2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ | ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ︽ᠰᠢᠨ᠎ᠡ | ᠵᠠᠮ ᠢ ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠳᠠᠭᠠᠰᠤ ᠬᠠᠳᠠᠬᠤ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠭᠤᠷᠪᠠᠨ ᠤᠮᠠᠷᠠᠲᠤ︾ ᠶᠢᠨ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ᠂ ᠲᠠᠪᠤᠨ ᠶᠡᠭᠡ ᠰᠠᠭᠤᠷᠢᠨ ᠢ ᠪᠠᠶᠢᠭᠤᠯᠬᠤ | ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠬᠠᠷᠠᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠣᠷᠢᠳᠡᠪᠡᠷ ᠪᠠᠶᠢᠭᠤᠯᠵᠤ ᠳᠠᠷᠠᠭ᠎ᠠ ᠨᠢ ᠡᠪᠳᠡᠬᠦ ᠶᠢ | ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ 2024 | ᠣᠨ ᠳᠤ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 6.5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ | ᠬᠢᠭᠡᠳ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠪᠠᠶᠢᠯᠭᠠᠵᠦ᠂ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠲᠤᠯ ᠭᠠᠳᠠᠭᠰᠢᠯᠠᠭᠤᠯᠬᠤ | ᠬᠦᠢᠴᠡᠳᠭᠡᠯ ᠲᠤᠭ᠎ᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠳᠣᠣᠷᠠᠬᠢ ᠨᠠᠢᠮᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ᠨᠢᠭᠡ᠂ ︽ᠨᠢᠭᠡ ᠭᠤᠣᠯ ᠰᠢᠵᠢᠮ︾ ᠢ ᠭᠦᠨᠵᠡᠭᠡᠢ ᠳᠣᠣᠱᠯᠠᠭᠤᠯᠵᠦ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ ᠴᠢᠷᠮᠠᠶᠢᠨ᠎ᠠ | ︽ᠵᠢᠱᠢᠶ᠎ᠡ ᠦᠵᠡᠭᠦᠯᠬᠦ ᠠᠶᠢᠮᠠᠭ︾ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠣᠯ | ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠪᠣᠯᠤᠨ ᠠᠶᠢᠮᠠᠭ ᠤᠨ ᠨᠠᠮ ᠤᠨ | ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ | ᠦᠵᠡᠭᠦᠯᠬᠦ ᠠᠶᠢᠮᠠᠭ ᠢ ᠪᠠᠶᠢᠭᠤᠯᠬᠤ ᠲᠤᠬᠠᠢ ᠲᠣᠭᠲᠠᠭᠠᠯ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠣᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ | ᠬᠡᠷᠡᠭᠵᠢᠭᠦᠯᠬᠦ ᠲᠥᠰᠦᠯ︾ ᠢ ᠭᠦᠨᠵᠡᠭᠡᠢ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︽ᠲᠠᠪᠤᠨ ᠨᠢᠭᠡ︾ | ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡᠬᠦ ᠭᠤᠣᠯ ᠰᠢᠵᠢᠮ ᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠦᠨᠡᠨᠬᠦ ᠲᠤᠤᠱᠯᠠᠭᠤᠯᠵᠤ᠂ ᠲᠦᠷᠦ ᠶᠢᠨ ᠪᠤᠳᠤᠯᠭ᠎ᠠ | ᠲᠣᠭᠲᠠᠭᠠᠬᠤ᠂ ᠲᠥᠯᠥᠪᠵᠢᠭᠦᠯᠭᠡ ᠨᠠᠶᠢᠷᠠᠭᠤᠯᠬᠤ᠂ ᠲᠦᠷᠦᠯ ᠵᠦᠢᠯ ᠢ ᠪᠠᠶᠢᠷᠢᠰᠢᠭᠤᠯᠬᠤ᠂ ᠪᠡᠯᠡ ᠮᠥᠩᠭᠦ ᠶᠢ | ᠳᠣᠬᠢᠷᠠᠭᠤᠯᠬᠤ ᠵᠡᠷᠭᠡ ᠲᠠᠯ᠎ᠠ ᠪᠠᠷ ᠢᠮᠠᠭᠲᠠ ︽ᠭᠤᠣᠯ ᠰᠢᠵᠢᠮ︾ ᠤᠨ ᠱᠠᠭᠠᠷᠳᠠᠯᠭ᠎ᠠ ᠶᠢ ᠢᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ ᠦᠵᠡᠭᠦᠯᠬᠦ | ᠠᠶᠢᠮᠠᠭ ᠢ ᠬᠦᠴᠦ ᠪᠠᠨ ᠬᠠᠮᠲᠤᠳᠬᠠᠨ ᠪᠠᠶᠢᠭᠤᠯᠣᠨ᠎ᠠ᠃ | ᠬᠠᠤᠯᠢ ᠪᠠᠷ ᠵᠠᠰᠠᠬᠤ ᠪᠠᠳᠣᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠬᠦᠯᠦᠨ᠎ᠡ᠃ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠳᠣᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠠᠷᠠᠯᠲᠠ ᠪᠣᠯᠭᠠᠨ᠂ ︽ᠨᠢᠭᠡ | ᠲᠥᠯᠥᠪᠵᠢᠭᠦᠯᠭᠡ᠂ ᠬᠤᠶᠠᠷ ᠬᠥᠲᠥᠯᠪᠦᠷᠢ︾ ᠪᠠ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠲᠥᠰᠦᠯ | ᠠᠷᠭ᠎ᠠ ᠬᠡᠮᠵᠢᠶ᠎ᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠭᠦᠨᠵᠡᠭᠡᠶ ᠠᠬᠢᠭᠤᠯᠵᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠴᠢᠳᠠᠪᠤᠷᠢ ᠪᠠ ᠬᠠᠤᠯᠢ ᠪᠠᠷ ᠵᠠᠰᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ | ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠲᠦ ᠳᠤ ᠠᠰᠢᠭᠲᠠᠶ ᠪᠠᠲᠤᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠭᠦᠨᠵᠡᠭᠡᠢ ᠳᠣᠣᠱᠯᠠᠭᠤᠯᠣᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠣᠳᠣᠬᠢᠴᠢᠯᠠᠯᠲᠠ ᠶᠢ | ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠡᠷᠭᠡᠶᠢᠯᠡᠬᠦ ᠡᠷᠴᠢᠮ ᠢᠶᠠᠨ | ᠴᠢᠩᠭᠠᠷᠠᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠬᠠᠤᠯᠢ ᠶᠣᠰᠣᠭᠠᠷ ᠵᠠᠰᠠᠭ | ᠶᠠᠪᠤᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠠᠬᠢᠭᠤᠯᠤᠨ᠎ᠠ᠃ | ᠬᠤᠶᠠᠷ ᠢ ᠬᠦᠷᠢᠶᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠴᠡᠷᠢᠭ ᠤᠨ ᠬᠠᠨᠢ ᠨᠥᠬᠦᠷ ᠢ ᠲᠥᠪᠬᠢᠨᠡᠭᠦᠯᠬᠦ᠂ ᠠᠵᠢᠯ | ᠣᠯᠭᠤᠬᠤ᠂ ᠦᠷ᠎ᠡ ᠬᠡᠤᠬᠡᠳ ᠢ ᠨᠢ ᠰᠤᠷᠭᠠᠭᠤᠯᠢ ᠳᠤ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠢᠳᠡᠪᠬᠢᠲᠡᠶ | ᠰᠠᠶᠢᠲᠤᠷ ᠬᠢᠵᠦ᠂ ᠰᠣᠶᠣᠯ ᠢᠶᠠᠷ ᠴᠡᠷᠢᠭ ᠢᠶᠠᠨ ᠬᠦᠷᠢᠶᠡᠯᠡᠬᠦ᠂ ᠰᠤᠷᠭᠠᠨ ᠬᠥᠮᠦᠵᠢᠯ ᠢᠶᠠᠷ ᠴᠡᠷᠢᠭ ᠢᠶᠠᠨ ᠬᠦᠷᠢᠶᠡᠯᠡᠬᠦ᠂ | ᠨᠡᠶᠢᠭᠡᠮ ᠲᠣᠭᠤᠷᠢᠭ ᠢᠶᠠᠷ ᠴᠡᠷᠢᠭ ᠢᠶᠠᠨ ᠬᠦᠷᠢᠶᠡᠯᠡᠬᠦ᠂ ᠠᠵᠢᠯ ᠲᠥᠷᠥᠯ ᠢᠶᠠᠷ ᠴᠡᠷᠢᠭ ᠢᠶᠠᠨ ᠬᠦᠷᠢᠶᠡᠯᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠴᠢᠩᠭᠠᠳᠬᠠᠵᠤ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠡᠷᠢᠭ | ᠠᠩᠭᠢ ᠪᠠ ᠣᠷᠣᠨ ᠨᠤᠲᠤᠭ ᠬᠠᠮᠲᠤ ᠪᠠᠷ ᠪᠥᠲᠥᠭᠡᠨ ᠪᠠᠶᠢᠭᠤᠯᠬᠤ ᠦᠢᠯᠡᠰ ᠲᠤ ᠣᠷᠣᠯᠴᠠᠬᠤ ᠬᠠᠮᠲᠤᠷᠠᠯ ᠬᠦᠴᠦᠨ ᠢ | ᠨᠢᠭᠲᠠᠷᠠᠭᠤᠯᠤᠨ᠎ᠠ᠃ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠨᠢᠭᠡ ᠪᠦᠯᠦᠭ ᠤᠰᠤᠨ ᠠᠰᠢᠭᠯᠠᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠦᠷᠢᠨᠰᠢᠭᠦᠯᠦᠨ᠂ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠤᠨ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠢᠳᠡᠭᠡᠨ ᠪᠠ | ᠡᠮ ᠤᠨ ᠵᠦᠢᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ | ᠂ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠠᠶᠤᠯᠭᠦᠢ ᠦᠢᠯᠡᠳᠪᠦᠷᠢᠯᠡᠯ ᠤᠨ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠪᠦᠬᠦ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠪᠦᠬᠦ | ᠣᠷᠣᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢᠨ | ᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠶᠤᠨᠲᠤ ᠬᠦᠷᠢᠶᠡᠯᠡᠩ | ᠲᠣᠭᠤᠷᠢᠭ ᠪᠣᠯᠤᠨ ᠠᠮᠤᠷ ᠲᠦᠪᠰᠢᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠠᠭᠤᠷᠬᠠᠢ᠂ ᠠᠶᠤᠯ ᠲᠠᠢ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠣᠨᠣᠪᠴᠢᠳᠠᠢ ᠬᠢᠨᠠᠨ ᠬᠠᠮᠢᠶᠠᠷᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤ ᠥᠷᠨᠢᠭᠦᠯᠵᠦ᠂ ᠮᠥᠨ ᠴᠢᠨᠠᠷ ᠤᠨ ᠠᠮᠤᠷ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠪᠣᠯᠪᠠᠰᠤᠷᠠᠯ ᠢ ᠴᠢᠩᠭᠠᠳᠬᠠᠵᠤ᠂ ᠦᠷᠭᠦᠯᠵᠢᠯᠡᠨ ᠲᠦᠷᠭᠡᠨ ᠠᠪᠤᠷᠠᠬᠤ | ᠣᠶᠢᠯᠠᠭᠠᠭᠳᠠᠬᠤᠨ ᠪᠠ ᠮᠡᠷᠭᠡᠵᠢᠯ ᠤᠨ ᠴᠢᠳᠠᠪᠤᠷᠢ ᠪᠠᠷ ᠠᠶᠣᠯᠬᠦᠢ ᠦᠢᠯᠡᠳᠪᠦᠷᠢᠯᠡᠯ ᠳᠤ ᠬᠦᠴᠦᠨ ᠨᠡᠮᠡᠷᠢᠯᠡᠨ᠎ᠡ᠃ | ᠬᠤᠶᠠᠷ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠨᠤᠲᠤᠭ ᠤᠰᠤ ᠬᠢᠯᠢ ᠪᠠᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ | ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ ᠴᠢᠷᠮᠠᠶᠢᠨ᠎ᠠ | ᠠᠮᠢ ᠠᠬᠤᠢ ᠶᠢᠨ ᠰᠢᠰᠲ᠋ᠧᠮ ᠤᠨ ᠠᠶᠤᠯ ᠦᠬᠡᠢ ᠪᠠᠶᠢᠳᠠᠯ ᠢ ᠬᠠᠮᠠᠭᠠᠯᠠᠨ᠎ᠠ᠃ ᠠᠮᠢ ᠠᠬᠤᠶ ᠶᠢᠨ ᠬᠠᠮᠠᠭᠠᠯᠠᠯᠲᠠ | ᠪᠠ ᠰᠡᠷᠭᠦᠭᠡᠯᠲᠡ ᠶᠢ ᠨᠢᠭᠡᠳᠦᠯᠲᠡᠶ ᠲᠥᠯᠥᠪᠯᠡᠨ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠣᠶᠢᠵᠢᠭᠤᠯᠬᠤ ᠵᠡᠷᠭᠡ | ᠢᠨᠵᠧᠨᠧᠷᠢᠩ ᠢᠶᠠᠷ ᠳᠠᠮᠵᠢᠭᠤᠯᠤᠨ᠂ ᠠᠯᠠᠱᠠ ᠠᠭᠤᠯᠠ᠂ ᠲᠤᠤᠷᠠᠶ ᠶᠢᠨ ᠣᠶ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢᠨ ᠣᠶ ᠰᠢᠭᠤᠶ ᠪᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠰᠠᠶᠢᠲᠤᠷ ᠬᠢᠵᠦ᠂ ᠠᠮᠢ | ᠠᠬᠤᠶ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠦᠷᠭᠦᠯᠵᠢᠯᠡᠨ | ᠥᠷᠨᠢᠭᠦᠯᠦᠨ᠎ᠡ᠃ ︽ᠮᠠᠨ ᠤ ᠤᠯᠤᠰ ᠤᠨ ᠤᠮᠠᠷᠠᠲᠤ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ︽ᠲᠤᠯᠤᠭᠠᠨ ᠶᠡᠭᠡ ᠠᠵᠢᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠥᠪᠥᠷ ᠮᠣᠩᠭᠤᠯ ᠤᠨ | ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠢ | ᠲᠦᠷᠬᠡᠨ ᠬᠡᠷᠡᠭᠵᠢᠭᠦᠯᠵᠦ᠂ ᠡᠯᠡᠰᠦᠨ ᠴᠦᠯ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠭᠤᠨ ᠪᠠᠶᠢᠬᠤ ᠶᠢ | ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠠᠷ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ᠂ ᠤᠯᠠᠭᠠᠨᠪᠤᠬ᠎ᠠ ᠶᠢᠨ ᠡᠯᠡᠰᠦ ᠶᠢ | ᠬᠠᠰᠢᠵᠤ ᠭᠤᠣᠯ ᠳᠤ ᠣᠷᠣᠬᠤ ᠶᠢ ᠰᠡᠷᠭᠡᠶᠢᠯᠡᠬᠦ ᠤᠰᠤ ᠬᠠᠩᠭᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ | ᠠᠵᠢᠯ ᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠬᠠᠷ᠎ᠠ ᠤᠰᠤ ᠭᠤᠤ ᠶᠢᠨ ᠵᠢᠵᠢᠭ | ᠰᠠᠪᠠ ᠭᠠᠵᠠᠷ ᠤᠨ ᠣᠰᠣ ᠬᠥᠷᠥᠰᠥ ᠶᠢ ᠬᠠᠮᠠᠭᠠᠯᠠᠬᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ | ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ᠂ ᠠᠮᠢᠳᠤ ᠪᠣᠳᠠᠰ ᠤᠨ ᠳᠦᠷᠰᠦ ᠪᠠ ᠠᠮᠢᠳᠤ ᠪᠣᠳᠠᠰ ᠤᠨ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠬᠢᠨᠠᠠ ᠬᠠᠮᠢᠶᠠᠷᠬᠤ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ | ᠥᠷᠨᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠨ᠎ᠡ᠃ ᠬᠥᠬᠡ ᠣᠭᠲᠠᠷᠭᠤᠶ᠂ ᠬᠥᠬᠡᠮᠳᠦᠭ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠠᠬᠢᠭᠤᠯᠵᠤ᠂ PM2.5᠂ O3 | ᠵᠡᠷᠭᠡ ᠣᠯᠠᠨ ᠪᠣᠬᠢᠷᠲᠤᠯ ᠪᠣᠳᠠᠰ ᠢ ᠡᠵᠡᠮᠳᠡᠬᠦ ᠪᠠ ᠣᠷᠣᠨ ᠪᠦᠰᠡ ᠶᠢᠨ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠢ ᠠᠰᠢᠭᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ ᠪᠠ | ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠶ ᠲᠥᠯᠥᠪᠯᠡᠨ᠂ ᠭᠠᠵᠠᠷ ᠳᠡᠭᠡᠷᠡᠬᠢ ᠤᠰᠤ ᠬᠢᠭᠡᠳ ᠭᠠᠵᠠᠷ | ᠳᠣᠤᠷᠠᠬᠢ ᠤᠰᠤ ᠶᠢ ᠬᠠᠮᠠᠭᠠᠯᠠᠨ ᠵᠠᠰᠠᠬᠤ ᠶᠢ ᠬᠠᠮᠵᠢᠯᠴᠠᠭᠤᠯᠣᠨ ᠠᠬᠢᠭᠤᠯᠵᠤ᠂ ᠤᠰᠤᠨ ᠤ ᠠᠮᠢ ᠠᠬᠤᠶ ᠣᠷᠴᠢᠨ | ᠲᠣᠭᠤᠷᠢᠨ ᠢ ᠯᠠᠪᠳᠠᠭᠤᠨ ᠢᠶᠠᠷ ᠰᠠᠶᠢᠵᠢᠷᠠᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ | ᠤᠰᠤᠨ ᠤ ᠪᠣᠬᠢᠷᠲᠤᠯ ᠤᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠠᠰᠠᠵᠤ | ᠰᠡᠷᠭᠦᠭᠡᠬᠦ ᠶᠢ ᠴᠢᠩᠭᠠᠳᠬᠠᠨ᠎ᠠ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠢ ᠶᠡᠷᠦᠩᠬᠡᠶᠢᠯᠡᠨ ᠵᠠᠰᠠᠬᠤ ᠪᠠ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠭᠤᠷᠬᠠᠢ ᠶᠢᠨ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ᠂ ᠭᠤᠣᠯ ᠤᠨ ᠰᠣᠳᠠᠭ ᠰᠠᠪᠠ ᠭᠠᠵᠠᠷ ᠵᠡᠷᠭᠡ ᠬᠦᠷᠢᠶᠡᠨ ᠤ ᠣᠷᠴᠢᠨ | ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠢ ᠢᠳᠡᠪᠬᠢᠲᠡᠢ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠪᠤᠵᠠᠭᠠᠶᠢᠷᠠᠬᠤ ᠶᠢ ᠠᠬᠢᠭᠤᠯᠤᠨ᠎ᠠ᠃ ᠡᠯᠡᠰᠦ ᠶᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠨᠤᠲᠤᠭ ᠤᠰᠤ ᠬᠢᠯᠢ ᠪᠠᠨ ᠬᠠᠮᠠᠭᠠᠯᠠᠬᠤ ᠶᠢ ᠨᠢᠭᠡ | ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠪᠥᠬᠦ ᠤᠯᠤᠰ ᠤᠨ ᠰᠢᠨ᠎ᠡ ᠡᠨᠧᠷᠭᠢ ᠶᠢᠨ ᠴᠢᠬᠤᠯᠠ ᠲᠣᠮᠣ | ᠰᠠᠭᠤᠷᠢᠨ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠶᠡᠭᠡ ᠬᠡᠪᠴᠢᠶ᠎ᠡ ᠪᠠᠷ᠂ | ᠥᠨᠳᠥᠷ ᠬᠠᠷᠢᠴᠠᠯ ᠲᠠᠢ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠬᠦᠭᠵᠢᠬᠦ ᠶᠢ ᠠᠬᠢᠭᠤᠯᠤᠨ᠎ᠠ᠃ ᠲᠩᠷᠢ | ᠡᠯᠡᠰᠦᠨ ᠤ ᠵᠡᠭᠦᠨ ᠡᠮᠦᠨ᠎ᠡ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 200 ᠲᠦᠮᠡᠨ | ᠺᠢᠯᠣᠸᠠᠲ ᠤᠨ ᠭᠡᠷᠡᠯ ᠴᠡᠨᠡᠭ ᠤᠨ ᠬᠤᠰᠢᠭᠤᠴᠢ ᠢᠨᠵᠧᠨᠧᠷᠢᠩ ᠵᠢᠴᠢ ᠢᠵᠢ ᠪᠦᠷᠢᠳᠦᠬᠦᠯᠦᠭᠰᠡᠨ 4×100 | ᠳᠦᠮᠡᠨ ᠺᠢᠯᠣᠸᠠᠲ ᠤᠨ ᠢᠯᠴᠢ ᠶᠢᠨ ᠴᠠᠬᠢᠯᠭᠠᠨ᠂ ᠮᠧᠩ ᠨᠧᠩ ᠡᠨᠧᠷᠭᠢ ᠶᠢᠨ 100 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ᠂ ᠮᠧᠩ ᠨᠧᠩ ᠬᠠᠨ ᠬᠠᠢ ᠡᠨᠧᠷᠭᠢ ᠶᠢᠨ 100 ᠲᠦᠮᠡᠨ ᠺᠢᠯᠣᠸᠠᠲ ᠤᠨ ᠭᠡᠷᠡᠯ | ᠴᠡᠨᠡᠭ ᠤᠨ ᠴᠠᠬᠢᠯᠭᠠᠨ᠂ ᠭᠦᠸᠧ ᠨᠧᠩ ᠤᠨ 60 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ | ᠣᠰᠣᠳᠦ᠋ᠷᠦᠭᠴᠢ ᠰᠢᠪᠳᠣᠷ ᠦᠢᠯᠡᠳᠬᠦ᠂ ᠬᠤᠸᠠ ᠳ᠋ᠢᠶᠠᠨ ᠤ 60 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ | ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠵᠢᠯ ᠤᠨ ᠳᠣᠲᠣᠷ᠎ᠠ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 500 ᠲᠦᠮᠡᠨ | ᠺᠢᠯᠣᠸᠠᠲ ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ᠎ᠠ᠃ ᠵᠠᠰᠠᠭ ᠠᠵᠤ ᠠᠬᠤᠶᠢᠯᠠᠯ ᠤᠨ ᠬᠠᠮᠵᠢᠯᠴᠠᠭ᠎ᠠ ᠶᠢ | ᠴᠢᠩᠭᠠᠳᠬᠠᠵᠤ᠂ ᠵᠢᠢ ᠯᠢ᠂ ᠶᠦᠨ ᠳ᠋ᠠ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠷᠭᠡ ᠠᠵᠤ | ᠠᠬᠤᠶᠢᠯᠠᠯ ᠯᠤᠭ᠎ᠠ ᠭᠦᠨᠵᠡᠭᠡᠢ ᠬᠠᠮᠲᠤᠷᠠᠯᠴᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠤᠯᠤᠰ ᠤᠨ ᠲᠡᠰ ᠤᠨ | ᠴᠡᠪᠡᠷ ᠮᠧᠲ᠋ᠢᠯ ᠠᠯᠺᠣᠤᠯ ᠦᠢᠯᠡᠳᠬᠦ ᠲᠤᠮᠤ ᠰᠠᠭᠤᠷᠢᠨ ᠢ ᠰᠦᠪᠡᠭᠴᠢᠯᠡᠨ ᠪᠠᠶᠢᠭᠤᠯᠤᠨ᠎ᠠ᠃ ᠴᠡᠪᠡᠷ ᠡᠨᠧᠷᠭᠢ ᠪᠠᠷ | ᠣᠷᠣᠯᠠᠭᠤᠯᠬᠤ ᠶᠢ ᠲᠦᠷᠭᠡᠳᠬᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷᠵᠢᠭᠰᠡᠨ ᠰᠢᠨ᠎ᠡ ᠡᠨᠧᠷᠭᠢ ᠶᠢᠨ ᠲᠥᠷᠥᠯ | ᠵᠦᠢᠯ ᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ | ᠠᠵᠤ ᠦᠢᠯᠡᠰ ᠢ ᠵᠠᠯᠭᠠᠨ ᠠᠪᠴᠤ᠂ ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ ᠪᠣᠬᠢᠷᠳᠣᠯ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠤᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠯᠠᠪᠳᠠᠭᠤᠨ ᠢᠶᠠᠷ | ᠠᠬᠢᠭᠤᠯᠤᠨ᠎ᠠ᠃ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠢ | ᠳᠣᠬᠢᠷᠠᠭᠤᠯᠬᠤ ᠵᠢᠴᠢ ᠬᠢᠨᠠᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠤᠯᠢ ᠲᠣᠭᠲᠠᠭᠠᠯ ᠶᠣᠰᠣᠭᠠᠷ ᠠᠷᠭ᠎ᠠ | ᠬᠡᠮᠵᠢᠶ᠎ᠡ ᠠᠪᠤᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠨ ᠠᠪᠬᠤ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠰᠢᠨ᠎ᠡ ᠡᠨᠧᠷᠭᠢ ᠶᠢ ᠰᠢᠩᠭᠡᠭᠡᠨ ᠠᠪᠬᠤ ᠶᠡᠷᠦᠩᠬᠡᠶ ᠬᠡᠮᠵᠢᠶ᠎ᠡ ᠪᠠ ᠢᠷᠡᠭᠡᠳᠦᠶ ᠶᠢᠨ ᠰᠢᠩᠭᠡᠭᠡᠨ | ᠠᠪᠬᠤ ᠣᠷᠣᠨ ᠵᠠᠶ ᠶᠢ ᠲᠣᠳᠣᠷᠬᠠᠶ ᠣᠶᠢᠯᠠᠭᠠᠵᠤ᠂ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠣᠨᠴᠠᠯᠢᠭ ᠲᠠᠢ | ᠤᠶᠠᠯᠳᠤᠭᠤᠯᠤᠨ᠂ ᠰᠢᠨ᠎ᠡ ᠡᠨᠧᠷᠭᠢ ᠶᠢ ᠳᠣᠬᠢᠷᠠᠭᠤᠯᠬᠤ ᠬᠡᠪᠴᠢᠶ᠎ᠡ ᠶᠢ ᠵᠦᠶ ᠵᠣᠬᠢᠰᠲᠠᠶ ᠳᠡᠭᠡᠭᠰᠢᠯᠡᠭᠦᠯᠦᠨ᠎ᠡ᠃ ᠠᠵᠤ | ᠦᠢᠯᠡᠰ ᠤᠨ ᠪᠦᠲᠦᠴᠡ ᠶᠢ ᠢᠳᠡᠪᠬᠢᠲᠡᠶ ᠲᠣᠬᠢᠷᠠᠭᠤᠯᠵᠤ᠂ ᠪᠣᠬᠢᠷᠲᠤᠯ ᠥᠬᠡᠶ ᠠᠭᠤᠷᠬᠠᠶ᠂ ᠪᠣᠬᠢᠷᠲᠤᠯ ᠥᠬᠡᠶ | ᠦᠢᠯᠡᠳᠪᠦᠷᠢ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠲᠦᠷᠬᠡᠨ | ᠪᠠᠶᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠵᠤ᠂ ᠴᠢᠨᠠᠷ ᠰᠠᠶᠢᠲᠠᠶ | ᠬᠥᠭᠵᠢᠯᠲᠡ ᠬᠢᠭᠡᠳ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢᠨ ᠰᠠᠶᠢᠨ ᠨᠥᠬᠦᠴᠡᠯᠳᠦᠯ ᠢ ᠠᠬᠢᠭᠤᠯᠤᠨ᠎ᠠ᠃ | ᠭᠤᠷᠪᠠ᠂ ᠰᠢᠨ᠎ᠡ ᠬᠠᠭᠤᠴᠢᠨ ᠭᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ᠂ ᠭᠦᠷᠢᠶᠠᠯᠠᠩ | ᠲᠤᠭᠤᠷᠢᠭ ᠪᠠ ᠠᠵᠤ ᠦᠢᠯᠡᠰ ᠤᠨ ᠲᠡᠰ ᠲᠡᠪᠰᠢᠭᠦ ᠢᠨᠵᠧᠨᠧᠷᠢᠩ ᠲᠡᠭᠡᠷ᠎ᠠ ᠰᠢᠪᠳᠤᠯᠤᠯᠳᠠ ᠲᠠᠢ ᠪᠠᠶᠢᠬᠤ ᠪᠠᠷ | ᠴᠢᠷᠮᠠᠶᠢᠨ᠎ᠠ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠳᠣᠯᠠᠨ᠎ᠠ᠃ ᠤᠰᠤ ᠠᠷᠪᠢᠯᠠᠬᠤ ᠥᠨᠳᠥᠷ ᠦᠷ᠎ᠡ ᠠᠰᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ | ᠲᠦᠬᠦᠭᠡᠷᠦᠮᠵᠢᠲᠦ ᠲᠠᠷᠢᠶᠠᠯᠠᠩ ᠢ 2000 ᠮᠦ ᠨᠡᠮᠡᠭᠳᠡᠭᠦᠯᠵᠦ᠂ ᠴᠢᠨᠠᠷ ᠰᠠᠶᠢᠲᠠᠢ ᠲᠡᠵᠢᠭᠡᠯ ᠡᠪᠡᠰᠦ ᠶᠢ 8.8 | ᠲᠦᠮᠡᠨ ᠮᠦ ᠲᠠᠷᠢᠵᠤ᠂ ︽ᠢᠳᠡᠰᠢᠨ ᠨᠣᠭᠤᠭᠠᠨ︾ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠢᠨᠵᠧᠨᠧᠷᠢᠩ ᠢ ᠰᠠᠶᠢᠲᠤᠷ ᠠᠳᠬᠤᠵᠤ᠂ ᠵᠢᠤᠢ ᠶᠠᠨ ᠪᠠᠯᠲᠤ ᠬᠡᠮᠬᠡ ᠪᠠ ᠴᠢ ᠯᠢᠨ ᠳᠠᠷᠪᠣᠰ ᠤᠨ ᠠᠵᠤ | ᠦᠢᠯᠡᠰ ᠤᠨ ᠰᠠᠭᠤᠷᠢᠨ ᠭᠠᠵᠠᠷ ᠢ ᠡᠬᠢᠯᠡᠨ ᠪᠠᠶᠢᠭᠤᠯᠣᠨ᠎ᠠ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠴᠦᠯᠡᠨ ᠠᠬᠢᠭᠤᠯᠵᠤ᠂ ᠠᠯᠠᠰᠢᠨ ᠦᠬᠡᠷ ᠦᠨᠢᠶ᠎ᠡ᠂ ᠴᠠᠭᠠᠨ | ᠨᠣᠯᠤᠤᠷ ᠤᠨ ᠢᠮᠠᠭ᠎ᠠ ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ 3000 | ᠲᠡᠮᠡᠭᠡᠨ ᠬᠢᠷᠭᠤᠤᠯ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠡᠪᠡᠰᠦ ᠳᠠᠷᠢᠬᠤ᠂ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ᠂ ᠨᠠᠷᠢᠯᠢᠭ ᠭᠦᠨᠵᠡᠭᠡᠶ ᠡᠳ᠋ᠰᠢᠭᠦᠯᠬᠦ᠂ ᠤᠬᠠᠭᠤᠯᠤᠨ ᠡᠵᠡᠩᠨᠡᠨ ᠪᠣᠷᠣᠯᠠᠭᠤᠯᠬᠤ ᠵᠡᠷᠭᠡ ᠶᠢ ᠨᠢᠭᠡ | ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠩᠭᠡᠨ | ᠰᠦ ᠶᠢᠨ ᠭᠠᠷᠤᠯᠲᠠ ᠶᠢ 1 ᠲᠦᠮᠡᠨ ᠲᠣᠨ ᠳᠤ ᠬᠦᠷᠦᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ | ᠦᠢᠯᠡᠳᠬᠦᠨ ᠤ ᠥᠷᠲᠡᠭ ᠢ 25 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ︽ᠪᠥᠬᠦ ᠤᠯᠤᠰ ᠤᠨ | ᠣᠲᠣ ᠦᠶ᠎ᠡ ᠶᠢᠨ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠠᠱᠠ ᠶᠢᠨ ᠠᠮᠢ ᠠᠬᠤᠶ ᠡᠯᠡᠰᠦᠨ ᠤ ᠠᠵᠤ ᠦᠢᠯᠡᠰ ᠤᠨ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠬᠦᠷᠢᠶᠡᠯᠡᠩ ᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠳ᠋ᠦᠩ ᠡᠸ᠋ | ᠴᠠᠷᠴᠠᠮᠠᠭ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠠᠮᠢ ᠠᠬᠤᠶ | ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠠᠵᠤ ᠦᠢᠯᠡᠳᠪᠦᠷᠢ ᠶᠢᠨ ᠴᠢᠩᠭᠠᠷᠠᠯᠲᠠ ᠳᠡᠭᠡᠭᠰᠢᠯᠡᠯᠳᠡ ᠶᠢ ᠠᠬᠢᠭᠤᠯᠤᠨ᠎ᠠ᠃ ᠹᠯᠣᠷ ᠤᠨ ᠡᠬᠢ ᠶᠢᠨ ᠳᠡᠭᠡᠳᠦ | ᠦᠵᠦᠭᠦᠷ ᠤᠨ ᠹᠯᠣᠷ ᠤᠨ ᠮᠠᠲ᠋ᠧᠷᠢᠶᠠᠯ᠂ ᠵᠦᠩ ᠱᠧᠩ ᠣᠨᠴᠠ ᠲᠥᠷᠥᠯ ᠤᠨ ᠪᠣᠯᠣᠳ᠂ ᠪᠠᠯ ᠴᠢᠯᠠᠭᠤᠨ ᠠᠯᠺᠧᠨ | ᠵᠡᠷᠭᠡ 60 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠰᠠᠶᠢᠲᠤᠷ ᠠᠳᠬᠤᠵᠤ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠳᠡᠭᠡᠭᠰᠢᠯᠡᠭᠦᠯᠬᠦ ᠶᠢ ᠠᠬᠢᠭᠤᠯᠵᠤ᠂ ᠪᠠᠯ ᠴᠢᠯᠠᠭᠤ᠂ ᠬᠤᠵᠢᠷ ᠳᠡᠮᠦᠷᠯᠢᠭ᠂ ᠣᠨᠴᠠ ᠲᠥᠷᠥᠯ ᠤᠨ ᠬᠠᠶᠢᠯᠤᠰᠢ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠯᠠᠱᠠ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠳᠡ ᠶᠢᠨ ᠣᠷᠣᠨ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ | ᠣᠷᠣᠨ ᠪᠣᠯᠭᠠᠨ ᠲᠠᠰ ᠳᠡᠪᠰᠢᠭᠦᠯᠬᠦ ᠶᠢ ᠠᠬᠢᠭᠤᠯᠵᠤ᠂ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠤᠨ ᠢᠵᠢ | ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠲᠩᠷᠢ | ᠠᠵᠤ ᠦᠢᠯᠡᠰ ᠤᠨ ᠬᠦᠷᠢᠶᠡᠯᠡᠩ ᠢ ᠲᠠᠰ ᠳᠡᠪᠰᠢᠭᠦᠯᠦᠨ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ ᠣᠲᠣ ᠶᠢᠨ | ᠪᠠᠶᠢᠭ᠎ᠠ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ᠂ ᠮᠥ ᠪᠦᠷᠢ ᠶᠢᠨ ᠳᠤᠮᠳᠠᠴᠢ ᠦᠷ᠎ᠡ | ᠠᠰᠢᠭ᠂ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠪᠥᠬᠦ ᠤᠯᠤᠰ ᠤᠨ ᠣᠳᠣ ᠦᠶ᠎ᠡ ᠶᠢᠨ | ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠳᠠᠩᠰᠣᠭᠪᠣᠯᠠᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠪᠠᠶᠢᠭᠠᠯᠢ ᠶᠢᠨ ᠬᠤᠵᠢᠷ ᠤᠨ ᠢᠵᠢ ᠪᠦᠷᠢᠳᠦᠭᠦᠯᠬᠦ ᠠᠵᠤ ᠦᠢᠯᠡᠰ | ᠪᠣᠯᠤᠨ ᠳᠤᠮᠳᠠ ᠳᠣᠣᠷᠠᠳᠤ ᠬᠡᠯᠬᠢᠶ᠎ᠡ ᠶᠢᠨ ᠠᠵᠤ ᠦᠢᠯᠡᠰ ᠢ ᠣᠷᠣᠭᠤᠯᠤᠨ ᠠᠪᠴᠢᠷᠠᠵᠤ᠂ ᠬᠤᠵᠢᠷ ᠬᠢᠮᠢ ᠶᠢᠨ ᠠᠵᠤ | ᠦᠢᠯᠡᠳᠪᠦᠷᠢ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠹᠯᠣᠷ ᠬᠢᠮᠢ ᠶᠢᠨ ᠠᠵᠤ ᠦᠢᠯᠡᠳᠪᠦᠷᠢ᠂ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ᠎ᠠ᠃ | ᠰᠣᠳᠣᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠠᠵᠤ ᠦᠢᠯᠡᠰ ᠢ ᠪᠤᠢ ᠪᠣᠯᠭᠠᠨ᠎ᠠ᠃ ᠦᠵᠡᠮᠵᠢ ᠶᠢᠨ | ᠣᠷᠣᠨ ᠤ ᠳᠦᠭᠦᠭᠡᠷᠦᠮᠵᠢ ᠶᠢ ᠢᠵᠢ ᠪᠦᠷᠢᠳᠦᠭᠦᠯᠬᠦ ᠪᠠ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠳᠡᠭᠡᠳᠦ A ᠲᠠᠰ ᠤᠨ ᠦᠵᠡᠮᠵᠢ ᠶᠢᠨ ᠣᠷᠣᠨ ᠤ ᠵᠠᠰᠠᠮᠠᠯ ᠵᠠᠮ ᠤᠨ ᠲᠠᠰ ᠳᠡᠪᠰᠢᠬᠦ ᠶᠢ | ᠠᠬᠢᠭᠤᠯᠤᠨ᠂ ᠵᠤᠭᠠᠴᠠᠭᠰᠠᠳ ᠲᠤ ᠦᠢᠯᠡᠴᠢᠯᠡᠬᠦ ᠲᠥᠪ᠂ ᠵᠢᠭᠤᠯᠴᠢᠯᠠᠯ ᠤᠨ ᠥᠷᠲᠡᠭᠡ᠂ ᠵᠢᠭᠤᠯᠴᠢᠯᠠᠯ ᠤᠨ | ᠦᠵᠡᠮᠵᠢ ᠶᠢᠨ ᠬᠤᠩᠭᠢᠯ᠂ ᠣᠶᠤᠨᠴᠢ ᠵᠢᠭᠤᠯᠴᠢᠯᠠᠯ ᠤᠨ ᠲᠠᠪᠴᠠᠩ ᠵᠡᠷᠭᠡ ᠳᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠭᠠᠲᠤᠷᠴᠤᠳ ᠤᠨ ᠴᠤᠭᠯᠠᠭᠠᠨ ᠤ ᠲᠥᠷᠥᠯ ᠲᠡᠮᠳᠡᠭ ᠢ ᠪᠦᠲᠦᠭᠡᠬᠦ ᠶᠢ | ᠦᠷᠭᠦᠯᠵᠢᠯᠡᠨ ᠠᠬᠢᠭᠤᠯᠵᠤ᠂ ᠠᠯᠠᠱᠠ ᠶᠢᠨ ᠡᠯᠡᠰᠦᠨ ᠴᠦᠯ ᠤᠨ ᠴᠡᠩᠬᠡᠯᠳᠦ ᠶᠢᠷᠳᠢᠨᠴᠦ ᠵᠢᠭᠤᠯᠴᠢᠯᠠᠵᠦ ᠰᠡᠯᠡᠬᠦᠴᠡᠬᠦ | ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠨᠠᠷᠠᠲᠤ ᠲᠡᠮᠳᠡᠭᠲᠦ ᠶᠢ ᠡᠭᠦᠳᠬᠦ ᠶᠢ ᠰᠠᠶᠢᠲᠤᠷ | ᠠᠳᠬᠤᠵᠤ᠂ ᠪᠠᠳᠠᠶ ᠶᠢᠨ ᠵᠢᠷᠠᠨ ᠤ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠬᠤ ᠂ | ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ | ᠲᠣᠭᠤᠷᠢᠭ ᠪᠠ ᠰᠥᠨᠢ ᠶᠢᠨ ᠰᠣᠶᠣᠯ᠂ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠪᠠᠶᠢᠭᠤᠯᠬᠤ ᠶᠢ | ᠠᠬᠢᠭᠤᠯᠵᠤ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠡᠵᠡᠨ᠎ᠡ ᠶᠢᠨ ᠠᠯᠲᠠᠨ ᠨᠠᠮᠤᠷ ᠤᠨ ᠲᠤᠤᠷᠠᠶ ᠶᠢᠨ | ᠨᠠᠶᠢᠷ᠂ ᠪᠠᠳᠠᠢ ᠶᠢᠨ ᠵᠢᠷᠠᠨ ᠤ ᠡᠯᠡᠰᠦᠨ ᠴᠥᠯ ᠤᠨ ᠰᠣᠶᠣᠯ ᠵᠢᠭᠤᠯᠴᠢᠯᠠᠯ ᠤᠨ ᠨᠠᠶᠢᠷ᠂ ᠠᠯᠠᠱᠠ ᠶᠢᠨ ᠲᠡᠮᠡᠭᠡᠨ ᠤ | ᠨᠠᠶᠢᠷ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠢᠨᠡᠴᠢᠯᠡᠨ ᠡᠷᠭᠢᠯᠡᠵᠦ᠂ ᠪᠥᠬᠦ ᠤᠯᠤᠰ ᠤᠨ | ᠥᠪᠡᠰᠦᠪᠡᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠢ ᠬᠦᠭᠵᠢᠬᠦᠯᠬᠦ ᠶᠡᠭᠡ ᠬᠤᠷᠠᠯ ᠢ | ᠳᠠᠭᠠᠭᠠᠴᠢᠯᠠᠨ ᠡᠷᠭᠢᠯᠡᠵᠦ᠂ ︽ᠠᠯᠠᠱᠠ ᠨᠣᠳᠤᠭ ᠢ ᠵᠣᠷᠢᠬᠤ︾ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ | ᠲᠠᠯ᠎ᠠ ᠪᠠᠷ ᠠᠯᠳᠠᠷᠰᠢᠭᠤᠯᠣᠨᠠ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠦᠵᠡᠮᠦᠷᠢ ᠶᠢᠨ | ᠴᠢᠯᠠᠭᠤ᠂ ᠡᠷᠳᠡᠨᠢ ᠶᠢᠨ ᠬᠠᠰ ᠴᠢᠯᠠᠭᠤᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ | ᠠᠰᠢᠭ ᠢ ᠲᠦᠷᠭᠡᠨ ᠳᠡᠭᠡᠭᠰᠢᠯᠡᠭᠦᠯᠵᠦ᠂ ᠪᠦᠬᠦ ᠤᠯᠤᠰ ᠲᠤ ᠠᠯᠳᠠᠷᠲᠠᠢ ᠲᠥᠪᠯᠡᠷᠡᠭᠦᠯᠦᠨ ᠲᠠᠷᠬᠠᠭᠠᠬᠤ ᠠᠷᠠᠯᠵᠢᠶᠠᠨ ᠤ | ᠭᠠᠵᠠᠷ ᠢ ᠴᠢᠷᠮᠠᠶᠢᠨ ᠪᠠᠶᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠶᠣᠯ | ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠥᠷᠭᠡᠳᠬᠡᠵᠦ᠂ ᠨᠠᠩ ᠣᠯᠠᠨ ᠵᠥᠷᠢᠶᠡᠲᠦ ᠰᠣᠳᠣᠨ ᠵᠢᠭᠤᠯᠴᠢᠯᠠᠯ ᠤᠨ | ᠵᠠᠮ ᠱᠤᠭᠤᠮ ᠢ ᠵᠢᠷᠤᠵᠤ ᠲᠥᠯᠥᠪᠯᠡᠨ ᠭᠠᠷᠭᠠᠵᠤ᠂ ︽ᠠᠯᠠᠱᠠ ᠶᠢᠨ ᠪᠡᠯᠡᠭ︾ ᠲᠥᠷᠥᠯ ᠲᠡᠮᠳᠡᠭ ᠢ ᠪᠥᠬᠦ ᠲᠠᠯ᠎ᠠ ᠪᠠᠷ | ᠡᠭᠦᠳᠴᠦ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ | ᠪᠥᠬᠦ ᠣᠷᠣᠨ ᠪᠦᠰᠡ ᠪᠠᠷ ᠵᠢᠭᠤᠯᠴᠢᠯᠠᠬᠤ᠂ ᠪᠥᠬᠦ ᠠᠵᠢᠯ ᠦᠢᠯᠡᠰ ᠤᠨ ᠬᠢᠨ ᠬᠤᠯᠪᠣᠭᠠᠯᠠᠨ ᠬᠥᠳᠡᠯᠦᠯᠴᠡᠬᠦ᠂ | ᠪᠥᠬᠦ ᠠᠷᠠᠳ ᠢᠶᠠᠷ ᠢᠶᠠᠨ ᠣᠷᠣᠯᠴᠠᠬᠤ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ 2024 | ᠣᠨ ᠳᠤ᠂ ᠵᠢᠭᠤᠯᠴᠢᠯᠠᠯ ᠤᠨ ᠬᠥᠮᠦᠨ ᠤ ᠲᠤᠭ᠎ᠠ ᠶᠢ 1000 ᠲᠦᠮᠡᠨ ᠬᠥᠮᠦᠨ ᠤᠳᠠᠭ᠎ᠠ ᠶᠢ ᠳᠠᠪᠠᠭᠤᠯᠵᠦ᠂ | ᠵᠢᠭᠤᠯᠴᠢᠯᠠᠯ ᠤᠨ ᠣᠷᠣᠯᠭ᠎ᠠ ᠶᠢ 100 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠳᠥᠷᠪᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠰᠠᠭᠤᠷᠢ | ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ | ᠴᠢᠷᠮᠠᠶᠢᠨ᠎ᠠ | ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠭᠦᠨᠵᠡᠭᠡᠶ ᠬᠡᠷᠡᠭᠵᠢᠭᠦᠯᠦᠨ᠂ ᠤᠯᠤᠰ ᠤᠨ 1 ᠲᠦᠮᠡᠨ ᠳ᠋ᠦᠩᠰᠢᠭᠤᠷ ᠦᠨ᠎ᠡ ᠪᠦᠬᠦᠢ ᠣᠷᠳᠣ ᠬᠤᠭᠤᠴᠠᠭᠠᠨ ᠤ | ᠣᠨᠴᠠᠭᠠᠶ ᠤᠯᠤᠰ ᠤᠨ ᠵᠢᠭᠡᠯᠡᠯᠭᠡ ᠶᠢ ᠨᠥᠭᠡᠴᠡᠯᠡᠬᠦ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠵᠦ᠂ ᠤᠯᠤᠰ ᠤᠨ | ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠪᠠ ᠲᠥᠪ᠂ ᠥᠪᠡᠷᠲᠡᠭᠡᠨ ᠵᠠᠰᠠᠬᠤ ᠣᠷᠣᠨ ᠠᠴᠠ | ᠣᠯᠭᠤᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠣᠷᠣᠨ | ᠵᠠᠶ ᠶᠢ ᠪᠥᠬᠦ ᠲᠠᠯ᠎ᠠ ᠪᠠᠷ ᠡᠮᠬᠢᠯᠡᠵᠦ᠂ ᠲᠥᠷᠥᠯ ᠬᠤᠪᠢᠶᠠᠨ ᠬᠡᠷᠡᠭᠵᠢᠭᠦᠯᠵᠦ᠂ ᠬᠦᠢᠴᠡᠳ ᠰᠠᠶᠢᠳᠣᠷ ᠬᠡᠷᠡᠭᠯᠡᠨ᠂ | ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠤᠯᠬᠤ ᠶᠢ ᠠᠬᠢᠭᠤᠯᠤᠨ᠂ ᠪᠥᠬᠦ ᠠᠶᠢᠮᠠᠭ ᠤᠨ ᠴᠢᠬᠤᠯᠠ ᠶᠡᠭᠡ ᠲᠥᠷᠥᠯ | ᠵᠦᠢᠯ ᠬᠢᠭᠡᠳ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ | ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠣᠯᠭᠤᠭᠰᠠᠨ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠮᠠᠨ ᠤ ᠠᠶᠢᠮᠠᠭ ᠲᠤ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠲᠥᠷᠥᠯ | ᠵᠦᠢᠯ ᠢ ᠳᠦᠯᠦᠪᠯᠡᠬᠦ ᠡᠷᠴᠢᠮ ᠢᠶᠠᠨ ᠴᠢᠩᠭᠠᠷᠠᠭᠤᠯᠵᠤ᠂ ᠳᠦᠯᠦᠪᠯᠡᠭᠡ ᠶᠢ ᠲᠥᠯᠥᠪᠵᠢᠭᠦᠯᠭᠡ ᠪᠣᠯᠭᠠᠨ ᠬᠤᠪᠢᠷᠠᠭᠤᠯᠬᠤ | ᠂ ᠲᠥᠯᠥᠪᠵᠢᠭᠦᠯᠭᠡ ᠶᠢ ᠲᠥᠯᠥᠪᠯᠡᠭᠡ ᠪᠣᠯᠭᠠᠨ ᠬᠤᠪᠢᠷᠠᠭᠤᠯᠬᠤ᠂ ᠲᠥᠯᠥᠪᠯᠡᠭᠡ ᠶᠢ ᠲᠥᠷᠥᠯ ᠵᠦᠢᠯ ᠪᠣᠯᠭᠠᠨ | ᠬᠤᠪᠢᠷᠠᠭᠤᠯᠬᠤ᠂ ᠲᠥᠷᠥᠯ ᠵᠦᠢᠯ ᠢ ᠦᠷ᠎ᠡ ᠪᠦᠳᠦᠭᠡᠯ ᠪᠣᠯᠭᠠᠨ ᠬᠤᠪᠢᠷᠠᠭᠤᠯᠣᠨ᠎ᠠ᠃ ᠲᠥᠷᠥᠯ ᠵᠦᠢᠯ ᠳᠤ | ᠦᠢᠯᠡᠴᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠨᠳᠥᠷ ᠦᠷ᠎ᠡ ᠪᠦᠲᠦᠮᠵᠢᠲᠡᠶ ᠡᠮᠦᠨᠡᠬᠢ ᠬᠤᠭᠤᠴᠠᠭᠠᠨ ᠤ | ᠠᠵᠢᠯ ᠢᠶᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠯᠢᠩ ᠱᠧᠩ | ᠥᠨᠳᠡᠭᠡᠨ ᠰᠢᠪᠲᠦᠷᠲᠦ ᠬᠦᠴᠢᠯ ᠵᠢᠴᠢ ᠰᠢᠷᠢᠰ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ᠂ ᠪᠥᠸᠧ ᠶᠤᠸᠠᠨ | ᠪᠠᠶᠢᠭᠠᠯᠢ ᠶᠢᠨ ᠬᠤᠵᠢᠷ᠂ ᠬᠣ᠋ ᠮᠧᠩ ᠰᠢᠨ᠎ᠡ ᠮᠠᠲ᠋ᠧᠷᠢᠶᠠᠯ᠂ ᠠᠯᠠᠱᠠ ᠠᠶᠢᠮᠠᠭ ᠤᠨ ᠴᠡᠪᠡᠷ ᠮᠧᠲ᠋ᠢᠯ ᠠᠯᠺᠣᠤᠯ | ᠦᠢᠯᠡᠳᠪᠤᠷᠢᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 7 | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠥᠬᠦ ᠠᠶᠢᠮᠠᠭ ᠤᠨ | ᠬᠡᠷᠡᠭᠵᠢᠭᠦᠯᠬᠦ ᠪᠠᠷ ᠲᠣᠭᠲᠠᠭᠰᠠᠨ 134 ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠭᠤᠣᠯᠳᠠᠯᠭ᠎ᠠ ᠶᠢ ᠳᠣᠪᠤᠶᠢᠯᠭᠠᠨ ᠨᠠᠷᠢᠯᠢᠭ ᠣᠨᠤᠪᠴᠢᠲᠠᠢ ᠪᠠᠷ ᠬᠤᠳᠠᠯᠳᠤᠭᠠᠴᠢᠨ ᠣᠷᠢᠨ᠎ᠠ᠃ ᠬᠤᠳᠠᠯᠳᠤᠭᠠᠴᠢᠨ | ᠤᠷᠢᠬᠤ ᠭᠤᠣᠯᠳᠠᠯᠭ᠎ᠠ ᠶᠢ ᠳᠤᠪᠤᠶᠢᠯᠭᠠᠵᠤ᠂ ᠤᠳᠤ ᠶᠢᠨ ᠪᠠᠶᠢᠭ᠎ᠠ ᠭᠤᠣᠯᠯᠠᠬᠤ ᠠᠵᠤ ᠦᠢᠯᠡᠰ ᠢ ᠲᠡᠰ ᠳᠡᠪᠰᠢᠬᠦᠯᠬᠦ᠂ | ᠤᠨᠴᠠᠯᠢᠬᠳᠤ ᠠᠵᠤ ᠦᠢᠯᠡᠰ ᠢ ᠲᠦᠷᠬᠡᠨ ᠬᠥᠭᠵᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠪᠤᠶᠢᠵᠢᠭᠤᠯᠤᠨ ᠬᠡᠯᠬᠢᠶᠡᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠵᠠᠬ᠎ᠠ | ᠳᠡᠯᠭᠡᠭᠦᠷ ᠤᠨ ᠠᠯᠤᠰ ᠢᠷᠡᠭᠡᠳᠦᠢ ᠲᠠᠢ᠂ ᠲᠤᠯᠭᠠᠭᠤᠷᠢᠯᠠᠨ ᠳᠠᠶᠢᠴᠢᠯᠠᠬᠤ ᠪᠠᠷ ᠴᠢᠩᠭ᠎ᠠ ᠨᠢᠭᠡ ᠪᠦᠯᠦᠭ ᠲᠤᠮᠤ | ᠲᠦᠷᠦᠯ ᠵᠦᠢᠯ᠂ ᠰᠠᠶᠢᠨ ᠲᠦᠷᠦᠯ ᠵᠦᠢᠯ ᠢ ᠬᠦᠴᠦᠯᠡᠨ ᠣᠷᠣᠭᠤᠯᠤᠨ ᠠᠪᠴᠢᠷᠠᠨ᠎ᠠ᠃ ᠬᠤᠳᠠᠯᠳᠤᠭᠠᠴᠢᠨ ᠤᠷᠢᠬᠤ | ᠠᠷᠭ᠎ᠠ ᠮᠠᠶ᠋ᠢᠭ ᠢ ᠪᠠᠶᠠᠯᠢᠭᠵᠢᠭᠤᠯᠵᠤ᠂ ︽ᠤᠷᠢᠵᠤ ᠣᠷᠣᠭᠤᠯᠬᠤ ᠪᠠ ᠭᠠᠳᠠᠭᠰᠢ ᠭᠠᠷᠬᠤ︾ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠂ ᠴᠡᠭ ᠬᠠᠷᠠᠭᠠᠯᠵᠠᠭᠤᠯᠤᠨ ᠬᠤᠳᠠᠯᠳᠤᠭᠠᠴᠢᠨ ᠤᠷᠢᠵᠤ᠂ ᠵᠦᠷᠢᠶᠡᠴᠢᠯᠡᠨ | ᠬᠤᠳᠠᠯᠳᠤᠭᠠᠴᠢᠨ ᠤᠷᠢᠵᠤ᠂ ᠨᠠᠩ ᠣᠯᠠᠨ ᠲᠥᠷᠥᠯ ᠵᠦᠢᠯ ᠪᠠ ᠠᠵᠤ ᠠᠬᠤᠶᠢᠯᠠᠯ ᠢ ᠣᠷᠣᠭᠤᠯᠬᠤ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠨᠢᠭᠡ ᠲᠥᠷᠥᠯ ᠵᠦᠢᠯ᠂ | ᠨᠢᠭᠡ ᠲᠥᠰᠦᠯ᠂ ᠨᠢᠭᠡ ᠤᠳᠤᠷᠢᠳᠤᠯᠭ᠎ᠠ᠂ ᠨᠢᠭᠡ ᠲᠤᠰᠬᠠᠶ ᠠᠩᠭᠢ᠂ ᠡᠴᠦᠰ ᠲᠤᠨᠢ ᠲᠤᠯᠲᠠᠯ᠎ᠠ ᠠᠳᠬᠤᠬᠤ︾ | ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠣᠨ ᠤ ᠡᠭᠦᠷᠭᠡ ᠶᠢᠨ | ᠨᠠᠷᠢᠨ ᠲᠠᠩᠰᠠ ᠶᠢ ᠪᠠᠶᠢᠭᠤᠯᠵᠤ᠂ ᠱᠠᠲᠤ ᠳᠠᠷᠠᠭᠠᠯᠠᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢ ᠵᠠᠳᠠᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 15% ᠠᠴᠠ | ᠳᠡᠭᠡᠭᠰᠢ ᠨᠡᠮᠡᠭᠳᠡᠭᠦᠯᠵᠦ᠂ ᠲᠥᠷᠥᠯ ᠵᠦᠢᠯ ᠢ ᠣᠷᠣᠭᠤᠯᠤᠨ ᠠᠪᠴᠢᠷᠠᠵᠤ ᠲᠤᠬᠠᠶ ᠶᠢᠨ ᠵᠢᠯ ᠤᠨ ᠠᠵᠢᠯ ᠡᠬᠢᠯᠡᠭᠦᠯᠬᠦ | ᠨᠣᠷᠮ᠎ᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠬᠤ ᠪᠠᠷ ᠴᠢᠷᠮᠠᠶᠢᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠣᠨ᠎ᠠ᠃ ᠰᠠᠭᠤᠷᠢ ᠲᠥᠬᠦᠭᠡᠷᠦᠮᠵᠢ ᠶᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠬᠢᠯᠢ ᠬᠢᠵᠠᠭᠠᠷ ᠦᠨᠳᠦᠰᠦᠲᠡᠨ ᠤ | ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠵᠠ | ᠲᠣᠬᠢᠶᠠᠯ ᠢ ᠠᠳᠬᠤᠵᠤ᠂ ᠰᠠᠭᠤᠷᠢ ᠶᠢ ᠪᠠᠲᠤᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠢ | ᠨᠢᠭᠡ ᠪᠦᠯᠦᠭ ᠭᠤᠣᠯᠯᠠᠬᠤ ᠢᠨᠵᠧᠨᠧᠷᠢᠩ ᠪᠠ ᠵᠠᠩᠭᠢᠯᠠᠭ᠎ᠠ ᠶᠢᠨ ᠲᠥᠷᠥᠯ ᠵᠦᠢᠯ ᠢ ᠥᠨᠳᠥᠷ ᠭᠠᠷᠤᠭ᠎ᠠ ᠠᠴᠠ | ᠲᠥᠯᠥᠪᠵᠢᠭᠦᠯᠦᠨ ᠠᠬᠢᠭᠤᠯᠵᠤ᠂ ᠪᠦᠬᠦ ᠤᠯᠤᠰ ᠤᠨ ᠵᠠᠮ ᠬᠠᠷᠢᠯᠴᠠᠭᠠᠨ ᠤ ᠰᠦᠯᠵᠢᠶ᠎ᠡ᠂ ᠪᠠᠷᠠᠭᠠᠨ ᠤ ᠭᠦᠢᠯᠭᠡᠭᠡᠨ ᠤ | ᠰᠦᠯᠵᠢᠶ᠎ᠡ᠂ ᠮᠡᠳᠡᠭᠡ ᠵᠠᠩᠭᠢ ᠶᠢᠨ ᠰᠦᠯᠵᠢᠶ᠎ᠡ ᠲᠠᠢ ᠥᠨᠳᠥᠷ ᠪᠦᠲᠦᠮᠵᠢᠲᠡᠶ ᠪᠠᠷ ᠵᠣᠯᠭᠠᠭᠤᠯᠬᠤ ᠶᠢ ᠨᠡᠩ ᠰᠠᠶᠢᠲᠤᠷ | ᠪᠡᠶᠡᠯᠡᠭᠦᠯᠦᠨ᠎ᠡ᠃ ᠴᠡᠭᠡ ᠬᠢᠯᠢ ᠠᠯᠤᠰᠯᠠᠭᠰᠠᠨ ᠲᠡᠮᠦᠷ ᠵᠠᠮ᠂ ᠦᠯᠵᠡᠢ ᠠᠴᠠ ᠪᠠᠶᠠᠨᠬᠤᠲᠠ ᠬᠦᠷᠬᠦ᠂ ᠪᠠᠶᠠᠨᠬᠤᠲᠠ | ᠠᠴᠠ ᠳᠡᠷᠡᠰᠦᠨ ᠬᠦᠷᠬᠦ ᠲᠡᠮᠦᠷ ᠵᠠᠮ᠂ ᠥᠯᠵᠡᠶ ᠪᠣᠭᠤᠮᠲᠠ ᠶᠢᠨ ᠬᠢᠯᠢ ᠠᠯᠤᠰᠯᠠᠭᠰᠠᠨ ᠵᠠᠰᠠᠮᠠᠯ ᠵᠠᠮ ᠢ ᠡᠷᠲᠡᠬᠡᠨ | ᠡᠬᠢᠯᠡᠭᠦᠯᠬᠦ ᠶᠢ ᠢᠳᠡᠪᠬᠢᠲᠡᠶ ᠠᠬᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠢᠷᠭᠠᠢ | ᠪᠠᠶᠠᠠᠬᠤᠳᠠ ᠶᠢᠨ ᠰᠠᠯᠪᠣᠷᠢ ᠱᠣᠭᠤᠮ᠂ ᠯᠢᠨᠾᠧ ᠠᠴᠠ ᠬᠠᠮᠢᠯ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ | ᠥᠭᠡᠷᠡᠴᠢᠯᠡᠬᠦ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ | ᠳ᠋ᠦᠩᠹᠧᠩ ᠰᠠᠨᠰᠠᠷ ᠤᠨ ᠬᠤᠳᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠨᠢᠭᠡᠳᠦᠭᠡᠷ ᠳᠡᠰ ᠤᠨ | ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ | ᠂ ᠨᠢᠭᠡ ᠪᠦᠯᠦᠭ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ ᠢ ᠲᠥᠪᠯᠡᠷᠡᠭᠦᠯᠦᠨ ᠪᠠᠶᠢᠭᠤᠯᠵᠤ᠂ ᠤᠳᠤ | ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠯ᠎ᠡ | ᠲᠥᠷᠥᠯ ᠤᠨ ᠡᠬᠢ ᠪᠠᠶᠠᠯᠢᠭ ᠤᠨ ᠬᠦᠴᠦᠨ ᠵᠦᠢᠯ ᠤᠨ ᠥᠨᠳᠥᠷ ᠪᠦᠲᠦᠮᠵᠢᠲᠡᠶ ᠪᠠᠷ ᠴᠤᠭᠯᠠᠷᠠᠬᠤ᠂ ᠭᠦᠢᠴᠡᠳ | ᠰᠣᠯᠢᠯᠴᠠᠬᠤ ᠶᠢ ᠠᠬᠢᠭᠤᠯᠤᠨ᠎ᠠ᠃ | ᠲᠠᠪᠤ᠂ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠰᠡᠳᠬᠢᠯ ᠢ | ᠳᠤᠯᠠᠭᠠᠴᠠᠭᠤᠯᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ | ᠴᠢᠷᠮᠠᠶᠢᠨ᠎ᠠ | ᠰᠤᠷᠭᠠᠨ ᠬᠥᠮᠦᠵᠢᠯ ᠪᠣᠯᠣᠨ ᠵᠠᠯᠠᠭᠤᠴᠤᠳ ᠤᠨ ᠬᠥᠭᠵᠢᠯᠲᠡ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ | ᠠᠬᠢᠭᠤᠯᠵᠤ᠂ ᠪᠥᠬᠦ ᠠᠶᠢᠮᠠᠭ ᠤᠨ ᠬᠤᠰᠢᠭᠤ ᠣᠷᠣᠨ ᠢ 100% ᠪᠠᠷ ᠬᠠᠮᠣᠷᠬᠤ ᠬᠠᠷᠠᠯᠲᠠ ᠶᠢ ᠴᠢᠷᠮᠠᠶᠢᠨ | ᠪᠡᠶᠡᠯᠡᠭᠦᠯᠦᠨ᠎ᠡ᠃ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠪᠦᠯᠦᠭᠯᠡᠯ | ᠪᠣᠯᠭᠠᠨ ᠡᠷᠭᠢᠯᠡᠬᠦ ᠥᠭᠡᠷᠡᠴᠢᠯᠡᠯᠲᠡ ᠶᠢ ᠠᠬᠢᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ | ᠭᠦᠨᠵᠡᠭᠡᠶᠢᠷᠡᠭᠦᠯᠦᠨ ᠥᠷᠭᠡᠳᠬᠡᠨ᠎ᠡ᠃ ᠪᠠᠭᠰᠢ ᠶᠢᠨ ᠡᠩᠨᠡᠭᠡᠨ ᠤ ᠴᠢᠳᠠᠪᠤᠷᠢ ᠪᠠ ᠬᠡᠪ ᠴᠢᠨᠠᠷ ᠤᠨ ᠪᠣᠯᠪᠠᠰᠤᠷᠠᠯ ᠢ | ᠴᠢᠩᠭᠠᠳᠬᠠᠵᠤ᠂ ᠣᠷᠦ᠋ᠢᠯᠠᠭᠰᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠥᠬᠦᠪᠥᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠪᠠᠷ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠡᠩᠨᠡᠭᠡ ᠶᠢ ᠦᠷᠭᠦᠯᠵᠢᠯᠡᠨ | ᠪᠠᠶᠢᠭᠤᠯᠤᠨ ᠬᠦᠴᠦᠷᠬᠡᠭᠵᠢᠭᠦᠯᠵᠦ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠦᠷᠭᠦᠯᠵᠢᠯᠡᠨ | ᠳᠡᠭᠡᠭᠰᠢᠯᠡᠭᠦᠯᠤᠨ᠎ᠠ᠃ ᠵᠠᠯᠠᠭᠤᠴᠤᠳ ᠢ ᠡᠩ ᠲᠡᠷᠢᠬᠦᠨ ᠳᠤ ᠬᠥᠭᠵᠢᠭᠦᠯᠬᠦ ᠣᠶᠢᠯᠠᠭᠠᠭᠳᠠᠬᠤᠨ ᠢ ᠪᠣᠶ ᠪᠣᠯᠭᠠᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ | ᠬᠥᠭᠵᠢᠯᠲᠡ ᠶᠢᠨ ᠲᠥᠯᠥᠪᠵᠢᠭᠦᠯᠭᠡ ︵2018 —2025 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠡᠯ᠎ᠡ ᠱᠠᠲᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠳᠤ ᠲᠦᠰᠢᠭᠯᠡᠨ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠵᠠᠯᠠᠭᠤᠴᠤᠳ ᠤᠨ ᠲᠥᠷᠥ ᠶᠢᠨ ᠪᠣᠳᠣᠯᠭ᠎ᠠ ᠪᠠ ᠵᠠᠯᠠᠭᠤᠴᠤᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠡᠶᠢᠲᠡᠯᠡᠬᠦ ᠶᠢ ᠢᠳᠡᠪᠬᠢᠲᠡᠶ ᠠᠬᠢᠭᠤᠯᠵᠤ᠂ | ᠵᠠᠯᠠᠭᠤᠴᠤᠳ ᠤᠨ ᠦᠵᠡᠯ ᠰᠠᠨᠠᠭ᠎ᠠ ᠶᠢ ᠬᠥᠲᠥᠯᠦᠨ ᠳᠠᠭᠠᠭᠤᠯᠬᠤ ᠢᠨᠵᠧᠨᠧᠷᠢᠩ ᠵᠢᠴᠢ ᠵᠠᠯᠠᠭᠤᠴᠤᠳ ᠤᠨ | ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠠᠬᠢᠭᠤᠯᠤᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ | ᠣᠯᠭᠤᠵᠤ ᠠᠳᠠᠯ ᠦᠢᠯᠡᠰ ᠴᠣᠭᠴᠠᠯᠠᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ︽ᠲᠥᠷᠥ ᠶᠢᠨ | ᠪᠣᠳᠣᠯᠭ᠎ᠠ ᠪᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠪᠣᠯᠪᠠᠰᠤᠷᠠᠯ ᠢᠶᠠᠷ ᠴᠢᠳᠠᠪᠤᠷᠢ ᠣᠯᠭᠤᠬᠤ᠂ ᠠᠳᠠᠯ | ᠦᠢᠯᠡᠰ ᠴᠣᠭᠴᠠᠯᠠᠬᠤ ᠪᠠᠷ ᠳᠠᠶᠢᠴᠢᠯᠠᠬᠤ᠂ ᠠᠵᠢᠯ ᠠᠯᠳᠠᠭᠰᠠᠨ ᠢ ᠬᠠᠪᠰᠤᠷᠤᠨ ᠲᠡᠳᠬᠦᠬᠦ᠂ ᠨᠡᠶᠢᠳᠡ ᠶᠢᠨ | ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠪᠠᠷ ᠦᠨᠳᠦᠰᠦ ᠠᠴᠠ ᠨᠢ ᠪᠠᠲᠤᠯᠠᠬᠤ︾ ᠵᠡᠷᠭᠡ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠦᠢᠴᠡᠳ ᠠᠵᠢᠯ | ᠤᠯᠬᠤ ᠶᠢ ᠠᠬᠢᠭᠤᠯᠵᠤ᠂ 2024 ᠣᠨ ᠳᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠦᠨ ᠤ | ᠳᠤᠭ᠎ᠠ ᠶᠢ 3000 ᠠᠴᠠ ᠳᠡᠭᠡᠭᠰᠢ᠂ ᠮᠠᠯᠴᠢᠨ ᠲᠠᠷᠢᠶᠠᠴᠢᠨ ᠢ 3500 ᠬᠥᠮᠦᠨ ᠠᠴᠠ ᠳᠡᠭᠡᠭᠰᠢ ᠰᠢᠯᠵᠢᠭᠦᠯᠦᠨ | ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ 1200 ᠭᠠᠷᠤᠢ ᠬᠦᠮᠦᠨ ᠳᠤ ᠠᠵᠢᠯ ᠣᠯᠭᠤᠨ᠎ᠠ᠃ | ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠲᠠ | ᠪᠠᠯᠭᠠᠰᠤ ᠶᠢᠨ ᠠᠵᠤ ᠠᠬᠤᠶ ᠶᠢ ᠴᠡᠴᠡᠭᠯᠡᠭᠦᠯᠦᠨ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠮᠠᠯᠴᠢᠨ ᠲᠠᠷᠢᠶᠠᠴᠢᠨ ᠤ ᠠᠵᠤ ᠦᠢᠯᠡᠰ ᠤᠨ | ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠪᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠡᠷᠡᠭᠦᠯ ᠡᠩᠬᠡ ᠠᠯᠠᠱᠠ︾ ᠶᠢᠨ | ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠠᠶᠢᠭᠤᠯᠬᠤ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ | ᠥᠷᠨᠢᠭᠦᠯᠵᠦ᠂ ᠠᠯᠠᠱᠠ ᠪᠠᠷᠠᠭᠤᠨ ᠬᠤᠰᠢᠭᠤ ᠪᠣᠯᠤᠨ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤ ᠵᠡᠷᠭᠡ 7 | ᠰᠢᠨ᠎ᠡ ᠪᠠᠷ ᠪᠠᠶᠢᠭᠤᠯᠤᠭᠰᠠᠨ ᠰᠤᠮᠤ ᠪᠠᠯᠭᠠᠰᠤ ᠶᠢ ᠤᠯᠤᠰ ᠤᠨ ᠦᠨᠡᠯᠡᠨ ᠬᠢᠨᠠᠯᠲᠠ ᠰᠢᠯᠭᠠᠨ ᠠᠪᠤᠯᠲᠠ ᠳᠤ ᠬᠢᠷᠢ | ᠳᠡᠩᠴᠡᠬᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠶᠢᠭᠤᠯᠬᠤ ᠶᠢ ᠨᠡᠶᠢᠳᠡᠮ | ᠬᠠᠮᠣᠷᠣᠭᠤᠯᠬᠤ ᠪᠠᠷ ᠴᠢᠷᠮᠠᠶᠢᠨ᠎ᠠ᠃ ᠦᠨᠳᠣᠰᠣᠡ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠰᠠᠭᠤᠷᠢ ᠶᠢ | ᠪᠠᠬᠢᠵᠢᠬᠦᠯᠥᠨ᠂ ᠨᠢᠠᠠᠳᠡ ᠭᠡᠯᠪᠡᠷᠢ ᠶᠢᠨ ᠰᠢᠶᠡᠨ ᠤ ᠭᠡᠪᠴᠢᠶᠡᠨ ᠤ ᠡᠮᠴᠢᠯᠡᠭᠡᠨ ᠤ ᠬᠠᠮᠳᠣ ᠶᠢᠨ ᠴᠣᠠᠠᠴᠠ ᠶᠢᠨ | ᠪᠠᠶᠢᠭᠤᠯᠥᠯᠳᠡ ᠶᠢ ᠠᠬᠢᠭᠤᠯᠵᠦ᠂ ᠬᠢᠳᠡᠳ ︵ᠮᠣᠩᠭᠤᠯ︶ ᠡᠮ ᠡᠮᠨᠡᠯᠬᠡ ᠶᠢ ᠣᠯᠠᠮᠵᠢᠯᠠᠨ ᠵᠠᠯᠭᠠᠮᠵᠢᠯᠠᠵᠦ ᠰᠢᠨᠡᠴᠢᠯᠡᠨ | ᠬᠦᠭᠵᠢᠬᠦᠯᠬᠦ ᠶᠢ ᠠᠬᠢᠭᠤᠯᠥᠨ᠂ ᠬᠢᠳᠡᠳ ︵ᠮᠣᠩᠭᠤᠯ︶ ᠡᠮ ᠡᠮᠨᠡᠯᠬᠡ ᠶᠢ ᠬᠦᠭᠵᠢᠬᠦᠯᠥᠨ ᠮᠠᠨᠳᠣᠭᠤᠯᠬᠤ | ᠠᠵᠢᠯᠯᠠᠭ᠎ᠠ ᠶᠢ ᠭᠡᠷᠡᠭᠵᠢᠬᠦᠯᠥᠨ᠎ᠠ᠃ ᠲᠠᠪᠴᠠᠩ ᠤᠨ ᠬᠡᠯᠪᠡᠷᠢ ᠶᠢᠨ ᠡᠮᠨᠡᠯᠭᠡ ᠶᠢᠨ ᠬᠤᠷᠢᠶᠠᠨ ᠤ ᠲᠠᠰ ᠬᠡᠪᠴᠢᠶ᠎ᠡ ᠶᠢ | ᠪᠠᠬᠢᠵᠢᠭᠦᠯᠦᠨ ᠥᠷᠭᠡᠳᠬᠡᠵᠦ᠂ ᠠᠶᠢᠮᠠᠭ ᠤᠨ ᠭᠠᠳᠠᠨᠠᠬᠢ ᠨᠠᠷᠠᠲᠤ ᠰᠢᠯᠢᠳᠡᠭ ᠡᠮᠨᠡᠯᠭᠡ ᠶᠢᠨ ᠬᠤᠷᠢᠶ᠎ᠠ ᠲᠠᠢ | ᠬᠠᠮᠵᠢᠯᠴᠠᠬᠤ ᠬᠠᠷᠢᠴᠠᠭ᠎ᠠ ᠶᠢ ᠠᠬᠢᠭᠤᠯᠵᠤ᠂ ᠨᠠᠩ ᠣᠯᠠᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠣᠷᠣᠭᠤᠯᠤᠨ ᠠᠪᠴᠢᠷᠠᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠢᠨᠵᠧᠨᠧᠷᠢᠩ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠳᠠᠶᠢᠰᠠᠨ ᠤ | ᠤᠷᠠᠯᠢᠭ ᠤᠨ ᠰᠣᠳᠣᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠯᠠᠨ | ᠨᠡᠶᠢᠲᠡ ᠶᠢᠨ ᠰᠣᠶᠣᠯ ᠤᠨ ᠲᠠᠯᠠᠪᠤᠷ ᠤᠨ ᠳᠡᠰ ᠳᠡᠪᠰᠢᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠳᠥᠷᠪᠡᠳᠦᠭᠡᠷ ᠤᠳᠠᠭ᠎ᠠ ᠶᠢᠨ | ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠠᠮᠠᠭᠠᠯᠠᠯᠲᠠ ᠶᠢ ᠴᠢᠩᠭᠠᠳᠬᠠᠨ᠎ᠠ᠃ ᠠᠯᠠᠱᠠ ᠶᠢᠨ ᠪᠠᠶᠠᠯᠢᠭ | ᠲᠡᠦᠬᠡ ᠰᠣᠶᠣᠯ᠂ ᠰᠠᠨᠰᠠᠷ ᠠᠶᠠᠯᠠᠯ ᠤᠨ ᠰᠣᠶᠣᠯ᠂ ᠡᠯᠡᠰᠦᠨ ᠴᠦᠯ ᠤᠨ ᠰᠣᠶᠣᠯ᠂ ᠲᠡᠮᠡᠭᠡᠨ ᠤ ᠰᠣᠶᠣᠯ ᠵᠡᠷᠭᠡ | ᠤᠮᠠᠷᠠᠲᠤ ᠬᠢᠯᠢ ᠶᠢᠨ ᠰᠣᠶᠣᠯ ᠤᠨ ᠤᠬᠢ ᠰᠣᠳᠣ ᠶᠢ ᠭᠦᠨᠵᠡᠭᠡᠶ ᠪᠣᠯᠪᠠᠰᠤᠷᠠᠭᠤᠯᠵᠤ᠂ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ | ᠭᠠᠵᠠᠷ ᠢ ᠦᠷᠭᠦᠯᠵᠢᠯᠡᠨ ᠪᠠᠬᠢᠵᠢᠭᠦᠯᠤᠨ᠎ᠠ᠃ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠠᠯᠠᠪᠤᠷ ᠣᠷᠳᠣᠨ ᠢ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠠᠳᠠᠯᠢ ᠲᠡᠭᠰᠢ ᠪᠠᠶᠢᠬᠤ ᠶᠢ ᠠᠬᠢᠭᠤᠯᠤᠨ᠎ᠠ᠃ ︽ᠨᠠᠰᠤᠲᠠᠶᠢᠴᠤᠳ ᠪᠠ ᠨᠢᠯᠬᠠᠰ︾ ᠤᠨ ᠬᠥᠮᠦᠨ | ᠠᠮᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠯᠬ᠎ᠠ | ᠬᠡᠤᠬᠡᠳ ᠢ ᠬᠠᠷᠠᠭᠠᠯᠵᠠᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ | ᠬᠢᠵᠦ᠂ ᠵᠤᠭᠠᠴᠠᠨ ᠰᠠᠭᠤᠬᠤ ᠡᠷᠡᠬᠦᠯᠵᠢᠬᠦ ᠰᠣᠪᠢᠯᠠᠬᠤ ᠠᠵᠤ ᠦᠢᠯᠡᠰ ᠢ ᠬᠥᠭᠵᠢᠭᠦᠯᠵᠦ᠂ ᠠᠯᠠᠱᠠ ᠶᠢᠨ | ᠣᠨᠴᠠᠯᠢᠭ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠡᠬᠡ ᠨᠢᠯᠬ᠎ᠠ ᠶᠢᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠣᠯᠤᠨ ᠵᠡᠮᠳᠡᠭᠴᠦᠳ ᠤᠨ ᠦᠢᠯᠡᠴᠢᠯᠡᠭᠡᠨ ᠤ ᠳᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠨᠡᠶᠢᠭᠡᠮ ᠤᠨ | ᠠᠰᠠᠷᠠᠮᠵᠢ ᠶᠢᠨ ᠳᠦᠷᠢᠮ ᠢ ᠲᠡᠭᠦᠯᠳᠡᠷᠵᠢᠭᠦᠯᠤᠨ᠎ᠠ᠃ ︽ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ | ᠵᠢᠷᠤᠮᠵᠢᠯ ᠲᠠᠢ︾ ᠪᠠᠶᠢᠬᠤ ᠬᠦᠴᠦᠯᠡᠬᠦ ᠴᠡᠭ ᠢ ᠴᠢᠩᠭ᠎ᠠ ᠠᠳᠬᠤᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ | ᠰᠢᠰᠲ᠋ᠧᠮᠵᠢ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠳᠣᠭᠤᠷᠢᠨ ᠢ ᠰᠠᠶᠢᠵᠢᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ︽ᠳᠤᠯᠠᠭᠠᠯᠠᠭ᠎ᠠ︾ ᠶᠢᠨ ᠢᠨᠵᠧᠨᠧᠷᠢᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠬᠡᠷᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠠᠶᠢᠮᠠᠭ ᠬᠤᠰᠢᠭᠤ | ᠬᠠᠮᠲᠤ ᠪᠠᠷ ᠪᠠᠶᠢᠭᠤᠯᠬᠤ ᠶᠢ ᠪᠠᠷᠢᠮᠲᠠᠯᠠᠵᠤ᠂ ᠪᠠᠶᠠᠨᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠵᠠᠮ᠂ ᠪᠢᠴᠢᠯ ᠴᠡᠴᠡᠷᠯᠢᠭ᠂ ᠲᠡᠷᠭᠡᠨ | ᠵᠣᠭᠰᠣᠭᠠᠯ᠂ ᠴᠠᠬᠢᠯᠭᠠᠨ ᠴᠡᠨᠡᠭᠯᠡᠭᠦᠷ ᠪᠠ ᠬᠤᠭ ᠨᠣᠪᠰᠢ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠡᠷᠭᠡ | ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠦᠷᠬᠡᠨ ᠲᠡᠭᠦᠯᠳᠡᠷᠵᠢᠭᠦᠯᠵᠦ᠂ ᠤᠶᠤᠨᠲᠤ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠰᠤᠳᠤᠯᠤᠨ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠶ ᠶᠢ ᠡᠷᠬᠢᠮᠯᠡᠭᠰᠡᠨ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ | ᠶᠠᠳᠠᠭᠤ ᠠᠴᠠ ᠠᠩᠬᠢᠵᠢᠷᠠᠭᠤᠯᠣᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠢᠯᠢᠳᠡᠭᠵᠢᠭᠦᠯᠵᠦ᠂ ᠠᠵᠤ | ᠦᠢᠯᠡᠰ ᠢᠶᠠᠷ ᠠᠵᠢᠯ ᠣᠯᠭᠤᠬᠤ᠂ ᠦᠨᠳᠦᠰᠦᠨ ᠵᠦᠢᠯ ᠢ ᠪᠠᠲᠤᠯᠠᠬᠤ ᠵᠡᠷᠭᠡ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠲᠠᠬᠢᠨ ᠶᠠᠳᠠᠭᠤᠷᠠᠬᠤ ᠪᠠᠶᠢᠳᠠᠯ ᠭᠠᠷᠬᠤ | ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾᠂ | ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠲᠤ ᠬᠦᠨᠵᠡᠭᠡᠶᠢᠷᠡᠬᠦ︾ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠡᠷᠡᠯ | ᠰᠠᠴᠤᠷᠠᠩᠭᠤᠶ ᠦᠢᠯᠡᠰ ᠪᠠ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠲᠤ ᠣᠷᠣᠯᠴᠠᠭᠤᠯᠤᠨ᠎ᠠ᠃ | ︽ᠵᠠᠭᠤᠨ ᠰᠤᠷᠭᠠᠭᠤᠯᠢ ᠬᠤᠯᠪᠤᠭᠠᠯᠠᠨ ᠵᠠᠭᠤᠨ ᠰᠢᠶᠠᠨ ᠮᠢᠩᠭᠠᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ | ᠢᠳᠡᠪᠬᠢᠲᠡᠢ ᠠᠬᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠠᠭᠤᠷᠢᠨ ᠢ ᠪᠠᠶᠢᠭᠤᠯᠬᠤ᠂ | ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠵᠥᠪᠯᠡᠯᠭᠡ ᠥᠭᠬᠦ ᠦᠢᠯᠡᠴᠢᠯᠡᠭᠡ ᠶᠢ ᠥᠷᠨᠢᠭᠦᠯᠬᠦ᠂ ᠬᠥᠳᠡᠭᠡ | ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ ᠬᠥᠳᠡᠭᠡ | ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠣᠰᠬᠤᠨ ᠳᠤ ᠰᠠᠭᠤᠵᠤ ᠦᠢᠯᠡᠴᠢᠯᠡᠬᠦ ᠵᠡᠷᠭᠡ ᠲᠠᠯ᠎ᠠ ᠶᠢᠨ ᠠᠵᠢᠯ ᠢ | ᠥᠷᠨᠢᠭᠦᠯᠦᠨ᠎ᠡ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠣᠰᠬᠤᠨ ᠳᠤ ᠰᠠᠭᠤᠵᠤ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠭᠡᠰᠢᠭᠦᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠳᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ | ᠴᠠᠭᠠᠵᠠ ᠶᠢᠨ ᠨᠡᠶᠢᠲᠡ ᠶᠢ ᠢᠳᠡᠬᠡᠬᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠨᠢᠭᠡ ᠶᠢ | ᠴᠢᠩᠭᠠᠳᠬᠠᠬᠤ᠂ ᠳᠥᠷᠪᠡ ᠶᠢ ᠳᠡᠭᠡᠭᠰᠢᠯᠡᠭᠦᠯᠬᠦ︾ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠠᠷ ᠳᠠᠮᠵᠢᠭᠤᠯᠤᠨ᠂ | ᠪᠥᠬᠦ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠥᠬᠦ | ᠠᠷᠠᠳ ᠢᠶᠠᠷ ᠢᠶᠠᠨ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ ᠦᠨᠡᠨᠴᠢ | ᠢᠲᠡᠭᠡᠮᠵᠢ ᠲᠠᠢ ᠪᠠᠶᠢᠬᠤ ᠠᠭᠤᠷ ᠠᠮᠢᠰᠬᠤᠯ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠠᠬᠢ | ᠢᠲᠡᠭᠡᠮᠵᠢ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 4.0 ᠲᠥᠰᠦᠯ ᠲᠠᠢ ᠬᠠᠷᠭᠤᠭᠤᠯᠵᠤ᠂ ᠮᠠᠨ ᠤ | ᠠᠶᠢᠮᠠᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠤ ᠦᠢᠯᠡᠴᠢᠯᠡᠭᠡᠨ ᠤ ᠪᠠᠷᠢᠮᠵᠢᠶ᠎ᠠ ᠶᠢ ᠬᠠᠶᠢᠨ ᠰᠦᠪᠡᠭᠴᠢᠯᠡᠨ᠎ᠡ᠃ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠤᠷᠢ ᠶᠢ ᠰᠢᠮᠳᠠᠭᠤᠯᠣᠨ | ᠬᠦᠢᠴᠡᠳᠭᠡᠬᠦᠯᠬᠦ᠂ ᠴᠢᠬᠤᠯᠠ ᠶᠡᠭᠡ ᠲᠦᠷᠦᠯ ᠵᠦᠢᠯ ᠳᠤ ᠦᠢᠯᠡᠴᠢᠯᠡᠬᠦ ︽ᠬᠤᠶᠠᠷ ᠶᠡᠭᠡ ᠲᠠᠪᠴᠠᠩ︾ ᠢ ᠰᠠᠶᠢᠲᠤᠷ | ᠬᠡᠷᠡᠭᠯᠡᠵᠦ᠂ ︽ᠡᠭᠦᠯᠡᠨ ᠳᠠᠪᠴᠠᠩ ᠰᠦᠯᠵᠢᠶ᠎ᠡ ᠲᠤᠭ᠎ᠠ ᠪᠠᠷᠢᠮᠲᠠ ᠠᠮᠤᠷ ᠲᠦᠪᠰᠢᠨ︾ ᠤ ᠰᠠᠭᠤᠷᠢ | ᠲᠥᠬᠦᠭᠡᠷᠦᠮᠵᠢ ᠶᠢ ᠪᠠᠬᠢᠵᠢᠭᠦᠯᠵᠦ᠂ ᠪᠠᠷᠢᠮᠵᠢᠶ᠎ᠠ ᠨᠢᠭᠡᠳᠦᠯᠲᠡᠶ᠂ ᠪᠠᠶᠢᠷᠢᠯᠠᠭᠤᠯᠤᠯᠲᠠ ᠵᠣᠬᠢᠰᠲᠠᠶ᠂ ᠬᠠᠮᠢᠶᠠᠷᠤᠯᠲᠠ | ᠬᠠᠮᠵᠢᠯᠴᠠᠭᠰᠠᠨ᠂ ᠠᠮᠤᠷ ᠲᠦᠪᠰᠢᠨ ᠨᠠᠶᠢᠳᠠᠪᠤᠷᠢᠲᠠᠶ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠲᠠᠪᠴᠠᠩ ᠢ ᠲᠦᠷᠬᠡᠨ ᠪᠠᠶᠢᠭᠤᠯᠤᠨ᠎ᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ | ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ︾ ᠪᠠ ᠬᠠᠮᠳᠣᠷᠠᠭᠰᠠᠨ ᠦᠢᠯᠡᠴᠢᠯᠡᠭᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾ ᠪᠠᠶᠢᠭᠰᠠᠨ ᠠᠴᠠ | ︽ ᠭᠦᠢᠴᠡᠳᠬᠡᠬᠦ ᠳᠤ ᠠᠮᠠᠷ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ | ᠲᠦᠷᠦ ᠶᠢᠨ ᠪᠤᠳᠤᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ | ᠪᠣᠯᠤᠨ ᠦᠢᠯᠡᠳᠬᠦᠨ ᠤ ᠰᠢᠨ᠎ᠡ ᠶᠢ ᠡᠭᠦᠳᠴᠦ᠂ ᠪᠡᠯᠡ ᠲᠣᠬᠢᠷᠠᠭᠤᠯᠭ᠎ᠠ ᠶᠢᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ | ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ | ᠳᠡᠮᠵᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ | ᠠᠰᠠᠭᠤᠳᠠᠯ ᠢ ᠰᠢᠭᠤᠳ ᠲᠣᠭᠠᠴᠢᠬᠤ᠂ ᠭᠤᠮᠣᠳᠠᠯ ᠱᠠᠭᠠᠷᠳᠠᠯᠭ᠎ᠠ ᠶᠢ ᠰᠢᠭᠤᠳ ᠰᠢᠢᠳᠪᠦᠷᠢᠯᠡᠬᠦ᠂ ᠦᠢᠯᠡᠴᠢᠯᠡᠭᠡ ᠶᠢ | ᠰᠢᠭᠤᠳ ᠬᠦᠷᠭᠡᠬᠦ︾ ᠲᠣᠭᠲᠠᠴᠠ ᠶᠢ ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠠᠶᠢᠳᠣᠷ ᠠᠳᠬᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠬᠦᠯᠢᠶᠡᠨ | ᠠᠪᠬᠤ ᠶᠢᠨ ᠬᠠᠮᠲᠤ᠂ ᠲᠦᠭᠵᠢᠷᠡᠯ ᠬᠦᠴᠢᠷ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ ᠨᠢᠭᠡ ᠪᠦᠯᠦᠭ | ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠵᠦ᠂ ᠨᠢᠭᠡ ᠪᠦᠯᠦᠭ | ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠣᠶ ᠪᠣᠯᠭᠠᠬᠤ ᠶᠢ ᠠᠬᠢᠭᠤᠯᠤᠨ᠎ᠠ᠃ | ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠠᠪᠤ ᠶᠢ | ᠲᠦᠢᠯᠪᠤᠷᠢᠲᠠᠢ ᠬᠢᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠥᠷᠥᠯ ᠤᠨ | ᠬᠦᠴᠦᠨ ᠵᠦᠢᠯ ᠪᠠ ᠡᠬᠢ ᠪᠠᠶᠠᠯᠢᠭ ᠪᠠᠯᠠ ᠮᠥᠩᠭᠦ ᠶᠢᠨ ᠬᠠᠮᠤᠭ ᠤᠨ ᠶᠡᠭᠡ ᠦᠢᠯᠡᠳᠦᠯ ᠢ ᠪᠠᠳᠠᠷᠠᠭᠤᠯᠣᠨ᠎ᠠ᠃ | ᠵᠢᠷᠭᠤᠭ᠎ᠠ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ | ᠪᠠᠶᠢᠬᠤ ᠪᠠᠷ ᠴᠢᠷᠮᠠᠶᠢᠨ᠎ᠠ | ᠣᠯᠠᠨ ᠣᠯᠣᠰ ᠤᠨ ᠬᠤᠣᠰ ᠴᠢᠭᠯᠡᠯ ᠢᠶᠠᠷ ᠪᠡᠯᠡ ᠣᠷᠣᠭᠤᠯᠬᠤ ᠶᠢ ᠠᠬᠢᠭᠤᠯᠣᠨ᠎ᠠ᠃ ︽ᠣᠷᠣᠭᠤᠯᠵᠤ ᠢᠷᠡᠬᠦ︾ | ᠂ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠨ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠭᠤᠢ ᠰᠢᠷᠡᠭᠡᠨ ᠤ ᠬᠤᠷᠠᠯ ᠤᠨ | ᠳᠦᠷᠢᠮ ᠪᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠢᠨ ᠤ | ᠵᠠᠭᠠᠯᠳᠤᠬᠤ ᠠᠵᠢᠯ ᠤᠨ ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ | ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠯᠠᠪᠳᠠᠭᠤᠨ | ᠪᠠᠲᠤᠲᠠᠶ ᠠᠬᠢᠭᠤᠯᠵᠤ᠂ ︽ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠬᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠴᠤ ᠠᠬᠢᠭᠤᠯᠬᠤ︾ ᠵᠠᠷᠴᠢᠮ ᠢ | ᠪᠠᠷᠢᠮᠲᠠᠯᠠᠨ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢᠶᠠᠨ ᠦᠷᠭᠡᠳᠭᠡᠬᠦ | ᠂ ᠢᠳᠡᠪᠬᠢᠲᠡᠶ ᠪᠠᠷ ᠭᠠᠳᠠᠭᠠᠳᠤ ᠳᠤ ᠪᠡᠯᠡ ᠣᠷᠣᠭᠤᠯᠬᠤ ᠪᠠ ᠤᠯᠤᠰ ᠠᠯᠤᠰᠯᠠᠨ ᠡᠵᠡᠩᠨᠡᠬᠦ ᠶᠢ ᠵᠣᠷᠢᠭᠵᠢᠭᠤᠯᠦᠨᠡ᠃ | ᠬᠢᠯᠢ ᠶᠢᠨ ᠪᠤᠭᠤᠮᠲᠠ ᠶᠢᠨ ᠨᠡᠭᠡᠭᠡᠯᠲᠡ ᠬᠢᠬᠦ ᠪᠠᠶᠢᠷᠢᠰᠢᠯ ᠢ ᠰᠢᠯᠢᠳᠡᠭᠵᠢᠭᠦᠯᠦᠨ᠎ᠡ᠃ ᠴᠡᠭᠡ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ AGV᠂ ᠣᠶᠤᠨᠴᠢ ᠵᠢᠯᠣᠭᠤᠴᠢ | ᠦᠬᠡᠢ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠬᠢᠯᠢ ᠠᠯᠤᠰᠯᠠᠨ ᠲᠡᠭᠡᠭᠡᠪᠦᠷᠢᠯᠡᠬᠦ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠴᠡᠭᠡ ᠪᠣᠭᠤᠮᠲᠠ ᠶᠢᠨ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠭᠤᠶᠤᠴᠢᠯᠠᠨ ᠮᠡᠳᠡᠭᠦᠯᠵᠦ᠂ ᠴᠡᠭᠡ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ | ᠲᠣᠭᠤᠷᠢᠭ ᠤᠨ ᠪᠠᠶᠢᠩᠭᠤ ᠡᠵᠡᠩᠨᠡᠯᠲᠡ ᠶᠢ ᠠᠬᠢᠭᠤᠯᠵᠤ᠂ ᠲᠣᠭᠠᠴᠢᠯᠠᠭᠰᠠᠨ᠂ ᠤᠶᠤᠨᠴᠢᠯᠠᠭᠰᠠᠨ᠂ ᠣᠳᠣᠬᠢᠴᠢᠯᠠᠭᠰᠠᠨ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠠᠶᠢᠮᠠᠭ ᠤᠨ | ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 12% ᠪᠠᠷ | ᠨᠡᠮᠡᠭᠳᠡᠬᠦᠯᠦᠨ᠎ᠡ᠃ ᠥᠯᠵᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠳᠤ ᠪᠠᠯᠠ ᠣᠷᠣᠭᠤᠯᠬᠤ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠳᠣᠲᠣᠷ᠎ᠠ ᠪᠣᠭᠤᠮᠲᠠ ᠨᠡᠪᠳᠡᠷᠡᠬᠦ ᠨᠥᠬᠦᠴᠡᠯ ᠢ ᠪᠦᠷᠢᠯᠳᠦᠭᠦᠯᠬᠦ ᠪᠠᠷ | ᠴᠢᠷᠮᠠᠶᠢᠨ᠎ᠠ᠃ ᠨᠡᠪᠲᠡᠷᠡᠬᠦ ᠵᠠᠮ ᠪᠠ ᠪᠣᠭᠤᠮᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠭᠦᠷᠡᠰᠦ | ᠨᠥᠭᠡᠴᠡᠯᠡᠬᠦ᠂ ᠤᠬᠢᠶᠠᠵᠤ ᠰᠢᠯᠢᠬᠦ᠂ ᠨᠡᠭᠦᠷᠡᠰᠦ ᠲᠣᠬᠢᠷᠠᠭᠤᠯᠬᠤ᠂ ᠪᠠᠷᠠᠭᠠᠨ ᠤ ᠬᠦᠢᠯᠭᠡᠭᠡ ᠪᠠ ᠪᠠᠴᠢᠮ ᠪᠠᠶᠢᠳᠠᠯ ᠢ | ᠠᠷᠭᠠᠴᠠᠭᠠᠨ ᠲᠣᠬᠢᠷᠠᠭᠤᠯᠬᠤ ᠵᠡᠷᠭᠡ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ︽ᠮᠣᠩᠭᠤᠯ ᠤᠨ | ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ᠂ ᠰᠢᠨᠵᠢᠶᠠᠩ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾ | ᠵᠠᠩᠭᠢᠯᠠᠭ᠎ᠠ ᠶᠢᠨ ᠪᠣᠭᠤᠮᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠯᠤᠰ ᠤᠨ ᠲᠠᠰ ᠤᠨ ᠨᠡᠭᠦᠷᠡᠰᠦᠨ ᠤ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠳᠠᠭᠠᠯᠠᠵᠤ ᠲᠣᠬᠢᠷᠠᠭᠤᠯᠬᠤ ᠰᠠᠭᠤᠷᠢᠨ ᠭᠠᠵᠠᠷ ᠢ ᠴᠢᠷᠮᠠᠶᠢᠨ | ᠪᠠᠶᠢᠭᠤᠯᠣᠨ᠎ᠠ᠃ | ᠳᠣᠯᠤᠭ᠎ᠠ᠂ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠵᠡᠷᠭᠡ ᠪᠠᠷ ᠠᠬᠢᠭᠤᠯᠵᠤ᠂ ᠤᠰᠤᠨ ᠤ | ᠡᠬᠢ ᠪᠠᠶᠠᠯᠢᠭ ᠢ ᠠᠷᠪᠢᠯᠠᠨ ᠠᠰᠢᠭᠯᠠᠬᠤ ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ ᠴᠢᠷᠮᠠᠶᠢᠨ᠎ᠠ | ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠤᠰᠤ ᠠᠪᠬᠤ ᠬᠦᠢᠴᠡᠳᠭᠡᠯ | ᠲᠤᠭ᠎ᠠ ᠶᠢ ᠴᠢᠷᠮᠠᠶᠢᠨ ᠣᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ᠂ ᠡᠮᠦᠨᠡᠲᠦ ᠶᠢᠨ ᠤᠰᠤ ᠶᠢ ᠤᠮᠠᠷᠠᠰᠢ | ᠲᠠᠲᠠᠬᠤ ᠪᠦᠯᠦᠭᠯᠡᠯ᠂ ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠯᠤᠭ᠎ᠠ ᠤᠰᠤᠨ ᠤ | ᠡᠬᠢ ᠪᠠᠶᠠᠯᠢᠭ ᠤᠨ ᠬᠠᠮᠲᠤᠷᠠᠯᠴᠠᠭ᠎ᠠ ᠥᠷᠨᠢᠭᠦᠯᠬᠦ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠤᠰᠤ ᠪᠠᠷ ᠰᠣᠯᠢᠬᠤ᠂ | ᠳᠤᠮᠳᠠᠬᠢ ᠤᠰᠤ ᠶᠢ ᠠᠷᠠᠯᠵᠢᠶᠠᠯᠠᠬᠤ ᠵᠡᠷᠭᠡ ᠵᠠᠭᠪᠤᠷ ᠢ ᠰᠦᠪᠡᠭᠴᠢᠯᠡᠨ ᠥᠷᠨᠢᠭᠦᠯᠦᠨ᠎ᠡ᠃ ᠤᠰᠤᠨ ᠤ ᠡᠬᠢ | ᠪᠠᠶᠠᠯᠢᠭ ᠢ ᠠᠰᠢᠭᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠤᠰᠤᠨ ᠤ ᠣᠷᠴᠢᠨ ᠲᠣᠭᠤᠷᠢᠨ ᠢ | ᠵᠠᠰᠠᠬᠤ ᠶᠢ ᠨᠢᠭᠡᠳᠦᠯᠲᠡᠶ ᠲᠥᠯᠥᠪᠯᠡᠨ᠂ ᠭᠠᠵᠠᠷ ᠳᠡᠭᠡᠷᠡᠬᠢ ᠤᠰᠤ ᠬᠢᠭᠡᠳ ᠭᠠᠵᠠᠷ ᠳᠣᠤᠷᠠᠬᠢ ᠤᠰᠤ ᠶᠢ ᠬᠠᠮᠠᠭᠠᠯᠠᠨ | ᠵᠠᠰᠠᠬᠤ ᠶᠢ ᠬᠠᠮᠵᠢᠯᠴᠠᠨ ᠠᠬᠢᠭᠤᠯᠵᠤ᠂ ᠤᠰᠤᠨ ᠤ ᠠᠮᠢ ᠠᠬᠤᠶ ᠣᠷᠴᠢᠨ ᠲᠣᠭᠤᠷᠢᠨ ᠢ ᠯᠠᠪᠳᠠᠭᠤᠨ ᠢᠶᠠᠷ | ᠰᠠᠶᠢᠵᠢᠷᠠᠭᠤᠯᠤᠨ᠎ᠠ᠃ ᠳᠤᠮᠳᠠ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ᠂ ᠪᠣᠷᠣᠭᠠᠨ ᠤ ᠣᠰᠣ᠂ ᠱᠣᠷᠪᠣᠭ | ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠠᠷᠭ᠎ᠠ ᠪᠦᠬᠦᠨ ᠢ | ᠰᠦᠪᠡᠭᠴᠢᠯᠡᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠎ᠡ᠃ | ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ ᠢ ᠭᠦᠭᠵᠢᠬᠡᠨᠡ᠃ ︽ᠤᠰᠤ ᠪᠠᠷ | ᠨᠣᠭᠤᠭᠠᠷᠠᠭᠤᠯᠣᠯᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ | ᠤᠰᠤ ᠪᠠᠷ ᠭᠠᠷᠤᠯᠲᠠ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ ᠢ ᠠᠰᠢᠭᠯᠠᠬᠤ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢ ᠡᠵᠡᠮᠳᠡᠬᠦ ᠬᠦᠢᠴᠡᠳᠭᠡᠯ ᠲᠤᠭ᠎ᠠ ᠶᠢ ᠡᠷᠡᠰ | ᠰᠠᠶᠢᠲᠤᠷ ᠠᠳᠬᠤᠨ᠎ᠠ᠃ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠳᠤ ᠬᠡᠷᠡᠭᠰᠡᠬᠦ ᠤᠰᠤ ᠶᠢ ᠨᠢᠭᠡᠳᠦᠯᠲᠡᠢ | ᠲᠥᠯᠥᠪᠵᠢᠭᠦᠯᠵᠦ᠂ ᠲᠠᠷᠢᠶᠠᠨ ᠭᠠᠵᠠᠷ ᠤᠨ ᠤᠰᠤ ᠠᠷᠪᠢᠯᠠᠬᠤ ᠥᠭᠡᠷᠡᠴᠢᠯᠡᠯᠲᠡ᠂ ᠬᠤᠳᠠ ᠪᠠᠯᠭᠠᠰᠤᠨ ᠤ ᠤᠰᠤ | ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠬᠤᠷᠣᠭᠳᠠᠯ ᠢ | ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ᠂ ᠨᠢᠭᠡ ᠪᠦᠯᠦᠭ | ᠤᠰᠤ ᠠᠷᠪᠢᠯᠠᠬᠤ ᠬᠡᠯᠪᠡᠷᠢ ᠶᠢᠨ ᠤᠰᠤᠯᠠᠯᠲᠠ ᠶᠢᠨ ᠣᠷᠣᠨ᠂ ᠬᠦᠷᠢᠶᠡᠯᠡᠩ ᠲᠣᠭᠤᠷᠢᠭ᠂ ᠨᠢᠭᠡᠴᠡ᠂ ᠰᠤᠷᠭᠠᠭᠤᠯᠢ᠂ | ᠠᠵᠤ ᠠᠬᠤᠶᠢᠯᠠᠯ ᠢ ᠬᠦᠴᠦᠯᠡᠨ ᠪᠠᠶᠢᠭᠤᠯᠵᠤ᠂ ᠪᠦᠬᠦ ᠨᠡᠶᠢᠭᠡᠮ ᠳᠤ ᠤᠰᠤ ᠶᠢ ᠬᠠᠶᠢᠷᠠᠯᠠᠵᠤ ᠤᠰᠤ ᠶᠢ ᠠᠷᠪᠢᠯᠠᠵᠤ | ᠤᠰᠤ ᠶᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠨᠠᠢᠮᠠ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠴᠢᠳᠠᠪᠤᠷᠢᠲᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠪᠳᠣᠯᠬᠤ ᠢᠨᠵᠧᠨᠧᠷᠢᠩ ᠤᠨ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠪᠠᠷ ᠴᠢᠷᠮᠠᠶᠢᠨ᠎ᠠ | ᠴᠢᠳᠠᠪᠤᠷᠢᠲᠠᠨ ᠤ ᠠᠵᠢᠯ ᠤᠨ ᠰᠢᠰᠲ᠋ᠧᠮᠵᠢ ᠶᠢ ᠳᠡᠬᠦᠯᠳᠡᠷᠵᠢᠬᠦᠯᠦᠨ᠎ᠡ᠃ ᠴᠢᠳᠠᠪᠤᠷᠢᠲᠠᠨ ᠤ ᠬᠥᠭᠵᠢᠯᠲᠡ ᠶᠢᠨ | ᠲᠣᠭᠲᠠᠴᠠ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ᠂ ᠬᠡᠷᠡᠭᠯᠡᠬᠦ ᠪᠠ | ᠤᠷᠮᠠᠰᠢᠭᠤᠯᠤᠨ ᠪᠠᠲᠤᠯᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠬᠦᠴᠦᠲᠡᠶ | ᠠᠬᠢᠭᠤᠯᠤᠨ᠎ᠠ᠃ ᠨᠠᠷᠠᠲᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠨᠢᠭᠡ ᠪᠦᠯᠦᠭ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠦᠴᠦᠨ ᠢᠶᠠᠨ ᠲᠥᠪᠯᠡᠷᠡᠭᠦᠯᠦᠨ | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ ᠬᠥᠳᠡᠯᠭᠡᠬᠦ ᠬᠦᠴᠦᠨ | ᠨᠡᠮᠡᠷᠢᠯᠡᠨ᠎ᠡ᠃ ᠴᠢᠳᠠᠪᠤᠷᠢᠲᠠᠨ ᠢ ᠬᠦᠭᠵᠢᠬᠦᠯᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠴᠠᠭ ᠲᠤᠬᠠᠶ ᠳᠤᠨᠢ ᠬᠦᠷᠳᠡᠭᠡᠨ᠎ᠡ᠃ ᠴᠢᠳᠠᠪᠤᠷᠢᠲᠠᠨ ᠤ | ᠠᠮᠢᠵᠢᠷᠠᠯ ᠤᠨ ᠬᠦᠴᠦᠨ ᠢ ᠬᠥᠭᠵᠢᠭᠡᠬᠦ ᠲᠣᠭᠤᠷᠢᠨ ᠳᠤ᠂ ᠴᠢᠳᠠᠪᠤᠷᠢᠲᠠᠨ ᠤ ᠦᠢᠯᠡᠴᠢᠯᠡᠬᠦ ᠠᠷᠭ᠎ᠠ ᠬᠡᠯᠪᠡᠷᠢ ᠶᠢ | ᠰᠢᠨᠡᠴᠢᠯᠡᠵᠦ᠂ ᠠᠴᠢᠶᠠᠯᠠᠪᠤᠷᠢ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ | ᠰᠢᠨ᠎ᠡ ᠶᠢ ᠡᠭᠦᠳᠬᠦ ᠬᠡᠯᠪᠡᠷᠢ ᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ | ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ | ᠳᠡᠮᠡᠭᠡ ᠡᠯᠡᠰᠦᠨ ᠤ ᠠᠵᠤ ᠦᠢᠯᠡᠰ᠂ ᠤᠯᠠᠮᠵᠢᠯᠠᠯᠲᠤ ᠠᠵᠤ ᠦᠢᠯᠡᠳᠪᠦᠷᠢ᠂ ᠰᠢᠨ᠎ᠡ ᠪᠠᠷ ᠬᠥᠭᠵᠢᠭᠰᠡᠨ ᠪᠠᠶᠢᠯᠳᠤᠬᠤ | ᠪᠣᠳᠣᠯᠭ᠎ᠠ ᠶᠢᠨ ᠠᠵᠤ ᠦᠢᠯᠡᠰ ᠵᠡᠷᠭᠡ ᠬᠦᠷᠢᠶ᠎ᠡ ᠲᠣᠭᠤᠷᠢᠨ ᠳᠤ᠂ ᠲᠢᠩᠬᠢᠮ ᠠᠶᠢᠮᠠᠭ ᠵᠥᠪᠳᠡᠯᠴᠡᠬᠦ᠂ ᠬᠦᠷᠢᠶᠡᠯᠡᠩ | ᠲᠣᠭᠤᠷᠢᠭ ᠬᠠᠮᠳᠣᠷᠠᠯᠴᠠᠬᠤ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠬᠤ᠂ ᠣᠶᠤᠨ ᠤ ᠬᠥᠮᠥᠷᠭᠡ ᠶᠢ | ᠪᠠᠶᠢᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠶᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ | ᠠᠬᠢᠭᠤᠯᠬᠤ ᠶᠢ ᠳᠡᠮᠵᠢᠨ ᠵᠣᠷᠢᠭᠵᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ ᠦᠢᠯᠡᠳᠪᠦᠷᠢᠯᠡᠯ ᠤᠨ ᠱᠤᠭᠤᠮ ᠲᠡᠰᠢ ᠬᠤᠪᠢᠷᠠᠭᠤᠯᠬᠤ ᠶᠢ | ᠠᠬᠢᠭᠤᠯᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠬᠡᠪ ᠴᠢᠨᠠᠷ ᠪᠠ ᠭᠤᠣᠯᠯᠠᠬᠤ ᠥᠷᠢᠰᠥᠯᠳᠦᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | |