ᠪᠠᠶ ᠬᠠᠶ ᠯᠢᠨ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠰᠢᠩ ᠭᠦᠸᠧ ᠰᠢᠶᠠᠨ ᠬᠤᠷᠠᠯ ᠳᠤ ᠣᠷᠣᠯᠴᠠᠪᠠ᠃
1.jpg
    ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠪᠠᠢ ᠬᠠᠢ ᠯᠢᠨ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠳᠣᠣᠱᠯᠠᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠂ ᠮᠥᠨᠴᠦ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠪᠣᠯᠤᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠪᠣᠯᠪᠠᠰᠤᠷᠠᠯ ᠤᠨ ᠠᠩᠬᠢ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠣᠯᠪᠠᠰᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠢᠨ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠣᠯᠤᠯᠲᠠ ᠲᠠᠢ ᠪᠠᠶᠢᠵᠦ᠂ ᠰᠣᠷᠣᠭᠰᠠᠨ ᠢᠶᠠᠨ ᠬᠡᠷᠡᠭᠯᠡᠵᠦ᠂ ᠠᠶᠤᠯᠭᠦᠶ ᠦᠢᠯᠡᠳᠪᠦᠷᠢᠯᠡᠯ ᠢ ᠢᠮᠠᠭᠲᠠ ᠲᠡᠷᠢᠭᠦᠨ ᠳᠤ ᠲᠠᠯᠪᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃
2.jpg
     ᠳᠠᠷᠠᠭ᠎ᠠ ᠨᠢ᠂ ᠪᠠᠢ ᠬᠠᠢ ᠯᠢᠨ ᠪᠠᠰᠠ ᠥᠪᠥᠷ ᠮᠣᠩᠭᠤᠯ ᠤᠨ ᠷᠦᠢ ᠳ᠋ᠠ ᠲᠠᠢ ᠹᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 15 ᠲᠦᠮᠡᠨ ᠲᠣᠨ ᠺᠠᠯᠢ ᠬᠤᠵᠢᠷ ᠦᠢᠯᠡᠳᠪᠦᠷᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠡᠯᠧᠮᠧᠨ᠋ᠲ ᠪᠣᠯᠤᠨ ᠦᠢᠯᠡᠴᠢᠯᠡᠭᠡ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠣᠳᠠᠲᠠᠢ ᠠᠳᠬᠤᠵᠤ᠂ ᠨᠡᠩ ᠤᠯᠠᠨ ᠲᠦᠷᠦᠯ ᠵᠦᠢᠯ ᠢ ᠡᠷᠲᠡᠬᠡᠨ ᠪᠠᠶᠢᠭᠤᠯᠵᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号