ᠠᠯᠠᠱᠠ ᠵᠡᠬᠦᠨ ᠬᠤᠰᠢᠭᠤᠨ ᠤ ᠬᠤᠶᠢᠳᠦ ᠪᠡᠶ᠎ᠠ ᠶᠢᠨ ᠰᠤᠮᠤ ᠭᠠᠴᠠᠭ᠎ᠠ ᠭᠠᠩ ᠲᠠᠢ ᠳᠠᠮᠠᠴᠡᠨ ᠮᠠᠯ ᠰᠦᠷᠦᠭ ᠢᠶᠠᠨ ᠬᠠᠮᠠᠭᠠᠯᠠᠬᠤ ᠠᠵᠢᠯ ᠢ ᠢᠳᠡᠪᠬᠢᠳᠡᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/6/12
    ︽ᠮᠠᠨ ᠤ ᠡ᠊ᠨᠳᠡ ᠭᠤᠷᠪᠠᠨ ᠵᠢᠯ ᠳᠠᠷᠠᠭᠠᠯᠠᠨ ᠭᠠᠨᠭ᠍ᠳᠠᠵᠦ ᠪᠠᠶᠢᠨ᠎ᠠ᠂ ᠡᠨᠡ ᠵᠢᠯ ᠤᠨ ᠥᠨᠳᠥᠷ ᠬᠠᠯᠠᠭᠤᠨ᠂ ᠰᠠᠯᠬᠢ ᠰᠢᠭᠤᠷᠭ᠎ᠠ ᠥᠩᠭᠡᠷᠡᠭᠰᠡᠨ ᠵᠢᠯ ᠤᠳ ᠠᠴᠠ ᠨᠡᠩ ᠡᠷᠲᠡ ᠢᠷᠡᠭᠰᠡᠨ ᠪᠠᠶᠢᠨ᠎ᠠ︾ ᠭᠡᠵᠦ ᠦᠯᠵᠡᠢ ᠰᠣᠮᠣᠨ ᠤ ᠮᠠᠯᠴᠢᠨ ᠰᠠᠨᠠᠭ᠎ᠠ ᠠᠯᠳᠠᠵᠦ ᠶᠠᠷᠢᠨ᠎ᠠ᠃ ᠭᠠᠩ ᠬᠠᠭᠰᠠᠷᠠᠭᠠᠨ ᠲᠠᠢ ᠲᠡᠮᠡᠴᠡᠵᠦ ᠮᠠᠯ ᠰᠦᠷᠦᠭ ᠢᠶᠠᠨ ᠬᠠᠮᠠᠭᠠᠯᠠᠬᠤ ᠪᠣᠯ ᠠᠯᠠᠱᠠ ᠵᠡᠬᠦᠨ ᠬᠤᠰᠢᠭᠤᠨ ᠤ ᠬᠤᠶᠢᠳᠦ ᠪᠡᠶ᠎ᠠ ᠶᠢᠨ ᠰᠣᠮᠣᠨ ᠤ ᠺᠠᠳ᠋ᠷ ᠣᠯᠠᠨ ᠲᠦᠮᠡᠨ ᠤ ᠨᠢᠳᠦᠨ ᠡᠮᠤᠨ᠎ᠡ ᠲᠣᠯᠭᠠᠷᠠᠵᠦ ᠪᠠᠶᠢᠭ᠎ᠠ ᠲᠤᠮᠤ ᠶᠠᠪᠤᠳᠠᠯ ᠪᠤᠯᠵᠡᠢ᠃ ᠤᠶᠢᠷ᠎ᠠ ᠶᠢᠨ ᠡᠳᠦᠷ᠂ ᠰᠤᠮᠤ ᠭᠠᠴᠠᠭᠠᠨ ᠠᠴᠠ ᠬᠢᠮᠳᠠ ᠡᠪᠡᠰᠦ ᠪᠤᠷᠳᠤᠭ᠎ᠠ ᠬᠠᠷᠢᠴᠠᠨ ᠮᠠᠯᠴᠢᠳ ᠲᠤ ᠦᠭᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠳᠡᠳᠡᠨ ᠤ ᠬᠦᠴᠢᠷᠳᠡᠯ ᠢ ᠰᠢᠢᠳᠪᠦᠷᠢᠯᠡᠵᠦ ᠪᠠᠶᠢᠨ᠎ᠠ᠃    6 ᠰᠠᠷ᠎ᠠ ᠶᠢᠨ 3 ᠤ ᠡᠳᠦᠷ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠵᠣᠬᠢᠴᠠᠭᠤᠯᠭ᠎ᠠ ᠬᠠᠪᠰᠤᠷᠤᠯᠭ᠎ᠠ ᠳᠣᠤᠷ᠎ᠠ᠂ ᠥᠯᠵᠡᠶ ᠰᠤᠮᠤ ᠪᠠᠶᠠᠨᠨᠠᠭᠤᠷ ᠬᠤᠲᠠ ᠶᠢᠨ ᠢᠦᠶ ᠾᠧ ᠲᠠᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠤᠯᠪᠣᠭᠠᠯᠠᠨ 129 ᠮᠠᠯᠴᠢᠨ ᠡᠷᠦᠬᠡ ᠳᠤ 69 ᠲᠣᠨ ᠮᠥᠬᠦᠯᠢᠭᠲᠦ ᠪᠣᠷᠳᠤᠭ᠎ᠠ ᠲᠠᠷᠬᠠᠭᠠᠵᠠᠢ᠂ ᠡᠨᠡ ᠪᠣᠯ 2024 ᠣᠨ ᠠᠴᠠ ᠨᠠᠭᠠᠰᠢ ᠵᠣᠬᠢᠶᠠᠨ ᠪᠠᠶᠢᠭᠤᠯᠣᠭᠰᠠᠨ ᠲᠡᠵᠢᠭᠡᠯ ᠡᠪᠡᠰᠦ ᠪᠣᠷᠳᠤᠭ᠎ᠠ ᠲᠠᠷᠬᠠᠭᠠᠬᠤ ᠳᠥᠷᠪᠡᠳᠦᠭᠡᠷ ᠤᠳᠠᠭᠠᠨ ᠤ ᠬᠡᠪᠴᠢᠶᠠᠨᠳᠦ ᠠᠵᠢᠯᠯᠠᠭ᠎ᠠ ᠪᠣᠯᠤᠨ᠎ᠠ᠃    ᠥᠯᠵᠡᠶ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠨᠭ ᠬᠠᠭᠰᠠᠷᠠᠭᠠᠨ ᠲᠠᠢ ᠲᠠᠮᠠᠴᠠᠬᠦ ᠪᠠᠷ᠂ ︽ᠭᠤᠷᠪᠠ ᠶᠢ ᠠᠩᠬᠠᠷᠤᠨ᠂ ᠭᠤᠷᠪᠠᠨ ᠲᠠᠯ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠭᠤᠷᠪᠠᠨ ᠱᠠᠳᠦ ᠪᠠᠷ ᠨᠦᠭᠡᠴᠡᠯᠡᠬᠦ︾ ᠠᠵᠢᠯ ᠤᠨ ᠰᠡᠳᠭᠢᠴᠡ ᠶᠢ ᠲᠤᠬᠳᠠᠭᠠᠵᠠᠢ᠃ ︽ᠭᠤᠷᠪᠠ ᠶᠢ ᠠᠩᠬᠠᠷᠬᠤ︾ ᠬᠡᠳᠡᠭ ᠨᠢ ᠲᠠᠷᠤᠢ ᠴᠠᠭ ᠠᠭᠠᠷ ᠤᠨ ᠪᠠᠶᠢᠳᠠᠯ ᠢ ᠠᠩᠬᠠᠷᠴᠤ᠂ ᠦᠨᠳᠦᠷ ᠬᠠᠯᠠᠭᠤᠨ ᠤ ᠰᠠᠷᠠᠮᠵᠢᠯᠡᠬᠦᠯᠦᠯ ᠤᠨ ᠮᠡᠳᠡᠭᠡ ᠵᠠᠩᠬᠢ ᠶᠢ ᠴᠠᠭ ᠲᠤᠬᠠᠢ ᠳᠤᠨᠢ ᠨᠠᠶᠢᠳᠠᠯᠠᠨ᠂ ᠡᠪᠡᠰᠦ ᠪᠤᠷᠳᠤᠭ᠎ᠠ ᠶᠢᠨ ᠦᠨ᠎ᠡ ᠬᠠᠩᠰᠢ ᠶᠢᠨ ᠪᠠᠶᠢᠳᠠᠯ ᠢ ᠠᠩᠬᠠᠷᠴᠤ᠂ ᠦᠨ᠎ᠠ ᠬᠠᠩᠰᠢ ᠲᠤᠬᠢᠷᠠᠮᠵᠢᠳᠡᠢ ᠴᠢᠨᠠᠷ ᠰᠠᠶᠢᠳᠠᠢ ᠡᠪᠡᠰᠦ ᠪᠤᠷᠳᠤᠭ᠎ᠠ ᠬᠤᠳᠠᠯᠳᠤᠨ ᠠᠪᠴᠤ᠂ ᠡᠪᠡᠰᠦ ᠪᠣᠷᠳᠤᠭ᠎ᠠ ᠨᠥᠭᠡᠴᠡᠯᠡᠬᠦ ᠪᠠᠶᠢᠳᠠᠯ ᠢ ᠠᠩᠬᠠᠷᠴᠤ᠂ ᠡᠯ᠎ᠠ ᠬᠤᠷᠰᠢᠶᠠᠵᠢᠯ᠂ ᠲᠡᠵᠢᠬᠡᠨ ᠦᠷᠡᠵᠢᠬᠦᠯᠬᠦ ᠲᠤᠮᠤ ᠡᠷᠦᠬᠡ᠂ ᠮᠠᠯᠴᠢᠨ ᠠᠶᠢᠯ ᠤᠨ ᠡᠪᠡᠰᠦ ᠪᠤᠷᠳᠤᠭ᠎ᠠ ᠨᠦᠬᠡᠴᠡᠯᠡᠬᠦ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ ᠪᠤᠯᠤᠨ᠎ᠡ᠃ ︽ᠭᠤᠷᠪᠠᠨ ᠲᠠᠯ᠎ᠠ ᠶᠢᠨ ᠬᠠᠷᠢᠯᠴᠠᠭ᠎ᠠ ᠪᠠᠨ ᠴᠢᠩᠭᠠᠳᠬᠠᠬᠤ︾ ᠬᠡᠳᠡᠭ ᠨᠢ ᠠᠬ᠎ᠠ ᠳᠡᠭᠦᠦ ᠠᠶᠢᠮᠠᠭ ᠬᠤᠲᠠ ᠲᠠᠢ ᠬᠠᠷᠢᠯᠴᠠᠨ᠂ ᠣᠯᠠᠨ ᠠᠷᠭ᠎ᠠ ᠵᠠᠮ ᠢᠶᠠᠷ ᠰᠢᠯᠵᠢᠭᠦᠯᠦᠨ ᠲᠡᠭᠡᠭᠡᠪᠦᠷᠢᠯᠡᠵᠦ᠂ ᠰᠠᠶᠢᠳᠣᠷ ᠨᠥᠭᠡᠴᠡᠯᠡᠬᠦ︔ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠷᠢᠯᠴᠠᠨ ᠮᠡᠳᠡᠬᠦᠯᠬᠦ ᠪᠠᠨ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠡᠮᠡᠴᠡᠨ ᠤᠯᠬᠤ︔ ᠰᠢᠯᠢᠳᠡᠭ ᠠᠵᠤ ᠠᠬᠤᠶᠢᠯᠠᠯ ᠲᠠᠢ ᠬᠠᠷᠢᠯᠴᠠᠵᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠢ ᠳᠡᠯᠭᠡᠷᠡᠭᠦᠯᠬᠦ ᠪᠤᠯᠤᠨ᠎ᠡ᠃ ︽ᠭᠤᠷᠪᠠᠨ ᠱᠠᠳᠤᠨ ᠤ ᠨᠦᠭᠡᠴᠡᠯᠡᠬᠦ︾ ᠬᠡᠳᠡᠭ ᠨᠢ ᠰᠤᠮᠤ ᠂ ᠭᠠᠴᠠᠭ᠎ᠠ᠂ ᠮᠠᠯᠵᠢᠬᠤ ᠡᠷᠦᠬᠡ ᠭᠤᠷᠪᠠᠨ ᠱᠠᠲᠤᠨ ᠤ ᠡᠪᠡᠰᠦ ᠪᠤᠷᠳᠤᠭ᠎ᠠ ᠨᠦᠬᠡᠴᠡᠯᠡᠬᠦ ᠠᠵᠢᠯ ᠤᠨ ᠰᠡᠳᠭᠢᠴᠠ ᠪᠤᠯᠤᠨ᠎ᠠ᠃    ᠥᠯᠵᠡᠶ ᠰᠣᠮᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠣᠯᠳᠠ ᠭᠠᠩ ᠬᠠᠭᠰᠠᠷᠠᠭᠠᠨ ᠲᠠᠢ ᠲᠡᠮᠡᠴᠡᠵᠦ ᠮᠠᠯ ᠠᠵᠤ ᠠᠬᠤᠶ ᠶᠢ ᠬᠠᠮᠠᠭᠠᠯᠠᠬᠤ ︽ᠬᠠᠲᠠᠭᠤ ᠡᠭᠦᠷᠭᠡ︾ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠭᠤᠣᠯ ᠰᠡᠳᠦᠪᠲᠦ ᠬᠥᠮᠦᠵᠢᠯ᠂ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾᠂ ︽ᠡᠷᠤᠭᠡ ᠪᠠᠷ ᠭᠦᠨᠵᠡᠭᠡᠶᠢᠷᠡᠨ ᠰᠠᠨᠠᠯ ᠰᠣᠨᠣᠰᠬᠤ︾ ᠵᠡᠷᠭᠡ ᠠᠵᠢᠯᠯᠠᠭ᠎ᠠ ᠶᠢ ᠬᠦᠨᠵᠡᠭᠡᠶᠢᠷᠡᠬᠦᠯᠦᠨ᠂ ᠳᠡᠭᠡᠳᠦ ᠱᠠᠲᠤᠨ ᠤ ᠭᠠᠩ ᠬᠠᠭᠰᠠᠷᠠᠭᠠᠨ ᠲᠠᠢ ᠲᠡᠮᠡᠴᠡᠬᠦ ᠨᠥᠬᠦᠪᠥᠷᠢ ᠶᠢ 40 ᠭᠠᠷᠣᠢ ᠲᠦᠮᠡᠨ ᠲᠥᠭᠦᠷᠢᠭ ᠭᠤᠶᠤᠴᠢᠯᠡᠨ ᠣᠯᠵᠤ᠂ 10 ᠭᠠᠷᠣᠢ ᠣᠳᠠᠭᠠᠨ ᠤ ᠡᠪᠡᠰᠦ ᠪᠣᠷᠳᠤᠭ᠎ᠠ ᠲᠠᠷᠬᠠᠭᠠᠬᠤ ᠠᠵᠢᠯᠯᠠᠭ᠎ᠠ ᠦᠷᠨᠢᠬᠦᠯᠵᠤ᠂ ᠨᠠᠶᠢᠳᠠ 500 ᠭᠠᠷᠤᠢ ᠲᠣᠨ ᠲᠠᠷᠬᠠᠭᠠᠨ ᠂ ᠡᠯ᠎ᠡ ᠲᠦᠷᠦᠯ ᠤᠨ ᠲᠤᠰᠬᠠᠢ ᠪᠡᠯᠡ ᠮᠥᠩᠭᠦ ᠶᠢ 822 ᠲᠦᠮᠡᠨ ᠲᠥᠭᠦᠷᠢᠭ ᠣᠯᠵᠤ᠂ 6 ᠬᠥᠮᠥᠷᠭᠡ ᠪᠠᠶᠢᠭᠤᠯᠤᠨ᠂ 16 ᠬᠤᠳᠳᠤᠭ ᠰᠢᠨ᠎ᠡ ᠪᠠᠷ ᠮᠠᠯᠲᠠᠵᠤ᠂ ᠬᠢᠯᠢ ᠬᠢᠵᠠᠭᠠᠷ ᠤᠨ 34 ᠮᠠᠯᠵᠢᠬᠤ ᠡᠷᠦᠬᠡ ᠶᠢᠨ ᠤᠰᠤ ᠬᠠᠩᠭᠠᠬᠤ ᠲᠥᠬᠦᠭᠡᠷᠦᠮᠵᠢ ᠶᠢ ᠰᠢᠨᠡᠳᠭᠡᠨ ᠵᠠᠰᠠᠵᠤ᠂ ᠭᠠᠩ ᠬᠠᠭᠰᠠᠷᠠᠭᠠᠨ ᠢ ᠡᠰᠡᠷᠭᠦᠴᠡᠬᠦ ᠳᠤ ᠪᠠᠲᠤ ᠪᠠᠬᠢ ᠰᠠᠭᠤᠷᠢ ᠲᠠᠯᠪᠢᠬᠰᠠᠨ ᠪᠠᠶᠢᠨ᠎ᠠ᠃    ᠪᠠᠶᠠᠨᠨᠢᠷᠤᠭᠤᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠭᠠᠮᠵᠢᠷᠠᠭᠰᠠᠨ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠭᠠᠩ ᠲᠠᠢ ᠳᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠠᠶᠢᠷᠢᠯᠠᠭᠤᠯᠤᠨ᠂ ᠡᠯ᠎ᠡ ᠳᠠᠭᠠᠭᠠᠴᠢᠯᠠᠯᠲᠠ ᠶᠢᠨ ᠨᠢᠬᠡᠴᠢ ᠶᠢᠨ ᠤᠳᠤᠷᠢᠳᠤᠯᠭ᠎ᠠ ᠶᠢ ᠭᠠᠴᠠᠭ᠎ᠠ ᠳᠤ ᠭᠦᠨᠵᠡᠭᠡᠶᠢᠷᠡᠨ ᠭᠠᠮᠰᠢᠭᠳᠠᠭᠰᠠᠨ ᠪᠠᠶᠢᠳᠠᠯ ᠢ ᠣᠶᠢᠯᠠᠭᠠᠬᠤ ᠶᠢᠨ ᠬᠠᠮᠲᠤ ᠪᠦᠷᠢᠳᠭᠡᠨ ᠳᠡᠭᠡᠭᠰᠢ ᠮᠡᠳᠡᠭᠦᠯᠬᠦ ᠶᠢ ᠱᠠᠭᠠᠷᠳᠠᠵᠡᠢ᠃ ᠡᠭᠦᠨ ᠤ ᠵᠡᠷᠭᠡ ᠳᠤ᠂ ᠭᠠᠳᠠᠷ ᠣᠷᠣᠨ ᠤ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠲᠠᠢ ᠢᠳᠡᠪᠬᠢᠲᠡᠢ ᠬᠠᠷᠢᠴᠠᠵᠦ᠂ ᠮᠠᠰᠢᠨ ᠲᠡᠷᠭᠡ ᠲᠣᠬᠢᠷᠠᠭᠤᠯᠤᠨ᠂ 579 ᠲᠣᠨ ᠡᠩ ᠤᠨ ᠦᠨ᠎ᠡ ᠶᠢᠨ ᠡᠷᠳᠡᠨᠢ ᠰᠢᠰᠢ ᠵᠦᠬᠡᠬᠡᠪᠦᠷᠢᠯᠡᠨ ᠠᠪᠴᠢᠷᠠᠵᠦ᠂ ᠮᠠᠯ ᠤᠨ ᠲᠡᠵᠢᠭᠡᠯ ᠪᠣᠷᠳᠤᠭ᠎ᠠ ᠳᠤᠲᠠᠭᠳᠠᠬᠤ ᠠᠰᠠᠭᠤᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠵᠤ᠂ ᠮᠠᠯᠴᠢᠳ ᠤᠨ ᠠᠵᠤ ᠠᠬᠤᠢ ᠶᠢᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠯᠡᠭᠰᠡᠨ ᠪᠠᠶᠢᠨ᠎ᠠ᠃    6 ᠰᠠᠷ᠎ᠠ ᠶᠢᠨ 7 ᠤ ᠡᠳᠦᠷ ᠠᠴᠠ ᠡᠬᠢᠯᠡᠨ᠂ ᠭᠠᠩ ᠲᠠᠢ ᠲᠡᠮᠡᠴᠡᠬᠦ ᠲᠡᠵᠢᠭᠡᠯ ᠪᠣᠷᠳᠤᠭ᠎ᠠ ᠶᠢ ᠡᠯ᠎ᠡ ᠭᠠᠴᠠᠭᠠᠨ ᠤ ᠲᠠᠷᠬᠠᠭᠠᠯᠲᠠ ᠶᠢᠨ ᠭᠠᠵᠠᠷ ᠲᠤ ᠬᠦᠷᠭᠡᠵᠦ᠂ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠭ᠎ᠠ ᠪᠠᠷ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠡᠷᠦᠬᠡ ᠶᠢᠨ ᠴᠡᠷᠢᠭ ᠠᠴᠠ ᠲᠡᠵᠢᠭᠡᠯ ᠪᠣᠷᠳᠤᠭ᠎ᠠ ᠶᠢ ᠪᠦᠷᠢᠳᠭᠡᠨ ᠬᠠᠷᠭᠤᠭᠤᠯᠵᠤ ᠲᠦᠭᠡᠭᠡᠵᠦ ᠦᠭᠬᠦᠭᠰᠡᠨ ᠪᠠᠶᠢᠨ᠎ᠠ᠃    ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠰᠠᠶᠢᠨ ᠳᠤᠷ᠎ᠠ ᠶᠢᠨ ᠰᠠᠯᠪᠤᠷᠢ ᠪᠠᠭ᠎ᠠ ᠠᠩᠭᠢ ᠶᠢ ᠳᠠᠭᠠᠭᠤᠯᠤᠨ ᠥᠨᠳᠥᠷ ᠨᠠᠰᠤᠲᠠᠢ ᠪᠠ ᠬᠥᠳᠡᠯᠵᠦ ᠪᠠᠷᠢᠬᠤ ᠳᠤ ᠳᠥᠭᠦᠮ ᠦᠭᠡᠢ ᠮᠠᠯᠴᠢᠳ ᠲᠤ ᠭᠠᠩ ᠲᠠᠢ ᠲᠡᠮᠡᠴᠡᠬᠦ ᠪᠣᠷᠳᠤᠭ᠎ᠠ ᠶᠢ ᠬᠦᠷᠭᠡᠵᠦ ᠤᠴᠢᠭᠠᠳ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃ ᠲᠡᠵᠢᠭᠡᠯ ᠪᠣᠷᠳᠤᠭ᠎ᠠ ᠬᠤᠪᠢᠳᠠᠨ ᠤᠯᠤᠭᠰᠠᠨ ᠮᠠᠯᠴᠢᠳ᠄ ︽ᠡᠨᠡ ᠵᠢᠯ ᠭᠠᠩ ᠬᠠᠭᠰᠠᠷᠠᠭᠠᠨ ᠬᠠᠷᠢᠴᠠᠩᠭᠤᠢ ᠪᠠᠷ ᠬᠦᠨᠳᠦ ᠨᠣᠴᠢᠲᠠᠢ ᠪᠠᠶᠢᠨ᠎ᠠ᠂ ᠲᠦᠷᠦᠭᠦᠤ ᠬᠤᠶᠠᠷ ᠡᠳᠦᠷ ᠬᠡᠳᠦ᠋ᠪᠡᠷ ᠪᠠᠭ᠎ᠠ ᠪᠣᠷᠣᠭᠠᠨ ᠣᠷᠣᠭᠰᠠᠨ ᠪᠣᠯᠪᠠᠴᠤ ᠭᠠᠩ ᠬᠠᠭᠰᠠᠷᠠᠭᠠᠨ ᠢ ᠨᠠᠮᠳᠠᠭᠤᠯᠬᠤ ᠳᠤ ᠮᠥᠨ ᠯᠡ ᠦᠢᠯᠡᠳᠦᠯ ᠭᠠᠷᠭᠠᠵᠤ ᠳᠡᠶᠢᠯᠦᠭᠰᠡᠨ ᠦᠭᠡᠢ᠂ ᠨᠠᠮ ᠵᠠᠰᠠᠭ ᠠᠴᠠ ᠪᠢᠳᠡᠨ ᠤ ᠬᠦᠴᠢᠷ ᠵᠣᠪᠠᠯᠠᠩ ᠢ ᠰᠢᠢᠳᠪᠦᠷᠢᠯᠡᠵᠦ ᠥᠭᠭᠦᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ︾ ᠭᠡᠵᠦ ᠰᠡᠳᠭᠢᠯ ᠳᠣᠭᠳᠣᠯᠤᠨ ᠶᠠᠷᠢᠵᠠᠭᠠᠨ᠎ᠠ᠃ᠣᠳᠣᠬᠠᠨ ᠤ ᠭᠠᠩ ᠤᠨ ᠪᠠᠶᠢᠳᠠᠯ ᠢ ᠰᠠᠶᠢᠲᠤᠷ ᠠᠷᠭᠠᠴᠠᠨ᠂ ᠮᠠᠯᠴᠢᠳ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠳᠦᠯᠦᠬᠡ᠂ ᠣᠶᠢᠷ᠎ᠠ ᠳᠤ ᠢᠩᠬᠡᠨ ᠰᠤᠮᠤᠨ ᠤ ᠳᠡᠯᠡᠨᠳᠦ᠋ᠷᠦᠬᠦᠤ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠵᠥᠪᠳᠡᠯᠴᠡᠬᠦ ᠪᠠᠷ ᠳᠡᠮᠵᠢᠨ᠂ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠠᠴᠠ ᠪᠡᠯᠡ ᠮᠥᠩᠭᠦ ᠭᠠᠷᠭᠠᠵᠤ ᠭᠠᠴᠠᠭᠠᠨ ᠤ ᠮᠠᠯ ᠪᠡᠯᠴᠢᠭᠡᠷ ᠢ ᠲᠡᠩᠴᠡᠭᠦᠷᠢ ᠲᠠᠢ ᠬᠠᠮᠠᠭᠠᠯᠠᠬᠤ ᠳᠦᠷᠦ ᠶᠢᠨ ᠪᠤᠳᠤᠯᠭ᠎ᠠ ᠳᠤ ᠤᠷᠤᠯᠴᠠᠭᠰᠠᠨ ᠮᠠᠯᠴᠢᠨ ᠡᠷᠦᠬᠡ ᠳᠤ 58 ᠲᠣᠨ ᠭᠠᠩ ᠢ ᠡᠰᠡᠷᠭᠦᠴᠡᠬᠦ ᠡᠷᠳᠡᠨᠢ ᠰᠢᠰᠢ ᠲᠦᠭᠡᠭᠡᠨ ᠥᠭᠴᠦ᠂ ᠭᠠᠩ ᠤᠨ ᠬᠤᠭᠤᠴᠠᠭᠠᠨ ᠳᠠᠬᠢ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠨᠠᠮᠳᠠᠭᠤᠯᠬᠤ ᠪᠠᠷ ᠲᠣᠭᠲᠠᠪᠠ᠃    ᠭᠠᠩ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ᠂ ᠳᠡᠯᠡᠨᠳᠦ᠋ᠷᠦᠬᠦᠤ ᠭᠠᠴᠠᠭ᠎ᠠ ᠶᠢᠨ ᠬᠢᠨ ᠮᠠᠯᠴᠢᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠠᠷ ᠮᠠᠯᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠬᠦᠴᠦᠲᠡᠢ ᠪᠠᠳᠤᠯᠠᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号