︽ᠠᠯᠠᠱᠠ ᠠᠶᠢᠮᠠᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/9
    ᠨᠢᠭᠡ᠂ ᠲᠣᠭᠲᠠᠭᠠᠭᠰᠠᠨ ᠦᠨᠳᠦᠰᠦᠯᠡᠯ    1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾    2. ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ  ᠤᠨ ᠵᠠᠰᠠᠭ ᠵᠠᠭᠢᠷᠭᠠᠨ  ᠤ ᠲᠠᠭᠢᠠ ᠵᠦᠪᠯᠡᠬᠦ ᠬᠠᠣᠯᠢ︾    3. ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾    4. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾    5. ︽ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠮᠠᠷᠭᠤᠯᠳᠤᠭᠠᠨ ᠤ ᠡᠬᠢ ᠡᠭᠦᠰᠦᠯ ᠢ ᠵᠠᠰᠠᠬᠤ ᠳᠣᠬᠠᠢ ᠬᠡᠷᠡᠭᠵᠢᠭᠦᠯᠬᠦ ᠲᠥᠰᠦᠯ︾    ᠬᠤᠶᠠᠷ᠂ ᠭᠤᠣᠯ ᠠᠭᠤᠯᠭ᠎ᠠ    ︽ᠠᠯᠠᠱᠠ ᠠᠶᠢᠮᠠᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ︾ ᠨᠡᠶᠢᠲᠡ ᠠᠷᠪᠠᠨ ᠭᠤᠷᠪᠠᠨ ᠵᠦᠢᠯ᠃ ᠡᠭᠦᠨ ᠳᠤ᠄ ᠨᠢᠬᠡᠳᠦᠭᠡᠷ ᠵᠦᠢᠯ ᠳᠤ ᠡᠯ᠎ᠡ ᠰᠠᠯᠠᠭ᠎ᠠ ᠮᠥᠴᠢᠷ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠪᠠᠨ ᠡᠭᠦᠷᠭᠡᠯᠡᠬᠦ ᠶᠢ ᠳᠣᠳᠣᠷᠬᠠᠶᠢᠯᠠᠪᠠ︔ ᠬᠤᠶᠠᠳᠤᠭᠠᠷ ᠵᠦᠢᠯ ᠳᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠳᠡᠭᠡᠨ ᠬᠠᠤᠯᠢ ᠶᠣᠰᠣᠨ ᠤ ᠰᠠᠶᠢᠨ ᠳᠤᠷ᠎ᠠ ᠶᠢᠨ ᠪᠠᠶᠢᠬᠤ᠂ ᠡᠷᠬᠡ ᠲᠡᠭᠰᠢ ᠲᠥᠪ ᠭᠤᠣᠯᠴᠢ᠂ ᠥᠨᠳᠥᠷ ᠪᠦᠲᠦᠮᠵᠢᠲᠡᠢ ᠠᠷᠠᠳ ᠲᠤ ᠲᠦᠬᠦᠮ ᠦᠵᠡᠭᠦᠯᠬᠦ ᠵᠠᠷᠴᠢᠮ ᠢ ᠵᠢᠷᠤᠮᠯᠠᠨ᠎ᠠ ᠭᠡᠳᠡᠭ ᠢ ᠲᠣᠳᠣᠷᠬᠠᠶᠢᠯᠠᠪᠠ︔ ᠭᠤᠷᠪᠠᠳᠣᠭᠠᠷ ᠵᠦᠢᠯ ᠳᠤ ᠡᠯ᠎ᠡ ᠰᠠᠯᠠᠭ᠎ᠠ ᠮᠥᠴᠢᠷ ᠤᠳ ᠦᠨᠡᠨᠴᠢ ᠢᠲᠡᠭᠡᠮᠵᠢᠲᠡᠶ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠳᠣᠳᠣᠷᠬᠠᠶᠢᠯᠠᠪᠠ︔ ᠳᠥᠷᠪᠡᠳᠦᠭᠡᠷ ᠵᠦᠢᠯ ᠳᠤ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠲᠣᠳᠣᠷᠬᠠᠶᠢᠯᠠᠪᠠ︔ ᠳᠠᠪᠣᠳᠣᠭᠠᠷ ᠵᠦᠢᠯ ᠳᠤ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠨ ᠬᠠᠮᠢᠶᠠᠷᠴᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠰᠤᠳᠤᠯᠤᠨ ᠮᠠᠭᠠᠳᠯᠠᠬᠤ ᠶᠢ ᠲᠣᠳᠣᠷᠬᠠᠶᠢᠯᠠᠪᠠ︔  ᠵᠢᠷᠭᠤᠳᠤᠭᠠᠷ ᠵᠦᠢᠯ ᠳᠤ ᠨᠠᠮ ᠵᠠᠰᠠᠭ ᠤᠨ ᠪᠠᠶᠢᠭᠤᠯᠭ᠎ᠠ ᠪᠦᠬᠦᠨ ᠳᠤ ᠬᠠᠤᠯᠢ ᠴᠠᠭᠠᠵᠠ ᠶᠢᠨ ᠵᠥᠪᠯᠡᠭᠴᠢ ᠪᠠᠶᠢᠬᠤ ᠶᠢ ᠡᠯ᠎ᠡ ᠰᠠᠯᠠᠭ᠎ᠠ ᠮᠥᠴᠢᠷ ᠪᠦᠬᠦ ᠲᠠᠯ᠎ᠠ ᠪᠠᠷ ᠠᠬᠢᠭᠤᠯᠬᠤ ᠶᠢ ᠲᠣᠳᠣᠷᠬᠠᠶᠢᠯᠠᠵᠤ᠂ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠ ᠰᠤᠳᠤᠯᠤᠨ ᠮᠠᠭᠠᠳᠯᠠᠨ᠎ᠠ ᠭᠡᠵᠦ ᠲᠣᠳᠣᠷᠬᠠᠶᠢᠯᠠᠪᠠ︔ ᠳᠣᠯᠣᠳᠤᠭᠠᠷ ᠵᠦᠢᠯ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠰᠢᠯᠤᠭᠤᠳᠬᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠡᠮᠦᠨ᠎ᠡ ᠨᠢ ᠨᠠᠮᠳᠠᠭᠠᠬᠤ ᠶᠢ ᠲᠣᠳᠣᠷᠬᠠᠶᠢᠯᠠᠪᠠ︔ ᠨᠠᠢᠮᠠᠳᠤᠭᠠᠷ ᠵᠦᠢᠯ ᠳᠤ ᠡᠯ᠎ᠡ ᠰᠠᠯᠠᠭ᠎ᠠ ᠮᠥᠴᠢᠷ ᠤᠨ ᠬᠢᠨ ᠡᠶᠡᠳᠡᠭᠦᠯᠭᠡ ᠪᠠ ᠡᠶᠡᠳᠡᠭᠦᠯᠭᠡ ᠶᠢᠨ ᠠᠵᠢᠯ ᠢ ᠵᠠᠰᠠᠭ ᠵᠠᠬᠢᠷᠭᠠᠨ ᠤ ᠮᠠᠷᠭᠤᠯᠳᠤᠭᠠᠨ ᠤ ᠪᠦᠬᠦ ᠶᠠᠪᠤᠴᠠ ᠳᠤ ᠳᠣᠣᠱᠯᠠᠭᠤᠯᠵᠦ᠂ ᠡᠶᠡᠳᠡᠭᠦᠯᠭᠡ ᠶᠢ ᠲᠡᠷᠢᠭᠦᠨ ᠳᠤ ᠲᠠᠯᠪᠢᠬᠤ᠂ ᠲᠣᠬᠢᠷᠠᠭᠤᠯᠵᠤ ᠪᠣᠯᠬᠤ ᠶᠢ ᠨᠢ ᠪᠦᠬᠦᠨ ᠢ ᠲᠣᠬᠢᠷᠠᠭᠤᠯᠬᠤ ᠠᠵᠢᠯ ᠤᠨ ᠵᠠᠷᠴᠢᠮ ᠢ ᠪᠠᠷᠢᠮᠲᠠᠯᠠᠬᠤ ᠶᠢ ᠳᠣᠳᠣᠷᠬᠠᠶᠢᠯᠠᠪᠠ︔ ᠶᠢᠰᠦᠳᠦᠭᠡᠷ ᠵᠦᠢᠯ ᠳᠤ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠮᠠᠷᠭᠤᠯᠳᠤᠭᠠᠨ ᠤ ᠡᠬᠢ ᠰᠤᠷᠪᠤᠯᠵᠢ ᠶᠢ ᠵᠠᠰᠠᠬᠤ ᠬᠠᠮᠲᠤᠷᠠᠭᠰᠠᠨ ᠬᠤᠷᠠᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠲᠣᠳᠣᠷᠬᠠᠶᠢᠯᠠᠪᠠ︔ ᠠᠷᠪᠠᠳᠤᠭᠠᠷ ᠵᠦᠢᠯ ᠳᠤ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠲᠣᠳᠣᠷᠬᠠᠶᠢᠯᠠᠪᠠ︔ ᠠᠷᠪᠠᠨ ᠨᠢᠬᠡ᠂ ᠠᠷᠪᠠᠨ ᠬᠤᠶᠠᠳᠣᠭᠠᠷ ᠵᠦᠢᠯ ᠳᠤ ᠬᠠᠣᠯᠢ ᠶᠣᠰᠣᠭᠠᠷ ᠠᠶᠢᠮᠠᠭ ᠢᠶᠠᠨ ᠵᠠᠰᠠᠬᠤ ᠬᠤᠷᠢᠶᠠᠨ ᠤ ᠠᠯᠪᠠᠨ ᠭᠡᠷ ᠠᠴᠠ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠠᠶᠢᠮᠠᠭ ᠤᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠨᠠᠶᠢᠳᠠᠪᠣᠷᠢᠵᠢᠭᠤᠯᠬᠤ ᠶᠢ ᠳᠣᠳᠣᠷᠬᠠᠶᠢᠯᠠᠪᠠ᠃ ᠠᠷᠪᠠᠨ ᠭᠤᠷᠪᠠᠳᠤᠭᠠᠷ ᠵᠦᠢᠯ ᠳᠤ ᠡᠯ᠎ᠡ ᠬᠤᠰᠢᠭᠤ ᠣᠷᠣᠨ ᠲᠣᠰ ᠠᠷᠭ᠎ᠠ ᠬᠡᠮᠵᠢᠶ᠎ᠡ ᠶᠢ ᠯᠠᠪᠯᠠᠯᠲᠠ ᠪᠣᠯᠭᠠᠨ ᠬᠡᠷᠡᠭᠵᠢᠭᠦᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠢ ᠳᠠᠭᠢᠵᠤ ᠲᠣᠭᠲᠠᠭᠠᠬᠤ ᠥᠬᠡᠶ ᠪᠠᠶᠢᠬᠤ ᠶᠢ ᠲᠣᠳᠣᠷᠬᠠᠶᠢᠯᠠᠪᠠ᠃    ᠭᠤᠷᠪᠠ᠂ ᠵᠢᠱᠢᠭᠰᠡᠨ ᠬᠠᠷᠠᠯᠲᠠ ᠵᠢᠴᠢ ᠪᠣᠳᠠᠲᠤ ᠠᠴᠢ ᠬᠤᠯᠪᠣᠭᠳᠠᠯ    ᠵᠠᠰᠠᠭ ᠵᠠᠬᠢᠷᠭᠠᠨ ᠤ ᠮᠠᠷᠭᠤᠯᠳᠣᠭᠠᠨ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠬᠦ ᠰᠢᠢᠳᠪᠦᠷᠢᠯᠡᠨ᠂ ᠵᠠᠰᠠᠭ ᠵᠠᠬᠢᠷᠭᠠᠨ ᠤ ᠬᠡᠷᠡᠭ ᠵᠠᠷᠭᠤ ᠢᠯᠠᠭᠳᠠᠬᠤ ᠨᠣᠷᠮ᠎ᠠ ᠶᠢ ᠪᠠᠭᠤᠷᠠᠭᠤᠯᠬᠤ ᠶᠢᠨ ᠲᠥᠯᠥᠭᠡ᠂ ︽ᠠᠯᠠᠱᠠ ᠠᠶᠢᠮᠠᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠭᠢᠭᠤᠯᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠪᠠ᠃    ︽ᠠᠯᠠᠱᠠ ᠠᠶᠢᠮᠠᠭ ᠤᠨ ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ︾ ᠳᠤ ᠵᠠᠷᠭᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠠᠷᠠᠳ ᠤᠨ ᠰᠢᠭᠦᠬᠦ ᠬᠤᠷᠢᠶ᠎ᠠ ᠠᠴᠠ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠳᠠᠬᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ᠂ ᠵᠠᠷᠭᠤ ᠶᠢᠨ ᠡᠬᠢ ᠡᠭᠦᠰᠦᠯ ᠢ ᠵᠠᠰᠠᠬᠤ᠂ ᠠᠯᠳᠠᠭ᠎ᠠ ᠪᠤᠷᠤᠭᠤ ᠲᠠᠢ ᠪᠣᠯ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠭᠢᠭᠤᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠬᠠᠤᠯᠢ ᠴᠠᠭᠠᠵᠠ ᠶᠢᠨ ᠰᠢᠢᠳᠪᠦᠷᠢᠯᠡᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠠᠷᠠᠳ ᠣᠯᠠᠨ ᠳᠤ ᠥᠨᠳᠥᠷ ᠪᠦᠲᠦᠮᠵᠢᠲᠡᠶ᠂ ᠳᠥᠭᠦᠮ ᠳᠥᠲᠡ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠵᠥᠷᠢᠴᠡᠯ ᠢ ᠦᠨᠳᠦᠰᠦᠨ ᠱᠠᠲᠤᠨ ᠳᠤ ᠪᠠ ᠠᠩᠬᠠᠨ ᠤ ᠱᠠᠲᠤᠨ ᠳᠤ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠳᠣᠯᠠᠨ᠎ᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号