᠮᠡᠭᠳᠡᠭᠦᠯᠦᠨ᠂ ᠬᠤᠯᠪᠣᠭᠳᠠᠯ ᠪᠦᠬᠦᠢ ᠮᠡᠳᠡᠯᠭᠡ ᠮᠡᠷᠭᠡᠵᠢᠯ ᠢ ᠡᠵᠡᠮᠰᠢᠭᠦᠯᠵᠦ᠂ ᠦᠢᠯᠡᠴᠢᠯᠡᠭᠡᠨ ᠤ ᠲᠦᠪᠰᠢᠨ ᠢ ᠨᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠰᠠᠶᠢᠨ ᠲᠤᠷᠠᠴᠤᠳ ᠤᠨ ᠭᠤᠣᠯ ᠬᠦᠴᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ ᠨᠠᠩ ᠣᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠤᠰᠬᠠᠢ ᠮᠡᠷᠭᠡᠵᠢᠯ ᠤᠨ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠰᠬᠠᠶᠢᠵᠢᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠰᠬᠠᠢ ᠮᠡᠳᠡᠯᠭᠡ᠂ ᠤᠷ᠎ᠠ ᠮᠡᠷᠭᠡᠵᠢᠯ ᠬᠡᠷᠡᠭᠰᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠤᠷᠢᠳ ᠢᠶᠠᠷ ᠪᠤᠯᠪᠠᠰᠤᠷᠠᠭᠤᠯᠵᠤ ᠳᠠᠷᠠᠭ᠎ᠠ ᠨᠢ ᠠᠵᠢᠯ ᠤᠨ ᠪᠠᠶᠢᠷᠢ ᠳᠤ ᠭᠠᠷᠭᠠᠬᠤ ᠶᠢ ᠪᠠᠷᠢᠮᠲᠠᠯᠠᠨ᠎ᠠ᠃ ᠲᠠᠰ ᠲᠥᠷᠥᠯ ᠬᠤᠪᠢᠶᠠᠨ ᠪᠤᠯᠪᠠᠰᠤᠷᠠᠭᠤᠯᠬᠤ ᠶᠢ ᠬᠡᠷᠡᠭᠵᠢᠭᠦᠯᠵᠦ᠂ ᠬᠢᠴᠢᠶᠡᠯ᠂ ᠵᠢᠭᠠᠬᠤ ᠮᠠᠲ᠋ᠧᠷᠢᠶᠠᠯ᠂ ᠪᠠᠭᠰᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠷᠢᠯᠴᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠢ ᠳᠡᠯᠭᠡᠨ ᠦᠵᠡᠭᠦᠯᠵᠦ᠂ ᠲᠤᠷᠰᠢᠯᠭ᠎ᠠ ᠶᠢ ᠳᠡᠯᠭᠡᠷᠡᠭᠦᠯᠦᠨ᠂ ᠣᠶᠢᠯᠠᠭᠠᠯᠲᠠ ᠪᠠᠨ ᠬᠤᠪᠢᠶᠠᠯᠴᠠᠵᠤ᠂ ᠬᠠᠮᠲᠤ ᠪᠠᠷ ᠳᠡᠭᠡᠭᠰᠢᠯᠡᠬᠦ ᠶᠢ ᠠᠬᠢᠭᠤᠯᠤᠨ᠎ᠠ᠃    ᠲᠠᠪᠤ᠂ ᠥᠷᠭᠡᠨ ᠳᠡᠯᠭᠡᠷ ᠪᠦᠷᠬᠦᠴᠡ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠰᠢᠰᠲ᠋ᠧᠮ ᠢ ᠪᠦᠷᠢᠨᠰᠢᠭᠦᠯᠦᠨ᠎ᠡ    1. ᠥᠷᠲᠡᠭᠡ ᠴᠡᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠴᠡᠭ ᠲᠣᠬᠢᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠭᠡᠷ ᠪᠠᠶᠢᠰᠢᠩ ᠢ ᠲᠥᠯᠥᠪᠵᠢᠭᠦᠯᠬᠦ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠷᠣᠨ ᠵᠠᠢ ᠲᠣᠬᠢᠷᠠᠭᠤᠯᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ ᠴᠣᠩᠬᠤᠪᠴᠢ ᠨᠢᠭᠡᠴᠢ ᠵᠢᠴᠢ ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠴᠡᠭ ᠪᠠᠶᠢᠭᠤᠯᠵᠤ᠂ ᠤᠯᠤᠰ ᠤᠨ ᠴᠡᠴᠡᠷᠯᠢᠭ᠂ ᠤᠯᠤᠰ ᠤᠨ ᠰᠣᠶᠣᠯ ᠤᠨ ᠴᠡᠴᠡᠷᠯᠢᠭ ᠵᠢᠴᠢ ᠮᠦᠽᠧᠢ᠂ ᠳᠤᠷᠠᠰᠬᠠᠯ ᠤᠨ ᠣᠷᠳᠣᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠷᠳᠣᠨ ᠵᠡᠷᠭᠡ ᠳᠤ ᠰᠠᠶᠢᠨ ᠳᠤᠷ᠎ᠠ ᠶᠢᠨ ᠦᠢᠯᠡᠴᠢᠯᠡᠭᠡᠨ ᠢ ᠪᠦᠷᠬᠦᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠣᠯᠠᠨ ᠨᠡᠶᠢᠲᠡ ᠶᠢᠨ ᠡᠬᠢ ᠪᠠᠶᠠᠯᠢᠭ ᠢ ᠴᠢᠯᠦᠭᠡᠲᠡᠢ ᠨᠡᠭᠡᠭᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠲᠠᠯᠠᠪᠤᠷ ᠭᠠᠵᠠᠷ ᠪᠠ ᠨᠥᠬᠦᠴᠡᠯ ᠬᠠᠩᠭᠠᠬᠤ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠴᠠᠯᠢᠭᠲᠤ ᠥᠷᠲᠡᠭᠡ ᠴᠡᠭ᠂ ᠨᠡᠭᠦᠳᠡᠯ ᠥᠷᠲᠡᠭᠡ ᠴᠡᠭ ᠢ ᠪᠠᠶᠢᠭᠤᠯᠵᠤ᠂ ᠪᠦᠷᠬᠦᠬᠦ ᠬᠡᠪᠴᠢᠶ᠎ᠡ ᠶᠢ ᠴᠢᠨᠠᠭᠰᠢᠳᠠ ᠥᠷᠭᠡᠳᠬᠡᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠦᠢᠯᠡᠳᠦᠯ ᠢ ᠪᠠᠳᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠨᠡᠶᠢᠳᠬᠡᠵᠦ᠂ ᠬᠠᠮᠵᠢᠯᠴᠠᠨ ᠠᠵᠢᠯᠯᠠᠬᠤ ᠶᠢ ᠠᠬᠢᠭᠤᠯᠤᠨ᠎ᠠ᠃    2. ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠴᠡᠭ ᠢ ᠪᠠᠷᠢᠮᠵᠢᠶᠠᠵᠢᠭᠤᠯᠤᠨ ᠪᠠᠶᠢᠭᠤᠯᠬᠤ ᠶᠢ ᠴᠢᠩᠭᠠᠳᠬᠠᠵᠤ᠂ ᠲᠠᠯᠠᠪᠤᠷ ᠲᠠᠢ᠂ ᠡᠩᠨᠡᠭᠡ ᠲᠠᠢ᠂ ᠲᠥᠷᠥᠯ ᠵᠦᠢᠯ ᠲᠠᠢ᠂ ᠲᠥᠬᠦᠭᠡᠷᠦᠮᠵᠢ ᠲᠠᠢ᠂ ᠳᠦᠷᠢᠮ ᠲᠠᠢ᠂ ᠲᠡᠮᠳᠡᠭ ᠲᠠᠢ ᠪᠤᠯᠭᠠᠬᠤ ᠶᠢ ᠪᠡᠶᠡᠯᠡᠭᠦᠯᠵᠦ᠂ ᠬᠡᠷᠡᠭᠴᠡᠭᠡ ᠶᠢ ᠴᠤᠭᠯᠠᠭᠤᠯᠬᠤ᠂ ᠲᠥᠷᠥᠯ ᠵᠦᠢᠯ ᠢ ᠨᠡᠶᠢᠲᠡᠯᠡᠬᠦ᠂ ᠡᠯᠰᠡᠬᠦ ᠪᠠ ᠪᠤᠯᠪᠠᠰᠤᠷᠠᠭᠤᠯᠬᠤ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠦᠢᠯᠡᠴᠢᠯᠡᠭᠡ ᠶᠢ ᠲᠡᠮᠳᠡᠭᠯᠡᠬᠦ᠂ ᠤᠬᠠᠭᠤᠯᠤᠨ ᠳᠡᠯᠭᠡᠨ ᠦᠵᠡᠭᠦᠯᠭᠦ ᠵᠡᠷᠭᠡ ᠴᠢᠳᠠᠮᠵᠢ ᠶᠢ ᠪᠦᠷᠢᠯᠳᠦᠭᠦᠯᠵᠦ᠂ ᠪᠠᠶᠢᠩᠭᠤᠵᠢᠭᠰᠠᠨ ᠦᠢᠯᠡᠴᠢᠯᠡᠭᠡ ᠬᠠᠩᠭᠠᠨ᠎ᠠ᠃ ᠠᠭᠤᠯᠤᠭᠳᠠᠬᠤᠨ ᠲᠠᠢ ᠬᠥᠭᠵᠢᠯᠲᠡ ᠶᠢ ᠴᠢᠬᠤᠯᠠᠴᠢᠯᠠᠵᠤ᠂ ᠥᠷᠲᠡᠭᠡ ᠴᠡᠭ ᠤᠨ ᠣᠶᠤᠨ ᠰᠠᠨᠠᠭᠠᠨ ᠤ ᠴᠥᠮ᠎ᠡ᠂ ᠰᠣᠶᠣᠯ ᠤᠨ ᠥᠷᠲᠡᠭ ᠢ ᠪᠠᠶᠠᠯᠢᠭᠵᠢᠭᠤᠯᠤᠨ᠎ᠠ᠃ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ᠰᠢᠨ᠎ᠡ ᠶᠢ ᠡᠭᠦᠳᠦᠨ ᠰᠦᠪᠡᠭᠴᠢᠯᠡᠬᠦ ᠶᠢ ᠵᠣᠷᠢᠭᠵᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ᠂ ᠠᠵᠢᠯ ᠲᠥᠷᠥᠯ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠴᠡᠭ ᠢ ᠪᠤᠶ ᠪᠣᠯᠭᠠᠨ᠎ᠠ᠃    3. ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠬᠢᠭᠡᠳ ᠲᠣᠭᠠᠴᠢᠯᠠᠭᠰᠠᠨ ᠮᠡᠷᠭᠡᠵᠢᠯ ᠤᠨ ᠠᠭᠤᠰᠤᠯᠴᠠᠯ ᠢ ᠴᠢᠩᠭᠠᠷᠠᠭᠤᠯᠵᠤ᠂ ᠰᠠᠶᠢᠨ ᠲᠤᠷᠠᠴᠤᠳ ᠤᠨ ᠳᠡᠩᠰᠡᠯᠡᠨ ᠲᠡᠮᠳᠡᠭᠯᠡᠬᠦ᠂ ᠬᠡᠷᠡᠭᠴᠡᠭᠡ ᠶᠢ ᠠᠭᠤᠳᠠᠯᠬᠤ᠂ ᠦᠢᠯᠡᠴᠢᠯᠡᠭᠡ ᠶᠢ ᠵᠣᠯᠭᠠᠭᠤᠯᠬᠤ᠂ ᠲᠣᠬᠢᠷᠠᠭᠤᠯᠤᠨ ᠬᠡᠷᠡᠭᠵᠢᠭᠦᠯᠬᠦ᠂ ᠦᠨᠡᠯᠡᠵᠦ ᠬᠠᠷᠢᠭᠤ ᠲᠤᠰᠬᠠᠬᠤ᠂ ᠤᠬᠠᠭᠤᠯᠤᠨ ᠳᠡᠯᠭᠡᠷᠡᠭᠦᠯᠬᠦ ᠵᠡᠷᠭᠡ ᠪᠦᠭᠦ ᠶᠠᠪᠤᠴᠠ ᠶᠢᠨ ᠲᠣᠭᠠᠴᠢᠯᠠᠭᠰᠠᠨ ᠴᠢᠳᠠᠪᠤᠷᠢ ᠶᠢ ᠪᠡᠶᠡᠯᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠷᠤᠮᠵᠢᠭᠤᠯᠤᠨ ᠡᠮᠬᠢ ᠳᠢᠭᠯᠢᠮ ᠲᠠᠢ ᠠᠬᠢᠭᠤᠯᠵᠤ᠂ ᠲᠤᠭ᠎ᠠ ᠪᠠᠷᠢᠮᠲᠠ ᠶᠢ ᠴᠤᠭᠯᠠᠭᠤᠯᠤᠨ ᠨᠡᠶᠢᠯᠡᠭᠦᠯᠬᠦ᠂  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠬᠤ᠂ ᠵᠢᠯᠣᠭᠤᠳᠤᠨ ᠬᠠᠮᠢᠶᠠᠷᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠂ ᠮᠡᠷᠭᠡᠵᠢᠯ ᠤᠨ ᠪᠠᠷᠢᠮᠵᠢᠶ᠎ᠠ ᠶᠢ ᠨᠢᠭᠡᠳᠬᠡᠵᠦ᠂ ᠲᠤᠭ᠎ᠠ ᠪᠠᠷᠢᠮᠲᠠ ᠶᠢᠨ ᠵᠠᠯᠭᠠᠰᠤ ᠶᠢ ᠨᠡᠪᠲᠡᠷᠡᠭᠦᠯᠦᠨ᠂ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠰᠠᠶᠢᠨ ᠳᠤᠷᠠᠴᠤᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠪᠠ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠰᠦᠯᠵᠢᠶᠡᠨ ᠳᠡᠭᠡᠷᠡᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ᠢᠨᠲ᠋ᠧᠷ ᠰᠦᠯᠵᠢᠶ᠎ᠡ ᠶᠢ ᠠᠰᠢᠭᠯᠠᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃    ᠵᠢᠷᠭᠤᠭ᠎ᠠ᠂ ᠣᠨᠴᠠᠯᠢᠭ ᠢᠯᠡ ᠲᠣᠳᠣ ᠰᠠᠶᠢᠨ ᠳᠤᠷ᠎ᠠ ᠶᠢᠨ ᠰᠣᠶᠣᠯ ᠤᠨ ᠰᠢᠰᠲ᠋ᠧᠮ ᠢ ᠪᠦᠷᠢᠨᠰᠢᠭᠦᠯᠦᠨ᠎ᠡ    1. ᠰᠠᠶᠢᠨ ᠳᠤᠷ᠎ᠠ ᠶᠢᠨ ᠰᠣᠶᠣᠯ ᠤᠨ ᠰᠠᠭᠤᠷᠢ ᠶᠢ ᠪᠠᠬᠢᠵᠢᠭᠦᠯᠦᠨ᠎ᠡ᠃ ᠰᠠᠶᠢᠨ ᠳᠤᠷ᠎ᠠ ᠶᠢᠨ ᠰᠣᠶᠣᠯ ᠤᠨ ᠤᠬᠠᠭᠤᠯᠭ᠎ᠠ ᠲᠠᠶᠢᠯᠪᠤᠷᠢᠯᠠᠯᠲᠠ ᠶᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠶᠣᠰᠣ ᠮᠣᠷᠠᠯ ᠤᠨ ᠤᠭᠢ ᠰᠣᠳᠣ ᠶᠢ ᠵᠠᠯᠭᠠᠮᠵᠢᠯᠠᠨ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠡᠷᠬᠢᠮ ᠳᠡᠭᠡᠳᠦ ᠬᠥᠭᠡᠭᠡᠴᠡᠯᠳᠦᠯ ᠢ ᠪᠠᠳᠠᠷᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠪᠠ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠡᠯ᠎ᠡ ᠲᠠᠯ᠎ᠠ ᠳᠤ ᠢᠯᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠦᠶ᠎ᠡ ᠶᠢᠨ ᠦᠷᠳᠡᠭ ᠪᠠ ᠶᠣᠰᠣ ᠮᠣᠷᠠᠯ ᠤᠨ ᠬᠦᠴᠦᠨ ᠢ ᠢᠯᠡᠷᠡᠭᠦᠯᠦᠨ᠎ᠡ᠃ ᠣᠨᠣᠯ ᠪᠠ ᠦᠢᠯᠡᠳᠦᠯᠭᠡ ᠶᠢᠨ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠣᠯ ᠤᠨ ᠰᠢᠰᠲ᠋ᠧᠮ᠂ ᠦᠭᠡ ᠬᠡᠯᠡᠨ ᠤ ᠰᠢᠰᠲ᠋ᠧᠮ ᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨᠵᠢᠯᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃    2. ᠰᠠᠶᠢᠨ ᠳᠤᠷ᠎ᠠ ᠶᠢᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠰᠡᠳᠦᠪᠲᠦ ᠤᠳᠬ᠎ᠠ ᠤᠷᠠᠯᠢᠭ ᠤᠨ ᠪᠦᠲᠦᠭᠡᠯ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠨᠡᠶᠢᠲᠡ ᠶᠢᠨ ᠠᠰᠠᠷᠠᠮᠵᠢ ᠶᠢᠨ ᠵᠠᠷ ᠢ ᠵᠣᠬᠢᠶᠠᠨ ᠪᠦᠲᠦᠭᠡᠵᠦ᠂ ᠭᠤᠣᠯ ᠰᠡᠳᠦᠪᠲᠦ ᠴᠡᠴᠡᠷᠯᠢᠭ᠂ ᠠᠭᠤᠳᠠᠮ ᠲᠠᠯᠠᠪᠠᠶ᠂ ᠱᠤᠭᠤᠮᠠᠯ ᠵᠡᠷᠭᠡ ᠶᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠰᠠᠶᠢᠨ ᠳᠤᠷ᠎ᠠ ᠶᠢᠨ ᠰᠣᠶᠣᠯ ᠤᠨ ᠳᠠᠮᠵᠢᠭᠤᠯᠭ᠎ᠠ ᠶᠢ ᠥᠷᠭᠡᠳᠬᠡᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠥᠯᠢᠭᠡᠷ ᠢ ᠰᠠᠶᠢᠲᠤᠷ ᠶᠠᠷᠢᠵᠤ᠂ ᠨᠠᠩ ᠣᠯᠠᠨ ᠬᠥᠮᠥᠨ ᠤ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠬᠥᠭᠡᠭᠡᠴᠡᠯᠳᠦᠬᠦ᠂ ᠮᠡᠷᠭᠡᠳ ᠢ ᠲᠠᠭᠠᠨ ᠰᠤᠷᠬᠤ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ ᠤᠨ ᠰᠠᠶᠢᠨ ᠲᠤᠷᠠᠴᠤᠳ ᠤᠨ ᠡᠳᠦᠷ ᠲᠣᠭᠲᠠᠭᠠᠬᠤ ᠶᠢ ᠰᠤᠳᠤᠯᠤᠨ ᠠᠬᠢᠭᠤᠯᠤᠨ᠎ᠠ᠃ ᠰᠠᠶᠢᠨ ᠲᠤᠷᠠᠴᠤᠳ ᠤᠨ ᠲᠠᠩᠭᠠᠷᠢᠭᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠠᠶᠢᠨ ᠲᠤᠷᠠᠴᠤᠳ ᠤᠨ ᠲᠠᠩᠭᠠᠷᠢᠭ ᠤᠨ ᠦᠭᠡᠰ ᠢ ᠳᠡᠯᠭᠡᠷᠡᠭᠦᠯᠦᠨ᠂ ᠰᠠᠶᠢᠨ ᠲᠤᠷᠠᠴᠤᠳ ᠤᠨ ᠦᠢᠯᠡᠴᠢᠯᠡᠭᠡᠨ ᠤ ᠢᠯᠡᠷᠬᠡᠶᠢᠯᠡᠯ ᠲᠡᠮᠳᠡᠭ ᠢ ᠵᠢᠷᠤᠮᠵᠢᠭᠤᠯᠤᠨ ᠬᠡᠷᠡᠭᠯᠡᠨ᠎ᠡ᠃    3. ᠰᠠᠶᠢᠨ ᠳᠤᠷ᠎ᠠ ᠶᠢᠨ ᠰᠣᠶᠣᠯ ᠤᠨ ᠤᠬᠠᠮᠰᠠᠷ ᠢ ᠨᠡᠮᠡᠭᠳᠡᠭᠦᠯᠦᠨ᠎ᠡ᠃ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠳᠤᠷ᠎ᠠ ᠶᠢᠨ ᠰᠣᠶᠣᠯ ᠢ ᠡᠳᠦᠷ ᠲᠤᠳᠤᠮ ᠤᠨ ᠰᠤᠷᠤᠯᠴᠠᠯᠭ᠎ᠠ ᠠᠵᠢᠯ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠵᠤ᠂ ᠪᠢ ᠬᠥᠮᠥᠨ ᠪᠦᠭᠦᠨ ᠤ ᠲᠥᠯᠥᠭᠡ᠂ ᠬᠥᠮᠥᠨ ᠪᠦᠭᠦᠨ ᠮᠢᠨᠤ ᠲᠥᠯᠥᠭᠡ ᠭᠡᠬᠦ ᠨᠡᠶᠢᠭᠡᠮ ᠤᠨ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠣᠶᠤᠲᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠤᠬᠴᠢᠳ ᠤᠨ ᠨᠡᠶᠢᠭᠡᠮ ᠤᠨ ᠦᠢᠯᠡᠳᠦᠯᠭᠡ ᠳᠤ ᠣᠷᠣᠭᠤᠯᠤᠨ᠂ ᠰᠤᠷᠤᠬᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠮᠰᠠᠷ ᠢ ᠨᠡᠮᠡᠭᠳᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠤᠨ ᠵᠢᠷᠤᠮᠵᠢᠯ ᠳᠤ ᠠᠭᠤᠰᠤᠯᠴᠠᠬᠤ ᠶᠢ ᠠᠬᠢᠭᠤᠯᠵᠤ᠂ ᠬᠤᠲᠠ ᠶᠢᠨ ᠠᠷᠠᠳ ᠤᠨ ᠨᠡᠶᠢᠲᠡ ᠶᠢᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠠᠵᠢᠯ ᠲᠥᠷᠥᠯ ᠤᠨ ᠳᠦᠷᠢᠮ ᠲᠣᠭᠲᠠᠭᠠᠯ᠂ ᠪᠦᠯᠭᠦᠮ ᠤᠨ ᠠᠷᠭ᠎ᠠ ᠬᠡᠮᠵᠢᠶ᠎ᠡ ᠳᠤ ᠢᠯᠡᠷᠡᠭᠦᠯᠦᠨ᠎ᠡ᠃    ᠳᠣᠯᠤᠭ᠎ᠠ᠂  ᠪᠠᠲᠤ ᠴᠢᠩᠭ᠎ᠠ ᠬᠦᠴᠦᠨ ᠲᠠᠢ ᠰᠠᠶᠢᠨ ᠳᠤᠷ᠎ᠠ ᠶᠢᠨ ᠦᠢᠯᠡᠴᠢᠯᠡᠭᠡ ᠪᠠᠲᠤᠯᠠᠭᠠᠨ ᠤ ᠰᠢᠰᠲ᠋ᠧᠮ ᠢ ᠪᠦᠷᠢᠨᠰᠢᠭᠦᠯᠦᠨ᠎ᠡ    1. ᠲᠥᠷᠥ ᠶᠢᠨ ᠪᠣᠳᠣᠯᠭ᠎ᠠ ᠶᠢ ᠬᠥᠭᠵᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠣᠷᠣᠭᠤᠯᠤᠯᠲᠠ ᠶᠢ ᠪᠠᠭᠲᠠᠭᠠᠭᠰᠠᠨ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ᠂ ᠬᠠᠤᠯᠢ ᠶᠣᠰᠣᠭᠠᠷ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠵᠡᠩᠨᠡᠯᠲᠡ ᠬᠠᠮᠢᠶᠠᠷᠤᠯᠲᠠ ᠶᠢ ᠳᠡᠮᠵᠢᠨ᠎ᠡ᠃ ᠨᠥᠬᠦᠴᠡᠯ ᠲᠠᠢ ᠭᠠᠵᠠᠷ ᠣᠷᠣᠨ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠰᠠᠭᠤᠷᠢ ᠮᠥᠩᠭᠦ ᠶᠢ ᠬᠠᠤᠯᠢ ᠶᠣᠰᠣᠭᠠᠷ ᠪᠠᠶᠢᠭᠤᠯᠵᠤ ᠪᠣᠯᠣᠨ᠎ᠠ᠃ ᠨᠡᠶᠢᠭᠡᠮ ᠠᠴᠠ ᠵᠣᠭᠤᠰ ᠴᠤᠭᠯᠠᠭᠤᠯᠬᠤ ᠠᠷᠭ᠎ᠠ ᠵᠠᠮ ᠢ ᠥᠷᠭᠡᠵᠢᠭᠦᠯᠦᠨ᠂ ᠠᠵᠤ ᠠᠬᠤᠶᠢᠯᠠᠯ᠂ ᠬᠤᠪᠢ ᠬᠥᠮᠥᠨ ᠵᠡᠷᠭᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡᠭᠯᠡᠨ ᠬᠦᠷᠭᠡᠬᠦ ᠶᠢ ᠵᠣᠷᠢᠭᠵᠢᠭᠤᠯᠵᠤ᠂ ᠲᠣᠭᠲᠠᠭᠠᠯ ᠶᠣᠰᠣᠭᠠᠷ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠭᠦᠯᠦᠨ ᠡᠵᠡᠩᠨᠡᠬᠦ᠂ ᠲᠥᠷᠥᠯ ᠵᠦᠢᠯ ᠤᠨ ᠨᠡᠭᠡᠭᠡᠯᠲᠡ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠢ ᠳᠠᠭᠠᠭᠠᠨ ᠠᠪᠬᠤ ᠵᠡᠷᠭᠡ ᠳᠤ ᠳᠡᠮᠵᠢᠯᠭᠡ ᠦᠵᠡᠭᠦᠯᠭᠦ ᠶᠢ ᠵᠣᠷᠢᠭᠵᠢᠭᠤᠯᠤᠨ᠎ᠠ᠃    2. ᠡᠷᠬᠡ ᠠᠰᠢᠭ ᠤᠨ ᠪᠠᠲᠤᠯᠠᠭ᠎ᠠ ᠶᠢ ᠴᠢᠬᠤᠯᠠᠴᠢᠯᠠᠨ᠎ᠠ᠃ ᠬᠡᠨ ᠬᠡᠷᠡᠭᠯᠡᠪᠡᠯ ᠬᠡᠨ ᠡᠯᠰᠡᠵᠦ ᠬᠡᠨ ᠪᠠᠲᠤᠯᠠᠬᠤ ᠶᠢ ᠪᠠᠷᠢᠮᠲᠠᠯᠠᠵᠤ᠂ ᠰᠠᠶᠢᠨ ᠳᠤᠷᠠᠴᠤᠳ ᠲᠤ ᠡᠳ᠋ ᠪᠣᠳᠠᠰ ᠲᠥᠬᠦᠭᠡᠷᠦᠮᠵᠢ᠂ ᠠᠮᠤᠷ ᠲᠦᠪᠰᠢᠨ ᠤ ᠪᠠᠲᠤᠯᠠᠭ᠎ᠠ ᠵᠢᠴᠢ ᠬᠠᠷᠠᠭᠠᠯᠵᠠᠭᠰᠠᠨ ᠳᠠᠭᠠᠳᠬᠠᠯ ᠬᠠᠩᠭᠠᠨ᠎ᠠ᠃ ᠰᠠᠶᠢᠨ ᠳᠤᠷᠠᠴᠤᠳ ᠤᠨ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠰᠠᠶᠢᠨ ᠳᠤᠷᠠᠴᠤᠳ ᠤᠨ ᠳᠠᠭᠠᠳᠬᠠᠯ ᠤᠨ ᠰᠠᠭᠤᠷᠢ ᠳᠠᠭᠠᠳᠬᠠᠯ ᠤᠨ ᠲᠦᠷᠦᠯ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠡᠮᠳᠡᠭᠯᠡᠯ᠂ ᠭᠡᠷᠡᠴᠢ ᠭᠠᠷᠭᠠᠵᠤ ᠥᠭᠬᠦ ᠶᠢ ᠦᠨᠡᠨ ᠪᠣᠳᠠᠲᠠᠢ᠂ ᠣᠨᠣᠪᠴᠢᠲᠠᠶ ᠰᠠᠶᠢᠲᠤᠷ ᠬᠢᠨ᠎ᠡ᠃ ᠰᠠᠶᠢᠨ ᠳᠤᠷᠠᠴᠤᠳ ᠤᠨ ᠭᠦᠳᠡᠯᠮᠦᠷᠢ ᠵᠢᠴᠢ ᠲᠡᠭᠦᠨ ᠤ ᠡᠵᠡᠮᠳᠡᠬᠦ ᠰᠢᠨᠵᠢ ᠶᠢ ᠭᠦᠨᠳᠦᠳᠭᠡᠵᠦ᠂ ᠰᠠᠶᠢᠨ ᠳᠤᠷᠠᠴᠤᠳ ᠤᠨ ᠬᠠᠤᠯᠢ ᠶᠣᠰᠣᠨ ᠤ ᠡᠷᠬᠡ ᠠᠰᠢᠭ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠨ᠎ᠠ᠃    3. ᠤᠷᠮᠠᠰᠢᠭᠤᠯᠵᠤ ᠰᠠᠶᠢᠰᠢᠶᠠᠨ ᠱᠠᠩᠨᠠᠬᠤ ᠶᠢ ᠴᠢᠩᠭᠠᠷᠠᠭᠤᠯᠤᠨ᠎ᠠ᠃ ᠤᠶᠤᠨ ᠰᠠᠨᠠᠭᠠᠨ ᠤ ᠤᠷᠮᠠᠰᠢᠭᠤᠯᠤᠯ ᠢᠶᠠᠷ ᠭᠤᠣᠯ ᠪᠤᠯᠭᠠᠬᠰᠠᠨ ᠰᠠᠶᠢᠰᠢᠶᠠᠨ ᠬᠥᠬᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠳᠤᠨ ᠲᠡᠰ ᠤᠨ ᠮᠠᠭᠠᠳᠯᠠᠨ ᠲᠣᠭᠲᠠᠭᠠᠬᠤ ᠳᠦᠷᠢᠮ ᠢ ᠲᠡᠭᠦᠯᠳᠡᠷᠵᠢᠭᠦᠯᠦᠨ᠂ ᠰᠠᠶᠢᠨ ᠳᠤᠷᠠᠴᠤᠳ ᠤᠨ ᠠᠮᠵᠢᠯᠲᠠ ᠣᠯᠣᠭᠰᠠᠨ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠦᠨ᠎ᠡ᠃ ᠦᠢᠯᠡᠴᠢᠯᠡᠭᠡᠨ ᠤ ᠬᠤᠷᠠᠮᠳᠤᠯ ᠬᠤᠪᠢ᠂ ᠴᠠᠭ ᠬᠤᠭᠤᠴᠠᠭᠠᠨ ᠤ ᠬᠠᠳᠠᠭᠠᠯᠠᠮᠵᠢ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠵᠤ᠂ ᠭᠦᠨᠳᠦᠳᠭᠡᠵᠦ ᠬᠠᠷᠢᠭᠤ ᠥᠭᠬᠦ ᠪᠠ ᠢᠲᠡᠭᠡᠮᠵᠢᠲᠦ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠮᠢᠶ᠎ᠠ ᠪᠦᠬᠦᠢ ᠰᠢᠯᠢᠳᠡᠭ ᠲᠡᠷᠢᠭᠦᠨ ᠤ ᠬᠢ ᠶᠢ ᠰᠢᠯᠭᠠᠷᠠᠭᠤᠯᠬᠤ ᠴᠢᠬᠤᠯᠠ ᠯᠠᠪᠯᠠᠯᠲᠠ ᠪᠣᠯᠭᠠᠨ᠎ᠠ᠃ ᠠᠯᠪᠠᠲᠠᠨ ᠰᠢᠯᠭᠠᠨ ᠡᠯᠰᠡᠬᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠵᠢᠯᠲᠠᠨ ᠡᠯᠰᠡᠬᠦ ᠳᠡᠭᠡᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠶᠢᠳᠠᠯ ᠢ ᠣᠶᠢᠯᠠᠭᠠᠬᠤ ᠶᠢ ᠴᠢᠬᠤᠯᠠᠴᠢᠯᠠᠨ᠎ᠠ᠃    4. ᠬᠠᠤᠯᠢᠵᠢᠯ ᠤᠨ ᠲᠤᠯᠭᠠᠭᠤᠷᠢᠯᠠᠯ ᠢ ᠬᠠᠩᠭᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠤᠯᠤᠰ ᠤᠨ ᠬᠠᠤᠯᠢ ᠲᠣᠭᠲᠠᠭᠠᠯᠲᠠ ᠶᠢ ᠢᠳᠡᠪᠬᠢᠲᠡᠢ ᠪᠠᠷ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠯᠪᠣᠭᠳᠠᠯ ᠪᠦᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠴᠢᠩᠭᠠᠳᠬᠠᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠷᠢᠮᠵᠢᠶ᠎ᠠ ᠪᠠ ᠵᠢᠷᠤᠮᠵᠢᠯ ᠢ ᠰᠤᠳᠤᠯᠤᠨ ᠲᠣᠭᠲᠠᠭᠠᠬᠤ ᠶᠢ ᠴᠢᠩᠭᠠᠳᠬᠠᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠤᠬᠠᠭᠤᠯᠤᠨ ᠲᠦᠭᠡᠮᠡᠯᠵᠢᠭᠦᠯᠬᠦ ᠶᠢ ᠰᠠᠶᠢᠲᠤᠷ ᠬᠢᠨ᠎ᠡ᠃ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠨᠡᠷ᠎ᠡ ᠪᠠᠷ ᠬᠠᠤᠯᠢ ᠪᠤᠰᠤ ᠠᠵᠢᠯᠯᠠᠭ᠎ᠠ ᠬᠢᠬᠦ ᠳᠤ ᠡᠷᠡᠰ ᠴᠣᠬᠢᠯᠲᠠ ᠥᠭᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠪᠠᠲᠤᠯᠠᠨ᠎ᠠ᠃    ᠨᠠᠢᠮᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ    1. ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ᠃︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠵᠡᠷᠭᠡ ᠪᠠᠷ ᠭᠤᠣᠯᠳᠠᠯᠭ᠎ᠠ ᠪᠣᠯᠭᠠᠨ ᠤᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠤᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠦᠨ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠨ᠎ᠠ᠃ ᠤᠯᠤᠰ ᠤᠨ ᠳᠣᠲᠣᠭᠠᠳᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠬᠢᠭᠡᠳ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠯᠤᠭ᠎ᠠ ᠬᠠᠮᠲᠤᠷᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠡᠭᠦᠳᠴᠦ᠂ ᠲᠣᠬᠢᠷᠠᠮᠵᠢᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃    2. ᠳᠡᠯᠡᠬᠡᠢ ᠳᠡᠭᠡᠷᠡᠬᠢ ᠨᠥᠯᠥᠭᠡ ᠶᠢ ᠥᠷᠭᠡᠳᠬᠡᠨ᠎ᠡ᠃ ᠤᠯᠠᠨ ᠤᠯᠤᠰ ᠤᠨ ᠴᠢᠨᠠᠷᠲᠠᠢ ᠰᠠᠶᠢᠨ ᠳᠤᠷᠠᠴᠤᠳ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯᠠᠲᠤ ᠪᠠ ᠤᠯᠠᠨ ᠲᠠᠯᠠᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠳᠤᠮᠳᠠᠳᠤ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠤᠯᠠᠨ ᠤᠯᠤᠰ ᠤᠨ ᠬᠤᠯᠪᠤᠭ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠵᠣᠬᠢᠴᠠᠭᠤᠯᠬᠤ ᠲᠣᠭᠲᠠᠴᠠ ᠪᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ᠵᠢᠷᠤᠮᠵᠢᠯ ᠢ ᠲᠣᠳᠣᠷᠬᠠᠶᠢᠯᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠰᠠᠶᠢᠨ ᠳᠤᠷᠠᠴᠤᠳ ᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠤ ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠥᠪ ᠢᠶᠠᠷ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ᠃    ᠶᠢᠰᠦ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ   1. ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠲᠥᠯᠥᠪᠵᠢᠭᠦᠯᠦᠨ ᠪᠠᠶᠢᠷᠢᠯᠠᠭᠤᠯᠬᠤ ᠪᠠᠨ ᠴᠢᠩᠭᠠᠳᠬᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠨᠠᠩ ᠣᠯᠠᠨ ᠲᠠᠪᠴᠠᠩ ᠪᠠᠶᠢᠭᠤᠯᠤᠨ ᠥᠭᠴᠦ᠂ ᠨᠠᠩ ᠣᠯᠠᠨ ᠳᠡᠮᠵᠢᠯᠭᠡ ᠦᠵᠡᠭᠦᠯᠦᠨ᠎ᠡ᠃ ᠦᠨᠡᠯᠡᠨ ᠵᠢᠱᠢᠬᠦ ᠰᠢᠰᠲ᠋ᠧᠮ ᠢ ᠪᠦᠷᠢᠨᠰᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠭᠠᠵᠠᠷ ᠣᠷᠣᠨ ᠤ ᠨᠡᠶᠢᠭᠡᠮ ᠤᠨ ᠪᠣᠯᠪᠠᠰᠤᠨ ᠤ ᠬᠡᠮᠵᠢᠶ᠎ᠡ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠬᠡᠮᠵᠢᠬᠦ ᠴᠢᠬᠤᠯᠠ ᠠᠭᠤᠯᠭ᠎ᠠ ᠪᠣᠯᠭᠠᠨ᠎ᠠ᠃   2. ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠣᠭᠲᠠᠭᠠᠯ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠰᠢᠯᠢᠳᠡᠭ ᠵᠠᠯᠠᠭᠤ ᠰᠠᠶᠢᠨ ᠳᠤᠷᠠᠴᠤᠳ ᠤᠨ ᠳᠣᠲᠣᠷ᠎ᠠ ᠠᠴᠠ ᠨᠠᠮ ᠤᠨ ᠭᠡᠰᠢᠭᠦᠨ ᠢ ᠬᠥᠮᠥᠵᠢᠭᠦᠯᠵᠦ ᠬᠥᠭᠵᠢᠭᠦᠯᠬᠦ ᠶᠢ ᠴᠢᠬᠤᠯᠠᠴᠢᠯᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠥᠷᠭᠡᠨ ᠤᠯᠠᠨ ᠰᠠᠶᠢᠨ ᠳᠤᠷᠠᠴᠤᠳ ᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠢ ᠨᠠᠮ ᠤᠨ ᠲᠤᠭ ᠤᠨ ᠳᠣᠣᠷ᠎ᠠ ᠨᠢᠭᠲᠠᠷᠠᠭᠤᠯᠤᠨ᠎ᠠ᠃   3. ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠨ ᠠᠬᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠤᠳᠤᠷᠢᠳᠬᠤ ᠪᠠᠶᠢᠭᠤᠯᠤᠮᠵᠢ ᠪᠣᠯᠣᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠠᠮ ᠤᠨ ᠬᠤᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠤᠯᠪᠤᠭᠠᠯᠠᠨ ᠬᠥᠳᠡᠯᠦᠯᠴᠡᠵᠦ ᠥᠨᠳᠥᠷ ᠦᠷ᠎ᠡ ᠪᠦᠲᠦᠮᠵᠢᠲᠡᠶ ᠪᠠᠶᠢᠬᠤ ᠠᠵᠢᠯ ᠤᠨ ᠪᠠᠶᠢᠷᠢᠰᠢᠯ ᠢ ᠪᠤᠶ ᠪᠣᠯᠭᠠᠨ᠎ᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠪᠠ ᠡᠬᠢ ᠪᠠᠶᠠᠯᠢᠭ ᠢ ᠨᠡᠶᠢᠳᠬᠡᠵᠦ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号