ᠮᠠᠨ ᠤ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠪᠠ ᠤᠰᠤᠨ ᠤ ᠠᠰᠢᠭᠯᠠᠮᠵᠢ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2024/6/12
    ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2021 ᠣᠨ ᠠᠴᠠ ᠨᠠᠭᠠᠰᠢ ᠮᠠᠨ ᠤ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠶᠢᠨ ᠠᠰᠢᠭᠯᠠᠮᠵᠢ ᠪᠠ ᠤᠰᠤᠨ ᠤ ᠠᠰᠢᠭᠯᠠᠮᠵᠢ ᠢᠯᠡᠳᠲᠡ ᠳᠡᠭᠡᠭᠰᠢᠯᠡᠵᠦ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠪᠦᠷᠢ ᠶᠢᠨ ᠬᠡᠷᠡᠭᠰᠡᠬᠦ ᠤᠰᠤᠨ ᠤ ᠬᠡᠮᠵᠢᠶ᠎ᠡ 13% ᠪᠠᠷ ᠪᠠᠭᠤᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃    ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠮᠠᠨ ᠤ ᠣᠷᠣᠨ ᠡᠨᠧᠷᠬᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 300 ᠲᠦᠷᠦᠯ ᠵᠦᠢᠯ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 120 ᠲᠦᠷᠦᠯ ᠵᠦᠢᠯ ᠢ ᠬᠡᠷᠡᠭᠵᠢᠭᠦᠯᠵᠦ᠂ ᠨᠡᠶᠢᠳᠡ 1500 ᠲᠦᠮᠡᠨ ᠲᠤᠨ ᠪᠠᠷᠢᠮᠵᠢᠶ᠎ᠠ ᠨᠡᠭᠦᠷᠡᠰᠦ᠂ 5000 ᠲᠦᠮᠡᠨ ᠳᠤᠨ ᠤᠰᠤ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ 3800 ᠲᠦᠮᠡᠨ ᠳᠤᠨ ᠣᠷᠴᠢᠮ ᠳᠤᠲᠠᠭᠤ ᠭᠠᠳᠠᠭᠰᠢᠯᠠᠭᠤᠯᠪᠠ᠃ 298 ᠪᠣᠬᠢᠷᠳᠤᠯ ᠦᠭᠡᠢ ᠦᠢᠯᠡᠳᠪᠦᠷᠢ᠂ 24 ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ 92 ᠪᠣᠬᠢᠷᠳᠤᠯ ᠦᠭᠡᠢ ᠲᠥᠰᠥᠪᠯᠡᠯ ᠤᠨ ᠦᠢᠯᠡᠳᠬᠦᠨ ᠪᠣᠯᠣᠨ 26 ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠪᠠ᠃ 260 ᠲᠦᠮᠡᠨ ᠳᠤᠨ ᠲᠡᠮᠦᠷ ᠪᠤᠯᠪᠠᠰᠤᠷᠠᠭᠤᠯᠬᠤ᠂ 259 ᠲᠦᠮᠡᠨ ᠳᠤᠨ ᠪᠣᠯᠣᠳ ᠪᠤᠯᠪᠠᠰᠤᠷᠠᠭᠤᠯᠬᠤ᠂ 421 ᠲᠦᠮᠡᠨ ᠳᠤᠨ ᠲᠡᠮᠦᠷ ᠤᠨ ᠬᠠᠶᠢᠯᠤᠰᠢ᠂ 390 ᠲᠦᠮᠡᠨ ᠳᠤᠨ ᠴᠠᠬᠢᠯᠠᠭᠤᠷ ᠴᠢᠯᠠᠭᠤ ᠪᠣᠯᠣᠨ 1705 ᠲᠦᠮᠡᠨ ᠳᠤᠨ ᠬᠡᠦᠷᠡᠰᠦ ᠵᠡᠷᠭᠡ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠪᠡ᠃ ᠤᠳᠤ ᠮᠠᠨ ᠤ ᠣᠷᠣᠨ ᠤ ᠵᠡᠰ᠂ ᠬᠠᠷ᠎ᠠ ᠲᠤᠭᠤᠯᠭ᠎ᠠ᠂ ᠴᠠᠶᠢᠷ᠂ ᠮᠧᠲ᠋ᠢᠯ ᠠᠯᠺᠤᠤᠯ᠂ ᠢᠳᠡᠮᠡᠬᠡᠢ ᠨᠠᠲᠷᠢ ᠵᠡᠷᠭᠡ 10 ᠵᠦᠢᠯ ᠤᠨ ᠦᠢᠯᠡᠳᠬᠦᠨ ᠤ 16 ᠵᠦᠢᠯ ᠤᠨ ᠵᠢᠭᠠᠯᠲᠠ ᠲᠤᠭ᠎ᠠ ᠴᠥᠮ ᠤᠯᠤᠰ ᠤᠨ ᠡᠨᠧᠷᠬᠢ ᠶᠢᠨ ᠬᠤᠷᠣᠭᠳᠠᠭᠤᠯᠤᠯ ᠤᠨ ᠬᠢᠵᠠᠭᠠᠷ ᠬᠡᠮᠵᠢᠭᠳᠡᠯ ᠤᠨ ᠲᠡᠷᠢᠭᠦᠨ ᠤ ᠲᠦᠪᠰᠢᠨ ᠳᠤ ᠬᠦᠷᠴᠡᠢ᠃ ᠡᠭᠦᠨ ᠤ ᠬᠠᠮᠲᠤ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠪᠠᠷᠢᠮᠵᠢᠶᠠᠯᠠᠨ ᠬᠠᠷᠭᠤᠭᠤᠯᠵᠤ ᠪᠤᠯᠬᠤ 20 ᠵᠦᠢᠯ ᠤᠨ ᠦᠢᠯᠡᠳᠬᠦᠨ ᠠᠴᠠ 8 ᠵᠦᠢᠯ ᠤᠨ ᠦᠢᠯᠡᠳᠬᠦᠨ ᠤ ᠬᠡᠪ ᠳᠠᠭᠤᠷᠢᠶᠠᠯ  ᠤᠨ ᠲᠦᠪᠰᠢᠨ ᠳᠤ ᠬᠦᠷᠦᠭᠰᠡᠨ ᠦᠢᠯᠡᠳᠪᠦᠷᠢᠯᠡᠯ ᠤᠨ ᠴᠢᠳᠠᠪᠤᠷᠢ ᠨᠢ 30% ᠶᠢ ᠳᠠᠪᠠᠭᠰᠠᠨ ᠪᠠᠶᠢᠨ᠎ᠠ᠃ ᠡᠭᠦᠨ ᠳᠤ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠬᠡᠪ ᠳᠠᠭᠤᠷᠢᠶᠠᠯ  ᠤᠨ ᠲᠦᠪᠰᠢᠨ ᠳᠤ ᠬᠦᠷᠦᠭᠰᠡᠨ ᠦᠢᠯᠡᠳᠪᠦᠷᠢᠯᠡᠯ ᠤᠨ ᠴᠢᠳᠠᠪᠤᠷᠢ 52% ᠲᠤ ᠬᠦᠷᠴᠦ᠂ ᠵᠡᠰ ᠪᠠ ᠴᠠᠶᠢᠷ ᠤᠨ ᠬᠡᠪ ᠳᠠᠭᠤᠷᠢᠶᠠᠯ ᠤᠨ ᠲᠦᠪᠰᠢᠨ ᠳᠤ ᠬᠦᠷᠦᠭᠰᠡᠨ ᠦᠢᠯᠡᠳᠪᠦᠷᠢᠯᠡᠯ ᠤᠨ ᠴᠢᠳᠠᠪᠤᠷᠢ 44% ᠳᠤ ᠬᠦᠷᠴᠦ ᠪᠤᠢ᠃ ᠪᠤᠰᠤᠳ 12 ᠵᠦᠢᠯ ᠤᠨ ᠦᠢᠯᠡᠳᠬᠦᠨ ᠴᠦ ᠡᠨᠧᠷᠬᠢ ᠶᠢᠨ ᠬᠤᠷᠣᠭᠳᠠᠭᠤᠯᠤᠯ ᠤᠨ ᠦᠨᠳᠦᠰᠦᠨ ᠪᠠᠷᠢᠮᠵᠢᠶ᠎ᠠ ᠳᠤ ᠬᠦᠷᠴᠦ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠰᠡᠭᠦᠯᠴᠢ ᠪᠤᠯᠬᠤ ᠳᠤ ᠴᠥᠮ ᠤᠯᠤᠰ ᠤᠨ ᠬᠠᠮᠢᠶ᠎ᠠ ᠪᠦᠬᠦᠢ ᠬᠠᠷᠠᠯᠲᠠ ᠱᠠᠭᠠᠷᠳᠠᠯᠭ᠎ᠠ ᠳᠤ ᠬᠦᠷᠭᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号