ᠬᠤᠸᠠᠩ ᠶᠠ ᠯᠢ᠂ ᠪᠠᠶ ᠬᠠᠶ ᠯᠢᠨ ᠵᠦᠩ ᠹᠸᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠪᠢᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/12
    6 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠵᠦᠩ ᠹᠸᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠪᠢᠩ ᠨᠡᠷ ᠲᠠᠢ ᠠᠭᠤᠯᠵᠠᠭᠰᠠᠨ ᠪᠥᠭᠡᠳ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ᠃
1.jpg
     ᠬᠤᠸᠠᠩ ᠶᠠ ᠯᠢ ᠰᠢᠤᠢ ᠪᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ ᠪᠠᠭ᠎ᠠ᠂ ᠠᠭᠤᠷᠰᠢᠯᠲᠠ ᠶᠢᠨ ᠬᠡᠮᠵᠢᠶ᠎ᠡ ᠶᠡᠭᠡ ᠪᠠᠶᠢᠵᠤ᠂ ᠪᠥᠬᠦ ᠣᠷᠣᠨ ᠤ ᠴᠦᠯᠯᠡᠷᠭᠡᠭᠵᠢᠯ ᠢ ᠵᠠᠰᠠᠬᠤ ᠭᠤᠤᠯ ᠲᠠᠯᠠᠪᠤᠷ ᠮᠥᠨ᠂ ᠣᠳᠣᠬᠠᠨ ᠳᠤ ᠶᠠᠭ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠤᠭᠴᠠᠵᠢᠭᠰᠠᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠤᠨᠴᠠᠯᠢᠬᠳᠤ ᠡᠯᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠪᠠᠶᠢᠨ᠎ᠠ᠃ ᠵᠦᠩ ᠹᠸᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠶᠠᠭ ᠴᠠᠭ ᠲᠠᠭᠠᠨ ᠳᠣᠬᠢᠷᠠᠵᠦ ᠢᠷᠡᠭᠡᠳᠦᠶ ᠥᠷᠭᠡᠨ ᠠᠭᠤᠳᠠᠮ ᠪᠠᠶᠢᠨ᠎ᠠ᠃ ᠵᠦᠩ ᠹᠸᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠺᠣᠮᠫᠠᠨᠢ ᠠᠯᠠᠱᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠨᠢᠰᠬᠡᠯ ᠢᠶᠠᠷ ᠪᠣᠷᠣᠭᠠᠨ ᠢ ᠨᠡᠮᠡᠭᠳᠡᠬᠦᠯᠬᠦ ᠠᠵᠢᠯ ᠵᠢᠴᠢ  ᠠᠮᠢ ᠨᠠᠰᠣᠨ ᠤ ᠠᠶᠤᠯᠲᠠᠢ ᠬᠦᠨᠳᠦ ᠡᠪᠡᠳᠴᠢᠲᠡᠨ ᠢ ᠠᠭᠠᠷ ᠠᠶᠠᠯᠠᠯ ᠢᠶᠠᠷ ᠠᠪᠤᠷᠠᠨ ᠲᠤᠰᠠᠯᠠᠬᠤ ᠠᠵᠢᠯ ᠢ ᠬᠠᠮᠲᠤᠪᠠᠷ ᠠᠬᠢᠭᠤᠯᠵᠤ᠂ ᠨᠢᠰᠬᠡᠯ ᠢᠶᠠᠷ ᠪᠣᠷᠣᠭᠠᠨ ᠢ ᠨᠡᠮᠡᠭᠳᠡᠬᠦᠯᠬᠦ ᠠᠵᠢᠯ ᠤᠨ ᠭᠠᠮᠰᠢᠭ ᠢ ᠪᠠᠭᠠᠰᠬᠠᠬᠤ᠂ ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠢ ᠪᠠᠭᠠᠰᠬᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠠᠱᠠ ᠶᠢ ᠬᠠᠪᠰᠤᠷᠤᠨ ᠠᠮᠢ ᠠᠬᠤᠢ ᠂ ᠬᠥᠭᠵᠢᠯᠲᠡ ᠶᠢᠨ ᠰᠠᠭᠤᠷᠢ ᠶᠢ ᠵᠤᠵᠠᠭᠠᠳᠬᠠᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠯᠢᠳᠡᠭ ᠦᠢᠯᠡᠴᠢᠯᠡᠭᠡ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠪᠡ᠃     ᠰᠢᠤᠢ ᠪᠢᠩ ᠵᠦᠩ ᠹᠸᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠺᠣᠮᠫᠠᠨᠢ ᠶᠢᠨ ᠦᠨᠳᠦᠰᠦᠨ ᠪᠠᠶᠢᠳᠠᠯ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠠᠨᠢᠯᠴᠠᠭᠤᠯᠤᠭᠰᠠᠨ ᠪᠥᠭᠡᠳ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠡᠯᠡᠯᠴᠡᠭᠡᠷ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠡᠩ ᠤᠯᠠᠨ ᠬᠠᠮᠲᠤᠷᠠᠯᠴᠠᠭᠠᠨ ᠤ ᠬᠡᠯᠪᠡᠷᠢ ᠶᠢ ᠰᠦᠪᠡᠭᠴᠢᠯᠡᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠨᠡᠮᠡᠷᠢᠯᠡᠨ᠎ᠡ ᠭᠡᠪᠡ᠃
2.jpg
     ᠠᠭᠤᠯᠵᠠᠯᠲᠠ ᠶᠢᠨ ᠳᠠᠷᠠᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠵᠦᠩ ᠹᠸᠢ ᠨᠡᠶᠢᠳᠡᠮ ᠬᠡᠷᠡᠭᠯᠡᠭᠡᠨ ᠤ ᠤ ᠠᠭᠠᠷ ᠠᠶᠠᠯᠠᠯ ᠤᠨ ᠺᠣᠮᠫᠠᠨᠢ ᠲᠠᠢ ︽ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ᠲᠣᠭᠲᠠᠪᠠ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号