ᠬᠤᠸᠠᠩ ᠶᠠ ᠯᠢ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠹᠦᠵᠧᠦ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2024/6/13
     ᠠᠯᠢ ᠡᠷᠲᠡ 2001 ᠣᠨ ᠳᠤ᠂ ᠹᠦᠵᠧᠦ ᠬᠤᠳᠠ ᠪᠣᠯᠤᠨ ᠠᠯᠠᠱᠠ ᠠᠶᠢᠮᠠᠭ ᠨᠢ ᠨᠥᠬᠦᠷᠰᠡᠭ ᠬᠤᠳᠠ ᠪᠤᠯᠵᠤ᠂ ᠴᠠᠭ ᠬᠤᠭᠤᠴᠠᠭ᠎ᠠ ᠶᠢ ᠲᠤᠭᠤᠯᠤᠨ᠂ ᠶᠠᠪᠤᠬᠤ ᠳᠤᠳᠤᠮ ᠭᠦᠨ ᠵᠤᠵᠠᠭᠠᠨ ᠨᠦᠬᠦᠷᠯᠡᠯ ᠲᠠᠢ ᠪᠣᠯᠤᠭᠰᠠᠨ ᠪᠠᠶᠢᠨ᠎ᠠ᠃ ᠨᠥᠬᠦᠷᠯᠡᠯ ᠢᠶᠠᠨ ᠤᠯᠠᠮ ᠨᠢᠭᠡ ᠠᠯᠬᠤᠮ ᠦᠷᠭᠦᠯᠵᠢᠯᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠹᠦᠵᠧᠦ ᠳᠤ ᠬᠦᠷᠴᠦ ᠰᠢᠨᠵᠢᠯᠡᠨ ᠪᠠᠶᠢᠴᠠᠭᠠᠵᠤ᠂ ᠹᠦᠵᠸᠤ ᠬᠤᠳᠠ ᠶᠢᠨ︽3820︾ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ 30 ᠵᠢᠯ ᠤᠨ ᠤᠢ ᠶᠢᠨ ᠠᠮᠵᠢᠯᠲᠠ ᠪᠦᠲᠦᠮᠵᠢ ᠶᠢᠨ ᠦᠵᠡᠰᠬᠦᠯᠡᠩ᠂ ᠭᠤᠷᠪᠠᠨ ᠭᠠᠵᠠᠷ ᠲᠤᠯᠤᠭᠠᠨ ᠭᠤᠳᠤᠮᠵᠢ ᠲᠡᠦᠬᠡ ᠰᠣᠶᠣᠯ ᠤᠨ ᠵᠡᠭᠡᠯᠢ ᠵᠢᠴᠢ ᠠᠯᠠᠱᠠ ᠶᠢᠨ ᠠᠵᠤ ᠦᠢᠯᠡᠰ ᠤᠨ ᠬᠥᠭᠵᠢᠯᠲᠡ ᠲᠠᠢ ᠬᠤᠯᠪᠣᠭᠳᠠᠯ ᠪᠦᠬᠦᠢ ᠬᠡᠰᠡᠭ ᠠᠵᠤ ᠠᠬᠤᠶᠢᠯᠠᠯ ᠢ ᠲᠣᠭᠤᠷᠢᠨ ᠦᠵᠡᠵᠦ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠹᠦᠵᠧᠦ ᠬᠤᠳᠠ ᠶᠢᠨ ᠨᠠᠮ ᠤᠨ ᠬᠤᠷᠢᠶᠠᠨ ᠤ ᠱᠦᠵᠢ ᠭᠦᠸᠧ ᠨᠢᠩ ᠨᠢᠩ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠦ᠋ ᠰᠢᠶᠠᠨ ᠳ᠋ᠧ ᠲᠠᠢ ᠰᠠᠨᠠᠯ ᠢᠶᠠᠨ ᠰᠣᠯᠢᠯᠴᠠᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠪᠡ᠃
1.jpg
       ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠠᠯᠠᠱᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠦᠨᠳᠦᠰᠦᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠠᠯᠠᠱᠠ ᠶᠠᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠠᠬᠢᠭᠤᠯᠵᠤ᠂ ᠬᠤᠶᠠᠷ ᠭᠠᠵᠠᠷ ᠤᠨ ᠬᠠᠮᠲᠤᠷᠠᠯᠴᠠᠭᠠᠨ ᠤ ᠣᠷᠣᠨ ᠵᠠᠶ ᠪᠠ ᠳᠠᠯᠳᠠ ᠬᠦᠴᠦᠨ ᠯᠤᠲᠤ ᠶᠡᠭᠡ ᠪᠠᠶᠢᠵᠤ᠂ ᠹᠦᠵᠧᠦ ᠬᠤᠲᠠ ᠶᠢᠨ ᠬᠠᠪᠰᠤᠷᠤᠨ ᠳᠡᠮᠵᠢᠬᠦ ᠶᠢ ᠬᠦᠰᠡᠵᠦ ᠪᠠᠶᠢᠭ᠎ᠠ ᠬᠦᠷᠢᠶ᠎ᠡ ᠪᠠ ᠬᠡᠷᠡᠭ ᠶᠠᠪᠤᠳᠠᠯ ᠮᠠᠰᠢ ᠣᠯᠠᠨ ᠪᠠᠶᠢᠨ᠎ᠠ᠃ ᠹᠦᠵᠧᠦ ᠶᠢᠨ ᠰᠠᠭᠤᠷᠢ ᠵᠤᠵᠠᠭᠠᠨ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ ᠪᠠᠶᠢᠵᠤ᠂ ᠭᠠᠵᠠᠷ ᠪᠣᠯᠭᠠᠨ ᠳᠤ ᠥᠷᠨᠢᠭᠦᠨ ᠬᠥᠭᠵᠢᠯᠲᠡ ᠶᠢᠨ ᠪᠠᠶᠢᠳᠠᠯ᠂ ᠰᠢᠨ᠎ᠡ ᠶᠢ ᠡᠭᠦᠳᠦᠨ ᠦᠢᠯᠡᠰ ᠪᠤᠰᠬᠠᠬᠤ ᠠᠭᠤᠷ ᠠᠮᠢᠰᠬᠤᠯ ᠪᠣᠯᠤᠨ ︽ᠳᠠᠷᠦ᠋ᠢᠬᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠳᠣᠪᠣᠶᠢᠮ᠎ᠠ ᠪᠠᠶᠢᠵᠦ᠂ ᠮᠠᠰᠢ ᠤᠯᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ᠂ ᠰᠠᠶᠢᠨ ᠲᠣᠭᠲᠠᠴᠠ ᠨᠢ ᠴᠥᠮ ᠠᠯᠠᠱᠠ ᠶᠢᠨ ᠰᠤᠷᠤᠯᠴᠠᠭᠤᠰᠢᠲᠠᠢ ᠲᠣᠯᠢᠯᠠᠭᠤᠰᠢᠲᠠᠢ ᠵᠦᠢᠯ ᠶᠤᠮ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠰᠢᠨ᠎ᠡ ᠭᠠᠷᠤᠭ᠎ᠠ ᠪᠣᠯᠭᠠᠵᠤ᠂ ᠬᠠᠮᠲᠤᠷᠠᠯᠴᠠᠭᠠᠨ ᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠠᠩᠬᠠᠷᠴᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢᠨ ᠨᠡᠩ ᠤᠯᠠᠨ ᠪᠣᠳᠠᠲᠤ ᠴᠢᠨᠠᠷᠲᠠᠢ ᠠᠬᠢᠴᠠ ᠪᠣᠯᠤᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠬᠤ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ᠃ ᠹᠦᠵᠧᠦ ᠬᠤᠳᠠ ᠠᠵᠤ ᠠᠬᠤᠢ ᠶᠢ ᠡᠩ ᠲᠡᠷᠢᠬᠦᠨ ᠳᠤ ᠬᠥᠭᠵᠢᠭᠦᠯᠬᠦ᠂ ᠴᠢᠳᠠᠪᠤᠷᠢᠲᠠᠨ ᠤ ᠡᠬᠢ ᠪᠠᠶᠠᠯᠢᠭ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠣᠶᠣᠯ ᠵᠢᠭᠤᠯᠴᠢᠯᠠᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠣᠭᠠᠴᠢᠯᠠᠭᠰᠠᠨ ᠠᠵᠤ ᠠᠬᠤᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠨᠡᠩ ᠶᠡᠭᠡ ᠳᠡᠮᠵᠢᠯᠭᠡ ᠦᠵᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠲᠤ ᠨᠡᠩ ᠤᠯᠠᠨ ᠬᠠᠪᠰᠤᠷᠤᠯᠭ᠎ᠠ ᠦᠵᠡᠭᠦᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃
2.jpg
    ᠭᠦᠸᠧ ᠨᠢᠩ ᠨᠢᠩ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠬᠤᠸᠠᠩ ᠶᠠ ᠯᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠹᠦᠵᠧᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠹᠦᠵᠸᠤ ᠤᠳᠤ ᠶᠠᠭ ᠶᠡᠷᠦᠩᠬᠡᠢ ᠱᠦᠵᠢ ᠰᠢ ᠶᠢᠨ ᠫᠢᠩ ᠤᠨ ᠹᠦᠵᠸᠤ ᠳᠤ ᠠᠵᠢᠯᠯᠠᠵᠦ ᠪᠠᠶᠢᠭᠰᠠᠨ ᠬᠤᠭᠤᠴᠠᠭᠠᠨ ᠳᠤ ᠡᠭᠦᠳᠦᠭᠰᠡᠨ ᠴᠢᠬᠤᠯᠠ ᠣᠶᠢᠯᠠᠭᠠᠭᠳᠠᠬᠤᠨ ᠪᠣᠯᠤᠨ ᠴᠢᠬᠤᠯᠠ ᠶᠡᠭᠡ ᠦᠢᠯᠡᠳᠦᠯᠭᠡ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠭᠦᠨᠵᠡᠭᠡᠢ ᠦᠢᠯᠡᠳᠦᠯᠭᠡᠵᠢᠭᠦᠯᠵᠦ᠂ ︽3820︾ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠤᠨ ᠦᠵᠡᠯ ᠰᠠᠨᠠᠭᠠᠨ ᠤ ᠤᠬᠢ ᠰᠣᠳᠣ ᠶᠢ ᠪᠠᠷᠢᠮᠲᠠᠯᠠᠵᠤ᠂ ᠤᠯᠤᠰ ᠠᠴᠠ ᠣᠯᠭᠤᠭᠰᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠮᠤᠵᠢ ᠪᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠤᠯᠠᠨ ᠤᠯᠤᠰ ᠤᠨ ᠬᠤᠳᠠ ᠶᠢ ᠲᠦᠷᠭᠡᠨ ᠪᠦᠳᠦᠭᠡᠨ ᠪᠠᠶᠢᠭᠤᠯᠵᠤ ᠪᠠᠶᠢᠨ᠎ᠠ᠃ ᠹᠦᠵᠧᠦ ᠬᠤᠲᠠ ᠪᠣᠯᠤᠨ ᠠᠯᠠᠱᠠ ᠠᠶᠢᠮᠠᠭ ᠤᠨ ᠨᠦᠬᠦᠷᠯᠡᠯ ᠭᠦᠨ ᠵᠤᠵᠠᠭᠠᠨ᠂ ᠥᠪᠡᠷ ᠥᠪᠡᠷ ᠤᠨ ᠣᠨᠴᠠᠯᠢᠭ ᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠨᠥᠬᠦᠷᠰᠡᠭ ᠬᠤᠲᠠ ᠶᠢᠨ ᠬᠠᠷᠢᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠷᠢᠯᠴᠠᠨ ᠠᠶᠢᠯᠴᠢᠯᠠᠵᠤ ᠰᠢᠨᠵᠢᠯᠡᠨ ᠪᠠᠶᠢᠴᠠᠭᠠᠬᠤ ᠪᠠᠨ ᠴᠢᠩᠭᠠᠳᠬᠠᠵᠤ᠂ ᠨᠥᠬᠦᠷᠰᠡᠭ ᠬᠤᠲᠠ ᠠᠶᠢᠮᠠᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ ᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠡᠨᠧᠷᠭᠢ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠦᠢᠯᠡᠳᠪᠦᠷᠢᠯᠡᠬᠦ ᠪᠣᠷᠣᠯᠠᠭᠤᠯᠬᠤ ᠬᠠᠮᠵᠢᠯᠴᠠᠭ᠎ᠠ ᠶᠢ ᠠᠬᠢᠭᠤᠯᠬᠤ᠂ ᠲᠡᠯᠡᠶ ᠬᠠᠭᠤᠷᠠᠶ ᠪᠠᠷ ᠭᠠᠷ ᠬᠤᠯᠪᠣᠨ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠵᠡᠷᠭᠡ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠨᠥᠬᠦᠷᠯᠡᠯ ᠢᠶᠠᠷ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠥᠬᠦᠷᠰᠡᠭ ᠬᠤᠲᠠ ᠶᠢᠨ ᠭᠠᠷ ᠬᠤᠯᠪᠣᠨ ᠬᠥᠭᠵᠢᠬᠦ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃
3.jpg
     ᠹᠦᠵᠧᠦ ᠬᠤᠲᠠ ᠶᠢᠨ ᠤᠳᠤᠷᠢᠳᠤᠯᠭ᠎ᠠ ᠵᠠᠩ ᠳ᠋ᠢᠩ ᠹᠧᠩ᠂ ᠬᠤᠸᠠᠩ ᠵᠢᠶᠠᠨ ᠰᠢᠶᠦ᠋ᠩ᠂ ᠵᠣᠣ ᠮᠢᠩ ᠵᠧᠩ᠂ ᠠᠯᠠᠱᠠ ᠠᠶᠢᠮᠠᠭ ᠤᠨ ᠤᠳᠤᠷᠢᠳᠤᠯᠭ᠎ᠠ ᠮᠥᠩᠬᠡ᠂ ᠸᠧᠶ ᡁᠢ ᠭᠦᠸᠧ᠂ ᠪᠦᠦ ᠶᠧ᠂ ᠯᠢᠦ ᠳ᠋ᠧ ᠼᠦᠢ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号