ᠨᠢᠭᠡ᠂ ᠭᠤᠣᠯ ᠡᠭᠦᠷᠭᠡ ᠴᠢᠳᠠᠮᠵᠢ | ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠲᠦᠷᠢᠮ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠬᠠᠮᠢᠶ᠎ᠠ ᠪᠥᠬᠦᠶ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠨ᠎ᠠ᠃ | ︵ᠬᠤᠶᠠᠷ︶ ᠪᠦᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ | ᠪᠠᠶᠠᠯᠢᠭ ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠬᠠᠮᠢᠶᠠᠷᠴᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ | ᠵᠣᠬᠢᠰᠲᠠᠶ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃ | ︵ᠭᠤᠷᠪᠠ︶ ᠪᠦᠬᠦ ᠠᠶᠢᠮᠠᠭ ᠤᠨ ᠠᠵᠢᠯ ᠣᠯᠭᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠬᠤᠲᠠ | ᠬᠥᠳᠡᠭᠡ ᠶᠢ ᠨᠢᠭᠡᠳᠦᠯᠲᠡᠶ ᠳᠦᠯᠦᠪᠯᠡᠭᠰᠡᠨ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠵᠢᠯ | ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠰᠤᠳᠤᠯᠤᠨ ᠨᠠᠶᠢᠳᠠᠪᠤᠷᠢᠵᠢᠭᠤᠯᠤᠨ᠎ᠠ︔ ᠬᠤᠲᠠ ᠬᠥᠳᠡᠭᠡ ᠶᠢᠨ | ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠲᠦᠷᠢᠮ ᠢ ᠨᠢᠭᠡᠳᠦᠯᠲᠡᠶ | ᠲᠥᠯᠥᠪᠯᠡᠨ ᠪᠠᠶᠢᠭᠤᠯᠤᠨ᠎ᠠ︔ ᠠᠳᠠᠯ ᠦᠢᠯᠡᠰ ᠴᠣᠭᠴᠠᠯᠠᠬᠤ ᠬᠥᠮᠦᠰ ᠤᠨ ᠳᠠᠭᠠᠭᠠᠯᠲᠠ ᠶᠢᠨ ᠵᠢᠭᠡᠯᠡᠯᠭᠡ ᠶᠢ ᠬᠢᠨᠠᠨ | ᠬᠠᠷᠭᠤᠭᠤᠯᠵᠤ ᠲᠠᠷᠬᠠᠭᠠᠨ᠎ᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ | ᠠᠷᠭ᠎ᠠ ᠬᠡᠮᠵᠢᠶ᠎ᠡ ᠶᠢ ᠲᠦᠷᠦᠭᠦᠯᠡᠨ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠨ᠎ᠠ᠃ | ︵ᠲᠦᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠳᠡᠰ ᠪᠦᠬᠦᠢ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠥᠬᠦ ᠠᠶᠢᠮᠠᠭ ᠤᠨ ᠬᠤᠲᠠ | ᠬᠥᠳᠡᠭᠡ ᠶᠢᠨ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ︔ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠠᠵᠢᠯ | ᠠᠯᠳᠠᠯᠲᠠ ᠶᠢᠨ ᠳᠠᠭᠠᠳᠬᠠᠯ ᠤᠨ ᠣᠯᠭᠤᠮᠵᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠳᠠᠭᠠᠳᠬᠠᠯ ᠵᠢᠴᠢ ᠠᠵᠤ ᠠᠬᠤᠶᠢᠯᠠᠯ ᠤᠨ | ᠣᠨ ᠤ ᠮᠥᠩᠭᠦ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠲᠣᠭᠲᠠᠭᠠᠨ᠎ᠠ︔ ᠬᠠᠮᠢᠶ᠎ᠠ | ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ᠂ ᠲᠥᠰᠦᠪ ᠤᠨ ᠭᠦᠢᠴᠡᠳᠬᠡᠯ ᠪᠠ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ | ᠨᠡᠶᠢᠭᠡᠮ ᠤᠨ ᠳᠠᠭᠠᠳᠬᠠᠯ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠬᠠᠷᠢᠭᠤᠴᠠᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠠᠯᠪᠠᠨ ᠤ | ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠣᠨ᠎ᠠ᠃ | ︵ᠲᠠᠪᠤ︶ ᠪᠥᠬᠦ ᠠᠶᠢᠮᠠᠭ ᠤᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠤᠯᠪᠣᠭᠳᠠᠯ ᠪᠦᠬᠦᠢ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ | ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠂ ᠤᠷᠢᠳᠴᠢᠯᠠᠨ | ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠵᠦ᠂ ᠠᠵᠢᠯ ᠣᠯᠭᠤᠯᠲᠠ ᠲᠣᠭᠲᠠᠭᠤᠨ ᠪᠠᠶᠢᠬᠤ ᠪᠠ ᠬᠤᠯᠪᠣᠭᠳᠠᠯ ᠪᠦᠬᠦᠢ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠶ | ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠪᠠᠶᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠠᠶᠢᠮᠠᠭ ᠤᠨ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠲᠥᠷᠥ ᠶᠢᠨ ᠪᠣᠳᠣᠯᠭ᠎ᠠ ᠪᠠ ᠬᠥᠳᠡᠯᠮᠦᠷᠢ᠂ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠲᠦᠷᠢᠮ ᠢ ᠨᠢᠭᠡᠳᠦᠯᠲᠡᠶ ᠲᠥᠯᠥᠪᠯᠡᠨ | ᠲᠣᠭᠲᠠᠭᠠᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠡᠤᠬᠡᠳ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠰᠡᠷᠭᠡᠶᠢᠯᠡᠬᠦ ᠲᠥᠷᠥ ᠶᠢᠨ | ᠪᠣᠳᠣᠯᠭ᠎ᠠ ᠪᠠ ᠡᠮᠡᠭᠲᠡᠶ ᠠᠵᠢᠯᠴᠢᠨ᠂ ᠨᠠᠰᠤᠨ ᠳᠤ ᠥᠯᠥ ᠭᠦᠷᠦᠭᠰᠡᠳ ᠤᠨ ᠣᠨᠴᠠᠭᠠᠶ ᠬᠥᠳᠡᠯᠮᠦᠷᠢ ᠶᠢᠨ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ | ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ | ᠠᠵᠢᠯ ᠢ ᠵᠣᠬᠢᠴᠠᠭᠤᠯᠤᠨ᠂ ᠬᠥᠳᠡᠯᠮᠦᠷᠢ ᠶᠢᠨ ᠪᠠᠲᠤᠯᠠᠭ᠎ᠠ ᠶᠢᠨ ᠬᠦᠨᠳᠦ ᠶᠡᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ | ᠲᠦᠷᠦᠭᠦᠯᠡᠨ ᠠᠬᠢᠭᠤᠯᠵᠤ᠂ ᠴᠢᠳᠠᠪᠤᠷᠢᠲᠠᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠨ᠂ ᠲᠤᠰᠬᠠᠶ ᠮᠡᠷᠭᠡᠵᠢᠯ ᠤᠨ | ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠠᠬᠠᠯᠠᠭᠴᠢ ᠳ᠋ᠣᠺᠲ᠋ᠣᠷ ᠤᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠳᠡᠭᠡᠳᠦ ᠳᠡᠰ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ᠂ ᠬᠥᠮᠦᠵᠢᠭᠦᠯᠬᠦ ᠪᠠ ᠬᠠᠮᠢᠶᠠᠷᠬᠤ᠂ ᠦᠢᠯᠡᠴᠢᠯᠡᠬᠦ ᠠᠵᠢᠯ ᠢ | ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ︵ᠬᠢᠯᠢ︶ ᠠᠴᠠ ᠠᠪᠴᠢᠷᠠᠭᠰᠠᠨ ᠬᠡᠰᠡᠭ ᠲᠤᠰᠬᠠᠶ | ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠤᠨ ᠠᠶᠢᠮᠠᠭ ᠲᠤ ᠢᠷᠡᠬᠦ ︵ᠪᠤᠴᠠᠬᠤ︶ ᠠᠵᠢᠯ ᠤᠨ ᠲᠥᠷᠥ ᠶᠢᠨ | ᠪᠤᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠭᠲᠠᠭᠰᠠᠨ ᠡᠷᠬᠡ ᠮᠡᠳᠡᠯ ᠢᠶᠠᠷ ᠢᠶᠠᠨ ᠬᠡᠰᠡᠭ ᠭᠠᠳᠠᠭᠠᠳᠤ ᠶᠢᠨ ᠬᠥᠮᠥᠨ ᠤ | ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠬᠠᠷᠢᠭᠤᠴᠠᠨ᠎ᠠ᠃ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠣᠯᠠᠨ ᠡᠰᠢᠵᠢᠭᠰᠡᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠶᠢᠮᠠᠭ ᠤᠨ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ | ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ | ᠪᠠᠶᠢᠷᠢᠯᠠᠭᠤᠯᠤᠯᠲᠠ᠂ ᠢᠯᠡ ᠪᠠᠷ ᠡᠯᠰᠡᠬᠦ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ | ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠶᠢᠮᠠᠭ ᠤᠨ ᠬᠥᠬᠢᠭᠦᠯᠦᠨ | ᠱᠠᠩᠨᠠᠬᠤ ᠳᠦᠷᠢᠮ ᠢ ᠲᠣᠭᠲᠠᠭᠠᠵᠤ᠂ ᠪᠦᠬᠦ ᠠᠶᠢᠮᠠᠭ ᠤᠨ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ | ᠬᠠᠮᠢᠶᠠᠷᠴᠤ᠂ ᠪᠦᠬᠦ ᠠᠶᠢᠮᠠᠭ ᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠭᠰᠡᠨ ᠢ ᠬᠥᠬᠢᠭᠦᠯᠦᠨ | ᠰᠠᠶᠢᠰᠢᠶᠠᠬᠤ ᠵᠡᠷᠭᠡ ᠠᠵᠢᠯ ᠢ ᠡᠭᠦᠷᠭᠡᠯᠡᠵᠦ᠂ ᠡᠷᠬᠡ ᠣᠯᠭᠤᠯᠲᠠ ᠶᠢ ᠦᠨᠳᠦᠰᠦᠯᠡᠨ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠨᠡᠷ᠎ᠡ ᠪᠠᠷ ᠥᠷᠨᠢᠭᠦᠯᠦᠭᠰᠡᠨ ᠠᠶᠢᠮᠠᠭ ᠤᠨ ᠱᠠᠲᠤᠨ ᠤ ᠬᠥᠬᠢᠭᠦᠯᠦᠨ ᠱᠠᠩᠨᠠᠬᠤ ᠠᠵᠢᠯᠯᠠᠭ᠎ᠠ ᠶᠢ | ᠳᠠᠭᠠᠭᠠᠨ ᠡᠷᠬᠢᠯᠡᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠣᠭᠲᠠᠭᠠᠯ᠂ ᠬᠡᠪ ᠤᠨ ᠶᠣᠰᠣᠭᠠᠷ ᠨᠡᠮᠡᠭᠳᠡᠬᠦ ᠪᠠ | ᠣᠯᠭᠤᠬᠤ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ︵ᠠᠷᠪᠠᠨ ᠨᠢᠭᠡ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠬᠦᠯᠦᠰᠦᠨ | ᠠᠵᠢᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠬᠦᠯᠦᠰᠦᠨ ᠠᠵᠢᠯᠴᠢᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠭᠤᠤᠯᠳᠠᠯᠭ᠎ᠠ᠂ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ | ᠂ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠠᠷᠪᠠᠨ ᠬᠤᠶᠠᠷ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠶᠢᠨ ᠴᠢᠬᠤᠯᠠ ᠶᠡᠭᠡ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠤᠶᠤ ᠭᠡᠨᠡᠳᠲᠡ ᠶᠢᠨ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ | ︵ᠠᠷᠪᠠᠨ ᠭᠤᠷᠪᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠳᠦᠷᠪᠡ︶ ᠡᠭᠦᠷᠭᠡ ᠴᠢᠳᠠᠮᠵᠢ ᠶᠢᠨ ᠬᠤᠪᠢᠷᠠᠯᠳᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠳᠠᠭᠰᠢ ᠭᠦᠢᠴᠡᠳᠬᠡᠬᠦ ᠵᠦᠢᠯᠡᠰ ᠢ ᠵᠢᠷᠤᠮᠵᠢᠭᠤᠯᠤᠨ | ᠰᠢᠯᠢᠳᠡᠭᠵᠢᠭᠦᠯᠵᠦ᠂ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠮᠡᠳᠡᠭᠡ ᠵᠠᠩᠭᠢ ᠶᠢ ᠬᠠᠮᠲᠤ | ᠪᠠᠷ ᠬᠤᠪᠢᠶᠠᠯᠴᠠᠬᠤ ᠶᠢ ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠠᠶᠢᠮᠠᠭ ᠤᠨ ᠰᠤᠷᠭᠠᠨ ᠬᠥᠮᠥᠵᠢᠯ ᠪᠡᠶ᠎ᠡ ᠶᠢᠨ ᠳᠠᠮᠢᠷ ᠤᠨ ᠲᠣᠪᠴᠢᠶ᠎ᠠ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠲᠥᠷᠥ ᠶᠢᠨ ᠪᠣᠳᠣᠯᠭ᠎ᠠ ᠶᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠬᠠᠷᠢᠭᠤᠴᠠᠵᠦ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠳᠠᠮᠢᠷ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠨ ᠲᠣᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠰᠤᠷᠭᠠᠭᠤᠯᠢ ᠠᠴᠠ ᠪᠠᠨ ᠰᠠᠯᠬᠤ ᠠᠴᠠ ᠡᠮᠦᠨᠡᠬᠢ ᠠᠵᠢᠯ ᠣᠯᠬᠤ ᠵᠢᠯᠣᠭᠤᠳᠣᠯᠭ᠎ᠠ ᠪᠠ ᠦᠢᠯᠡᠴᠢᠯᠡᠭᠡᠨ ᠤ ᠠᠵᠢᠯ ᠢ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠳᠠᠮᠢᠷ ᠤᠨ ᠲᠣᠪᠴᠢᠶ᠎ᠠ ᠠᠴᠠ ᠬᠠᠷᠢᠭᠤᠴᠠᠨ᠎ᠠ︔ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭᠠᠬᠢ ᠠᠵᠢᠯ ᠣᠯᠬᠤ ᠵᠢᠯᠣᠭᠤᠳᠣᠯᠭ᠎ᠠ | ᠪᠠ ᠦᠢᠯᠡᠴᠢᠯᠡᠭᠡᠨ ᠤ ᠠᠵᠢᠯ ᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ᠎ᠠ᠃ | 2. ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠶᠢ | ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ A ᠲᠥᠷᠥᠯ ᠤᠨ ᠬᠥᠮᠦᠰ ᠤᠨ | ᠲᠥᠷᠥ ᠶᠢᠨ ᠪᠣᠳᠣᠯᠭ᠎ᠠ ᠶᠢ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ | ᠬᠠᠮᠲᠤᠷᠠᠨ ᠨᠠᠶᠢᠳᠠᠪᠤᠷᠢᠵᠢᠭᠤᠯᠵᠤ᠂ B ᠲᠥᠷᠥᠯ ᠪᠠ C ᠲᠥᠷᠥᠯ ᠤᠨ ᠬᠥᠮᠦᠰ ᠤᠨ ᠲᠥᠷᠥ ᠶᠢᠨ ᠪᠣᠳᠣᠯᠭ᠎ᠠ ᠶᠢ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ᠃ | ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠲᠠᠯ᠎ᠠ ᠪᠠᠷ᠂ ᠣᠲᠣ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ | ᠠᠵᠢᠯᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ︾ ᠢ ᠦᠷᠭᠦᠯᠵᠢᠯᠡᠨ ᠬᠡᠷᠡᠭᠯᠡᠵᠦ᠂ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠣᠨ᠎ᠠ᠃ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ | ᠬᠠᠮᠲᠤᠷᠠᠨ ᠳᠠᠷᠤᠮᠠᠯᠯᠠᠨ ᠨᠡᠶᠢᠳᠡᠯᠡᠭᠰᠡᠨ ︽ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ︾ ᠢ | ᠦᠷᠭᠦᠯᠵᠢᠯᠡᠨ ᠬᠡᠷᠡᠭᠯᠡᠵᠦ᠂ A ᠲᠥᠷᠥᠯ ᠪᠠ B ᠲᠥᠷᠥᠯ ᠤᠨ ᠬᠥᠮᠦᠰ ᠤᠨ ᠠᠵᠢᠯ ᠤᠨ ᠵᠥᠪᠰᠢᠶᠡᠷᠡᠯ ᠢ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠶᠢᠮᠠᠭ ᠤᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | C ᠲᠥᠷᠥᠯ ᠤᠨ ᠬᠥᠮᠦᠰ ᠤᠨ ᠠᠵᠢᠯ ᠤᠨ ᠵᠥᠪᠰᠢᠶᠡᠷᠡᠯ ᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ | ᠠᠵᠢᠯ ᠤᠨ ᠵᠥᠪᠰᠢᠶᠡᠷᠡᠯ ᠢ ᠲᠠᠷᠬᠠᠭᠠᠬᠤ ᠠᠴᠠ ᠡᠮᠦᠨ᠎ᠡ ᠴᠥᠮ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠰᠠᠯᠠᠭ᠎ᠠ | ᠮᠥᠴᠢᠷ ᠢᠶᠠᠷ ᠭᠠᠷ ᠤᠨ ᠥᠰᠥᠭ ᠵᠢᠷᠣᠭᠤᠯᠬᠤ ᠬᠡᠷᠡᠭᠲᠡᠶ᠃ | ᠬᠤᠶᠠᠷ᠂ ᠳᠤᠳᠤᠭᠠᠳᠤ ᠪᠠᠶᠢᠭᠤᠯᠤᠮᠵᠢ | ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠳᠤ 11 ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠪᠠ᠄ ᠠᠯᠪᠠᠨ ᠬᠡᠷ᠂ ᠠᠵᠢᠯ ᠣᠯᠭᠤᠯᠲᠠ ᠶᠢ | ᠠᠬᠢᠭᠤᠯᠬᠤ ᠰᠠᠯᠠᠭ᠎ᠠ᠂ ᠠᠵᠢᠯ ᠦᠢᠯᠡᠰ ᠤᠨ ᠨᠢᠬᠡᠴᠡ ᠶᠢᠨ ᠠᠵᠢᠯᠲᠠᠨ ᠤ ᠶᠠᠪᠤᠳᠠᠯ ᠢ ᠬᠠᠮᠢᠶᠠᠷᠬᠤ ᠰᠠᠯᠠᠭ᠎ᠠ᠂ | ᠲᠤᠰᠬᠠᠶ ᠮᠡᠷᠭᠡᠵᠢᠯ ᠤᠨ ᠠᠵᠢᠯᠲᠠᠨ ᠢ ᠬᠠᠮᠢᠶᠠᠷᠬᠤ ᠰᠠᠯᠠᠭ᠎ᠠ᠂ ᠴᠠᠯᠢᠩ ᠣᠯᠭᠤᠮᠵᠢ ᠶᠢᠨ ᠰᠠᠯᠠᠭ᠎ᠠ᠂ ᠠᠵᠢᠯ | ᠮᠡᠷᠭᠡᠵᠢᠯ ᠤᠨ ᠴᠢᠳᠠᠪᠤᠷᠢ ᠶᠢ ᠬᠦᠮᠦᠵᠢᠬᠦᠯᠬᠦ ᠪᠠ ᠬᠢᠨᠠᠨ ᠲᠣᠭᠲᠠᠭᠠᠬᠤ ᠰᠠᠯᠠᠭ᠎ᠠ᠂ ᠨᠠᠰᠤᠵᠢᠯ ᠤᠨ ᠠᠰᠠᠷᠠᠮᠵᠢ | ᠠᠵᠢᠯ ᠠᠴᠠ ᠪᠣᠯᠤᠭᠰᠠᠨ ᠭᠡᠮᠲᠦᠯ ᠢ ᠳᠠᠭᠠᠳᠬᠠᠬᠤ ᠰᠠᠯᠠᠭ᠎ᠠ᠂ ᠰᠠᠭᠤᠷᠢ ᠮᠥᠩᠭᠦ ᠪᠠᠯᠠ ᠮᠥᠩᠭᠦ ᠶᠢ ᠬᠢᠨᠠᠠ ᠬᠠᠮᠢᠶᠠᠷᠬᠤ | ᠰᠠᠯᠠᠭ᠎ᠠ᠂ ᠬᠠᠤᠯᠢ ᠲᠦᠷᠢᠮ ᠪᠠ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠰᠠᠯᠠᠭ᠎ᠠ ︵ᠵᠠᠬᠢᠳᠠᠯ | ᠰᠤᠷᠪᠤᠯᠵᠢᠯᠠᠭ᠎ᠠ ᠶᠢᠨ ᠰᠠᠯᠠᠭ᠎ᠠ︶᠂ ᠬᠥᠳᠡᠯᠮᠦᠷᠢ ᠶᠢᠨ ᠬᠠᠷᠢᠴᠠᠭᠠᠨ ᠤ ᠰᠠᠯᠠᠭ᠎ᠠ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠠᠯᠪᠠᠨ ᠬᠡᠷ᠃ | ᠠᠯᠪᠠᠨ ᠭᠡᠷ᠄ ᠪᠥᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ︔ ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ | ᠨᠢᠬᠡᠴᠡ ᠶᠢᠨ ᠭᠤᠤᠯᠳᠠᠯᠭ᠎ᠠ ᠲᠠᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠴᠢᠬᠤᠯᠠ ᠡᠬᠡ ᠪᠢᠴᠢᠭ ᠲᠤᠭᠤᠷᠪᠢᠬᠤ | ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠣᠨᠢᠨ | ᠮᠡᠳᠡᠭᠡᠨ ᠤ ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠠᠵᠢᠯ ᠢ ᠬᠠᠷᠢᠭᠤᠴᠠᠨ᠎ᠠ︔ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ | ᠠᠬᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠪᠠᠶᠢᠭᠤᠯᠭ᠎ᠠ ᠶᠢᠨ ᠡᠳᠦᠷ ᠲᠤᠲᠤᠮ ᠤᠨ | ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ᠂ ᠲᠡᠷᠭᠡ᠂ ᠮᠡᠳᠡᠭᠡ ᠵᠠᠩᠭᠢ᠂ ᠠᠮᠤᠷ | ᠲᠦᠪᠰᠢᠨ᠂ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠮᠡᠳᠡᠭᠡ | ᠵᠠᠩᠭᠢᠵᠢᠯᠲᠠ᠂ ᠠᠯᠪᠠᠨ ᠠᠵᠢᠯ ᠤᠨ ᠠᠦ᠋ᠲ᠋ᠣᠴᠢᠯᠠᠯᠲᠠ ᠶᠢ ᠳᠦᠯᠦᠪᠵᠢᠬᠦᠯᠬᠦ ᠪᠠᠶᠢᠭᠤᠯᠬᠤ ᠠᠵᠢᠯ ᠢ ᠬᠠᠷᠢᠭᠤᠴᠠᠨ᠎ᠠ︔ | ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠬᠠᠷᠢᠶ᠎ᠠ | ᠨᠢᠭᠡᠴᠡ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ︔ ᠪᠠᠶᠢᠭᠤᠯᠭ᠎ᠠ ᠪᠠ ᠬᠠᠷᠢᠶ᠎ᠠ ᠨᠢᠬᠡᠴᠡ ᠶᠢᠨ ᠪᠠᠶᠢᠭᠤᠯᠤᠮᠵᠢ | ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ | ᠠᠵᠢᠯ ᠠᠴᠠ ᠪᠠᠨ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠬᠡᠴᠡ ᠶᠢᠨ ᠠᠵᠢᠯ ᠠᠴᠠ ᠪᠠᠨ | ᠠᠮᠠᠷᠠᠭᠰᠠᠨ ᠬᠥᠮᠦᠰ ᠤᠨ ᠠᠵᠢᠯ ᠢ ᠵᠢᠯᠣᠭᠤᠳᠤᠨ᠎ᠠ︔ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠠᠨᠠᠯ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠡᠶᠡᠯᠡᠬᠦᠯᠵᠦ | ᠬᠠᠷᠢᠭᠤᠯᠲᠠ ᠥᠭᠬᠦ ᠶᠢ ᠡᠭᠦᠷᠭᠡᠯᠡᠨ᠎ᠡ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ᠄ ᠪᠥᠬᠦ ᠠᠶᠢᠮᠠᠭ ᠤᠨ ᠠᠵᠢᠯ ᠣᠯᠭᠤᠯᠲᠠ ᠶᠢᠨ ᠲᠥᠯᠥᠪᠵᠢᠭᠦᠯᠭᠡ | ᠪᠠ ᠣᠨ ᠤ ᠲᠥᠯᠥᠪᠯᠡᠭᠡ ᠵᠢᠴᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ | ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠬᠤᠲᠠ ᠬᠥᠳᠡᠭᠡ ᠶᠢᠨ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ | ᠠᠬᠢᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠲᠥᠷᠥᠯ ᠵᠦᠢᠯ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ | ᠪᠣᠯᠤᠨ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ | ᠵᠢᠯᠣᠭᠤᠳᠤᠨ ᠵᠢᠷᠤᠮᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ | ᠵᠠᠩᠭᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠠᠵᠢᠯᠲᠠᠨ ᠡᠯᠰᠡᠬᠦ ᠨᠢᠭᠡᠴᠡ ᠶᠢᠨ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠢ ᠵᠣᠬᠢᠶᠠᠨ | ᠪᠠᠶᠢᠭᠤᠯᠤᠨ᠎ᠠ︔ ᠠᠵᠢᠯ ᠮᠡᠷᠭᠡᠵᠢᠯ ᠤᠨ ᠲᠠᠨᠢᠯᠴᠠᠭᠤᠯᠭ᠎ᠠ ᠶᠢᠨ ᠨᠥᠬᠦᠪᠥᠷᠢ᠂ ᠠᠵᠢᠯ ᠣᠯᠬᠤ ᠳᠤ ᠬᠦᠴᠢᠷᠲᠡᠶ | ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠳᠤ ᠤᠷᠢᠨ ᠬᠡᠷᠡᠭᠯᠡᠬᠦ ᠬᠥᠮᠦᠰ ᠤᠨ ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠶᠢᠭᠡᠮ ᠤᠨ ᠪᠠᠲᠤᠯᠠᠭ᠎ᠠ ᠶᠢᠨ | ᠨᠥᠬᠦᠪᠥᠷᠢ ᠶᠢ ᠬᠢᠨᠠᠨ ᠬᠠᠷᠭᠤᠭᠤᠯᠵᠤ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ︔ ︽ᠠᠵᠢᠯ ᠣᠯᠭᠤᠯᠲᠠ | ᠠᠵᠢᠯ ᠠᠯᠳᠠᠯᠲᠠ ᠶᠢᠨ ᠳᠠᠩᠰᠠᠯᠠᠯ ᠤᠨ ᠦᠨᠡᠮᠯᠡᠯ︾᠂ ᠠᠳᠠᠯ ᠦᠢᠯᠡᠰ ᠴᠣᠭᠴᠠᠯᠠᠬᠤ ᠬᠥᠮᠦᠰ ᠤᠨ ᠳᠠᠭᠠᠭᠠᠯᠲᠠ ᠶᠢᠨ | ᠵᠢᠭᠡᠯᠡᠯᠭᠡ ᠶᠢ ᠬᠢᠨᠠᠨ ᠬᠠᠷᠭᠤᠭᠤᠯᠵᠤ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠵᠢᠯ ᠣᠯᠭᠤᠬᠤ ᠲᠤᠰᠬᠠᠶ | ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠳᠦᠷᠢᠮ ᠢᠶᠠᠨ | ᠦᠭᠡᠷᠡᠴᠢᠯᠡᠭᠰᠡᠨ᠂ ᠬᠠᠭᠠᠵᠤ ᠳᠠᠮᠫᠤᠷᠠᠭᠤᠯᠤᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ | ᠪᠠ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠥᠰᠦᠯ ᠢ ᠬᠢᠨᠠᠨ | ᠬᠠᠷᠭᠤᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠠᠶᠢᠮᠠᠭ ᠤᠨ ᠠᠵᠢᠯ | ᠠᠯᠳᠠᠭᠰᠠᠳ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠥᠭᠬᠦ ᠠᠵᠢᠯ ᠢ ᠵᠢᠯᠣᠭᠤᠳᠤᠨ | ᠬᠡᠷᠡᠭᠵᠢᠭᠦᠯᠦᠨ᠎ᠡ᠃ ᠪᠥᠬᠦ ᠠᠶᠢᠮᠠᠭ ᠤᠨ ᠬᠦᠯᠦᠰᠦᠨ ᠠᠵᠢᠯᠴᠢᠨ ᠳᠤ ᠬᠤᠯᠪᠣᠭᠳᠠᠬᠤ ᠶᠡᠷᠦᠩᠬᠡᠶᠢᠯᠡᠭᠰᠡᠨ ᠴᠢᠨᠠᠷᠲᠠᠶ | ᠲᠥᠷᠥ ᠶᠢᠨ ᠪᠣᠳᠣᠯᠭ᠎ᠠ᠂ ᠰᠢᠯᠵᠢᠭᠦᠯᠦᠨ ᠠᠵᠢᠯ ᠣᠯᠭᠤᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠬᠦᠯᠦᠰᠦᠨ ᠠᠵᠢᠯᠴᠢᠨ ᠤ ᠮᠡᠳᠡᠭᠡ ᠵᠠᠩᠭᠢ ᠶᠢᠨ | ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠢ ᠬᠠᠮᠢᠶᠠᠷᠬᠤ ᠰᠠᠯᠠᠭ᠎ᠠ᠄ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠶᠢᠮᠠᠭ ᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠢ ᠬᠠᠮᠢᠶᠠᠷᠬᠤ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠬᠠᠮᠢᠶᠠᠷᠤᠯᠲᠠ ᠶᠢᠨ ᠡᠷᠬᠡ | ᠮᠡᠳᠡᠯ ᠢᠶᠠᠷ ᠢᠶᠠᠨ ᠠᠶᠢᠮᠠᠭ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠠᠵᠢᠯᠲᠠᠨ ᠢ ᠲᠣᠬᠢᠷᠠᠭᠤᠯᠬᠤ᠂ | ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠ ᠢᠯᠡ ᠪᠠᠷ ᠤᠷᠢᠨ ᠬᠡᠷᠡᠭᠯᠡᠬᠦ | ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠲᠤᠰᠬᠠᠶ ᠮᠡᠷᠭᠡᠵᠢᠯ ᠤᠨ ᠠᠵᠢᠯᠲᠠᠨ ᠢ ᠬᠠᠮᠢᠶᠠᠷᠬᠤ ᠰᠠᠯᠠᠭ᠎ᠠ᠄ ᠪᠥᠬᠦ ᠠᠶᠢᠮᠠᠭ ᠤᠨ ᠮᠡᠷᠭᠡᠵᠢᠯ ᠤᠨ ᠴᠣᠯᠠ ᠶᠢᠨ | ᠲᠦᠷᠢᠮ ᠤᠨ ᠥᠭᠡᠷᠡᠴᠢᠯᠡᠯᠲᠡ ᠪᠠ ᠬᠢᠷᠢ ᠬᠡᠮ ᠢ ᠰᠢᠯᠭᠠᠷᠠᠭᠤᠯᠬᠤ ᠠᠵᠢᠯ ᠢ ᠲᠦᠷᠦᠭᠦᠯᠡᠨ ᠠᠬᠢᠭᠤᠯᠵᠤ᠂ | ᠰᠢᠯᠭᠠᠷᠠᠭᠤᠯᠬᠤ ᠺᠣᠮᠢᠰ ᠵᠡᠷᠭᠡ ᠠᠵᠢᠯ ᠢ ᠬᠢᠨᠠᠨ ᠬᠠᠮᠢᠶᠠᠷᠤᠨ᠎ᠠ︔ ᠪᠥᠬᠦ ᠠᠶᠢᠮᠠᠭ ᠤᠨ ᠲᠤᠰᠬᠠᠶ ᠮᠡᠷᠭᠡᠵᠢᠯ ᠤᠨ | ᠠᠵᠢᠯᠲᠠᠨ ᠤ ᠡᠩᠨᠡᠭᠡ ᠶᠢᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠵᠢᠯ ᠮᠡᠷᠭᠡᠵᠢᠯ ᠤᠨ ᠴᠢᠳᠠᠪᠤᠷᠢ ᠶᠢ ᠬᠦᠮᠦᠵᠢᠬᠦᠯᠬᠦ ᠪᠠ ᠬᠢᠨᠠᠨ ᠲᠣᠭᠲᠠᠭᠠᠬᠤ ᠰᠠᠯᠠᠭ᠎ᠠ᠄ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠲᠤᠬᠠᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ︔ ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠳᠦᠷᠢᠮ ᠢ ᠬᠡᠷᠡᠭᠵᠢᠭᠦᠯᠦᠨ᠎ᠡ︔ ᠤᠷ᠎ᠠ ᠴᠢᠳᠠᠪᠤᠷᠢ ᠪᠦᠬᠦᠢ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ | ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠠᠵᠢᠯ ᠮᠡᠷᠭᠡᠵᠢᠯ ᠤᠨ ᠬᠢᠷᠢ ᠬᠡᠮ ᠤᠨ | ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠳᠡᠭᠡᠳᠦ ᠮᠡᠷᠭᠡᠵᠢᠯ ᠤᠨ | ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠮᠠᠰᠲ᠋ᠧᠷ ᠤᠨ ᠠᠵᠢᠯᠯᠠᠬᠤ ᠲᠠᠰᠤᠭ ᠪᠣᠯᠤᠨ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ᠴᠠᠯᠢᠩ ᠣᠯᠭᠤᠮᠵᠢ ᠶᠢᠨ ᠰᠠᠯᠠᠭ᠎ᠠ ︵ᠠᠶᠢᠮᠠᠭ ᠤᠨ ᠬᠥᠬᠢᠭᠦᠯᠦᠨ ᠱᠠᠩᠨᠠᠬᠤ ᠠᠯᠪᠠᠨ ᠬᠡᠷ︶᠄ ᠪᠥᠬᠦ | ᠠᠶᠢᠮᠠᠭ ᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ | ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠣᠯᠭᠤᠮᠵᠢ ᠪᠠ ᠠᠵᠢᠯ ᠠᠴᠠ ᠪᠠᠨ ᠪᠠᠭᠤᠵᠤ ᠠᠮᠠᠷᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠠᠶᠢᠮᠠᠭ ᠤᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ᠂ ᠴᠠᠯᠢᠩ ᠤᠨ ᠰᠠᠭᠤᠷᠢ | ᠮᠥᠩᠭᠦ ᠶᠢᠨ ᠬᠠᠮᠢᠶᠠᠷᠤᠯᠲᠠ ᠪᠠ ᠠᠵᠢᠯᠲᠠᠨ ᠤ ᠴᠠᠯᠢᠩ ᠢ ᠲᠣᠭᠲᠠᠭᠠᠬᠤ᠂ ᠬᠢᠨᠠᠨ ᠬᠠᠷᠭᠤᠭᠤᠯᠬᠤ᠂ ᠳᠠᠩᠰᠠᠯᠠᠭᠤᠯᠬᠤ | ᠠᠵᠢᠯ ᠢ ᠡᠷᠬᠡ ᠮᠡᠳᠡᠯ ᠤᠨ ᠶᠣᠰᠣᠭᠠᠷ ᠡᠭᠦᠷᠭᠡᠯᠡᠨ᠎ᠡ᠃ ᠠᠶᠢᠮᠠᠭ ᠤᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠠᠵᠢᠯ ᠠᠴᠠ ᠪᠠᠨ ᠪᠠᠭᠤᠬᠤ ᠶᠢ ᠬᠢᠨᠠᠨ | ᠵᠥᠪᠰᠢᠶᠡᠷᠡᠬᠦ ᠠᠵᠢᠯ ᠢ ᠡᠷᠬᠡ ᠮᠡᠳᠡᠯ ᠤᠨ ᠶᠣᠰᠣᠭᠠᠷ ᠬᠠᠷᠢᠭᠤᠴᠠᠨ᠎ᠠ᠃ ᠪᠦᠬᠦ ᠠᠶᠢᠮᠠᠭ ᠤᠨ ᠬᠥᠬᠢᠭᠦᠯᠦᠨ ᠱᠠᠩᠨᠠᠬᠤ | ᠳᠦᠷᠢᠮ ᠢ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠠᠵᠢᠯ ᠢᠶᠠᠨ ᠥᠷᠨᠢᠭᠦᠯᠦᠨ᠎ᠡ᠃ ᠪᠦᠬᠦ | ᠠᠶᠢᠮᠠᠭ ᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠭᠰᠡᠨ ᠢ ᠬᠥᠬᠢᠭᠦᠯᠦᠨ ᠰᠠᠶᠢᠰᠢᠶᠠᠬᠤ ᠪᠠ | ᠳᠠᠩᠰᠠᠯᠠᠭᠤᠯᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ | ᠨᠠᠰᠤᠵᠢᠯ ᠤᠨ ᠠᠰᠠᠷᠠᠮᠵᠢ ᠠᠵᠢᠯ ᠠᠴᠠ ᠪᠣᠯᠤᠭᠰᠠᠨ ᠭᠡᠮᠲᠦᠯ ᠢ ᠳᠠᠭᠠᠳᠬᠠᠬᠤ ᠰᠠᠯᠠᠭ᠎ᠠ᠄ ᠤᠯᠤᠰ᠂ | ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠤ | ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ︔ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ | ᠠᠶᠢᠮᠠᠭ ᠤᠨ ᠱᠠᠲᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ | ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ︔ ᠪᠦᠬᠦ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ | ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ︔ | ᠪᠦᠬᠦ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ ᠠᠵᠢᠯᠲᠠᠨ ᠠᠵᠢᠯᠴᠢᠨ ᠤ ᠣᠨᠴᠠᠭᠠᠢ ᠠᠵᠢᠯ ᠳᠦᠷᠦᠯ ᠢ | ᠦᠨᠡᠯᠡᠨ ᠲᠣᠭᠲᠠᠭᠠᠬᠤ ᠠᠵᠢᠯ ᠢ ᠬᠠᠷᠢᠭᠤᠴᠠᠨ᠎ᠠ︔ ᠠᠶᠢᠮᠠᠭ ᠤᠨ ᠱᠠᠲᠤᠨ ᠤ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠬᠡᠴᠡ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠤᠨ ᠵᠢᠯ ᠢ | ᠠᠳᠠᠯᠢ ᠪᠠᠷ ᠦᠵᠡᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠠᠶᠢᠮᠠᠭ ᠤᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠥᠭᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠭᠠᠵᠠᠷ ᠰᠢᠷᠣᠶ ᠪᠠᠨ | ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠵᠥᠪᠯᠡᠯᠴᠡᠭᠡᠷ ᠤᠨ ᠪᠠᠶᠢᠭᠤᠯᠤᠮᠵᠢ ᠶᠢᠨ ᠬᠠᠮᠢᠶᠠᠷᠤᠯᠲᠠ᠂ ᠠᠵᠢᠯ ᠠᠴᠠ ᠪᠣᠯᠤᠭᠰᠠᠨ ᠭᠡᠮᠲᠦᠯ ᠢ | ᠰᠡᠷᠭᠡᠶᠢᠯᠡᠬᠦ᠂ ᠡᠷᠡᠭᠦᠯᠵᠢᠭᠦᠯᠬᠦ᠂ ᠦᠨᠡᠯᠡᠨ ᠳᠣᠭᠳᠠᠭᠠᠬᠤ᠂ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠡᠮ ᠤᠨ ᠵᠦᠢᠯ᠂ ᠣᠨᠣᠰᠢᠯᠠᠨ ᠡᠮᠨᠡᠬᠦ ᠲᠥᠷᠥᠯ ᠵᠦᠢᠯ ᠤᠨ ᠭᠠᠷᠴᠠᠭ᠂ ᠡᠮᠨᠡᠯᠭᠡ ᠳᠤ | ᠰᠠᠭᠤᠬᠤ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠦᠨ᠎ᠡ︔ ᠪᠦᠬᠦ ᠠᠶᠢᠮᠠᠭ ᠤᠨ ᠠᠵᠢᠯ ᠠᠴᠠ ᠪᠣᠯᠤᠭᠰᠠᠨ | ᠭᠡᠮᠲᠦᠯ ᠪᠦᠬᠦᠢ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ᠃ ᠠᠶᠢᠮᠠᠭ ᠤᠨ | ᠱᠠᠲᠤᠨ ᠤ ᠡᠪᠡᠳᠴᠢᠨ ︵ᠠᠵᠢᠯ ᠤᠨ ᠪᠣᠰᠣ︶ ᠠᠴᠠ ᠪᠣᠯᠤᠭᠰᠠᠨ ᠬᠡᠮᠳᠦᠭᠰᠡᠨ ᠬᠥᠮᠦᠰ ᠤᠨ ᠬᠥᠳᠡᠯᠮᠦᠷᠢᠯᠡᠬᠦ | ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ︔ ᠠᠶᠢᠮᠠᠭ ᠤᠨ ᠱᠠᠲᠤᠨ ᠤ ᠬᠥᠮᠦᠨ ᠬᠡᠷᠡᠭᠯᠡᠬᠦ | ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠢ ᠪᠠᠶᠢᠴᠠᠭᠠᠬᠤ᠂ ᠮᠠᠭᠠᠳᠯᠠᠨ ᠲᠣᠭᠲᠠᠭᠠᠬᠤ ᠵᠢᠴᠢ ᠠᠵᠢᠯ ᠤᠨ | ᠨᠥᠯᠥᠭᠡᠨ ᠤ ᠡᠪᠡᠳᠴᠢᠨ ᠤ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠠᠵᠢᠯ ᠢ ᠬᠠᠷᠢᠭᠤᠴᠠᠨ᠎ᠠ︔ ᠠᠶᠢᠮᠠᠭ ᠤᠨ ᠱᠠᠲᠤᠨ ᠤ ᠳᠠᠭᠠᠳᠬᠠᠯ ᠳᠤ ᠣᠷᠣᠯᠴᠠᠭᠰᠠᠳ ᠤᠨ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠣᠯᠭᠤᠮᠵᠢ ᠥᠭᠬᠦ ᠠᠵᠢᠯ ᠢ ᠵᠣᠬᠢᠶᠠᠨ ᠪᠠᠶᠢᠭᠤᠯᠤᠨ᠎ᠠ᠃ | ᠰᠠᠭᠤᠷᠢ ᠮᠥᠩᠭᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠄ ᠥᠪᠡᠷᠲᠡᠭᠡᠨ ᠵᠠᠰᠠᠬᠤ ᠣᠷᠣᠨ ᠤ | ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ︵ᠪᠠᠯᠠ ᠮᠥᠩᠭᠦ︶ ᠶᠢ ᠬᠢᠨᠠᠨ ᠪᠤᠳᠤᠵᠤ | ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠪᠠ ᠲᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ | ᠰᠠᠭᠤᠷᠢ ᠮᠥᠩᠭᠦ ᠶᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ︔ ᠠᠵᠢᠯ ᠣᠯᠭᠤᠯᠲᠠ | ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ | ᠮᠥᠩᠭᠦ ︵ᠪᠠᠯᠠ ᠮᠥᠩᠭᠦ︶ ᠵᠢᠴᠢ ᠪᠠᠶᠢᠭᠤᠯᠭ᠎ᠠ ᠪᠠ ᠬᠠᠷᠢᠶ᠎ᠠ ᠨᠢᠬᠡᠴᠡ ᠶᠢᠨ ᠲᠥᠰᠦᠪ ᠤᠨ ᠪᠠᠯᠠ ᠮᠥᠩᠭᠦ ᠳᠤ | ᠬᠢᠨᠠᠯᠲᠠ ᠲᠠᠯᠪᠢᠵᠤ ᠬᠢᠨᠠᠨ ᠪᠤᠳᠤᠬᠤ ᠠᠵᠢᠯ ᠢ ᠥᠷᠨᠢᠭᠦᠯᠵᠦ᠂ ᠰᠠᠭᠤᠷᠢ ᠮᠥᠩᠭᠦ ︵ᠪᠠᠯᠠ ᠮᠥᠩᠭᠦ︶ ᠶᠢᠨ | ᠬᠠᠮᠢᠶᠠᠷᠤᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠪᠠ | ᠠᠵᠢᠯ ᠠᠴᠠ ᠪᠣᠯᠤᠭᠰᠠᠨ ᠭᠡᠮᠲᠦᠯ ᠤᠨ ᠰᠠᠭᠤᠷᠢ ᠮᠥᠩᠭᠦ ︵ᠪᠠᠯᠠ ᠮᠥᠩᠭᠦ︶ ᠶᠢᠨ ᠲᠥᠰᠦᠪ ᠪᠠ ᠲᠥᠰᠦᠪ ᠤᠨ | ᠭᠦᠢᠴᠡᠳᠬᠡᠯ ᠢ ᠨᠠᠶᠢᠷᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠠᠵᠤ | ᠠᠬᠤᠶᠢᠯᠠᠯ ︵ᠠᠵᠢᠯᠲᠠᠨ ᠠᠵᠢᠯᠴᠢᠨ︶ ᠤᠨ ᠣᠨ ᠤ ᠮᠥᠩᠭᠦ᠂ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠬᠡᠷᠡᠭᠯᠡᠯᠳᠡ ᠶᠢ ᠬᠢᠨᠠᠨ ᠬᠠᠮᠢᠶᠠᠷᠬᠤ ᠶᠢ | ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ | ᠣᠷᠣᠭᠤᠯᠤᠯᠲᠠ ᠬᠡᠷᠡᠭᠯᠡᠯᠳᠡ ᠳᠤ ᠣᠷᠣᠯᠴᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠪᠠ | ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ᠂ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠡᠭᠦᠷᠭᠡᠯᠡᠨ᠎ᠡ︔ ᠲᠣᠪᠴᠢᠶ᠎ᠠ ᠶᠢᠨ | ᠪᠠᠶᠢᠭᠤᠯᠭ᠎ᠠ ᠪᠠ ᠬᠠᠷᠢᠶ᠎ᠠ ᠨᠢᠬᠡᠴᠡ ᠶᠢᠨ ᠳᠣᠲᠣᠭᠠᠳᠤ ᠶᠢᠨ ᠡᠳ᠋ ᠤᠨ ᠶᠠᠪᠤᠳᠠᠯ ᠤᠨ ᠬᠢᠨᠠᠨ ᠪᠤᠳᠤᠬᠤ ᠠᠵᠢᠯ ᠢ | ᠬᠠᠷᠢᠭᠤᠴᠠᠨ᠎ᠠ᠃ | ᠬᠠᠤᠯᠢ ᠲᠦᠷᠢᠮ ᠪᠠ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠰᠠᠯᠠᠭ᠎ᠠ ︵ᠵᠠᠬᠢᠳᠠᠯ ᠰᠣᠷᠪᠣᠯᠵᠢᠯᠠᠭ᠎ᠠ ᠶᠢᠨ | ᠰᠠᠯᠠᠭ᠎ᠠ︶᠄ ᠪᠥᠬᠦ ᠠᠶᠢᠮᠠᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ | ᠬᠥᠨᠳᠡᠯᠡᠨ ᠠᠴᠠ ᠲᠠᠰᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ | ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠦᠨᠳᠦ ᠶᠡᠭᠡ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠤ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ | ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠵᠢᠯ ᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠪᠣᠯᠤᠨ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠪᠤᠰᠤᠳ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠬᠠᠷᠢᠭᠤᠴᠠᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | ᠬᠥᠳᠡᠯᠮᠦᠷᠢ ᠶᠢᠨ ᠬᠠᠷᠢᠴᠠᠭᠠᠨ ᠤ ᠰᠠᠯᠠᠭ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠪᠥᠬᠦ ᠠᠶᠢᠮᠠᠭ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠥᠰᠦᠯ ᠢ | ᠨᠢᠭᠡᠳᠦᠯᠲᠡᠶ ᠲᠥᠯᠥᠪᠯᠡᠨ ᠲᠣᠭᠲᠠᠭᠠᠵᠤ᠂ ᠡᠯ᠎ᠡ ᠭᠠᠵᠠᠷ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠤᠨ᠎ᠠ︔ ᠬᠥᠳᠡᠯᠮᠦᠷᠢ ᠶᠢᠨ ᠪᠠᠷᠢᠮᠵᠢᠶ᠎ᠠ ᠪᠠ | ᠣᠨᠴᠠᠭᠠᠶ ᠠᠵᠢᠯᠯᠠᠬᠤ ᠴᠠᠭ ᠤᠨ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠬᠡᠷᠡᠭᠯᠡᠬᠦ | ᠬᠠᠮᠢᠶᠠᠷᠬᠤ ᠶᠢ ᠵᠢᠷᠤᠮᠵᠢᠭᠤᠯᠤᠨ᠎ᠠ︔ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ | ᠳᠦᠷᠢᠮ ᠢ ᠨᠠᠶᠢᠳᠠᠪᠤᠷᠢᠵᠢᠭᠤᠯᠬᠤ ᠪᠠ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ | ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠰᠡᠷᠭᠡᠶᠢᠯᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠠᠵᠤ ᠠᠬᠤᠶᠢᠯᠠᠯ ᠤᠨ ᠴᠠᠯᠢᠩ ᠬᠥᠯᠥᠰᠥ ᠶᠢ ᠪᠠᠶᠢᠴᠠᠭᠠᠬᠤ | ᠪᠠ ᠨᠡᠶᠢᠲᠡᠯᠡᠬᠦ ᠲᠦᠷᠢᠮ ᠢ ᠳᠣᠣᠱᠯᠠᠭᠤᠯᠣᠨ ᠨᠠᠶᠢᠳᠠᠪᠤᠷᠢᠵᠢᠭᠤᠯᠤᠨ᠎ᠠ︔ ᠠᠵᠤ ᠠᠬᠤᠶᠢᠯᠠᠯ ᠤᠨ ᠴᠠᠯᠢᠩ ᠤᠨ | ᠣᠷᠣᠯᠭ᠎ᠠ ᠶᠢᠨ ᠬᠤᠪᠢᠶᠠᠷᠢᠯᠠᠯᠲᠠ ᠶᠢᠨ ᠬᠤᠷᠸ᠎ᠠ ᠵᠢᠯᠣᠭᠤᠳᠤᠯᠭ᠎ᠠ᠂ ᠲᠣᠬᠢᠷᠠᠭᠤᠯᠭ᠎ᠠ ᠡᠵᠡᠮᠳᠡᠯ ᠪᠠ ᠣᠯᠭᠤᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠥᠯᠥᠰᠥ ᠪᠠ ᠴᠠᠯᠢᠩ ᠢ ᠲᠣᠭᠲᠠᠭᠠᠬᠤ ᠲᠣᠭᠲᠠᠴᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠵᠢᠯᠣᠭᠤᠳᠤᠨ ᠬᠢᠨᠠᠯᠲᠠ ᠲᠠᠯᠪᠢᠨ᠎ᠠ︔ ᠲᠣᠭᠲᠠᠭᠠᠭᠰᠠᠨ ᠡᠷᠬᠡ ᠮᠡᠳᠡᠯ ᠢᠶᠠᠷ ᠢᠶᠠᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ︵ᠠᠵᠢᠯᠴᠢᠨ ᠬᠡᠷᠡᠭᠯᠡᠬᠦ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ︶ ᠢ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠵᠦ᠂ ᠬᠥᠳᠡᠯᠮᠦᠷᠢ ᠦᠢᠯᠡᠴᠢᠯᠡᠭᠡ | ᠲᠣᠮᠢᠯᠠᠬᠤ ᠪᠠᠶᠢᠭᠤᠯᠤᠮᠵᠢ ᠶᠢ ᠬᠢᠨᠠᠠ ᠬᠠᠮᠢᠶᠠᠷᠬᠤ ᠠᠵᠢᠯ ᠢ ᠰᠠᠶᠢᠲᠤᠷ ᠬᠢᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠢ | ᠬᠠᠮᠵᠢᠨ ᠠᠵᠢᠯᠴᠢᠨ ᠬᠡᠷᠡᠭᠯᠡᠬᠦ ᠬᠦᠷᠢᠶᠡᠨ ᠳᠠᠬᠢ ᠦᠨᠡᠨᠴᠢ ᠢᠲᠡᠭᠡᠮᠵᠢ᠂ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠠᠵᠢᠯ ᠢ ᠰᠠᠶᠢᠲᠤᠷ ᠬᠢᠨ᠎ᠡ᠃ ᠪᠦᠬᠦ ᠠᠶᠢᠮᠠᠭ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠬᠤ᠂ ︽ᠥᠷᠢ ᠦᠭᠴᠡᠭᠡ ᠶᠢ ᠴᠡᠭᠴᠡᠯᠡᠵᠦ ᠵᠠᠷᠤᠯᠭ᠎ᠠ ᠶᠢ ᠪᠠᠲᠤᠯᠠᠬᠤ︾ ᠠᠵᠢᠯ ᠤᠨ ᠳᠦᠷᠢᠮ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠬᠦᠷᠢᠶᠡᠨ ᠳᠠᠬᠢ ᠴᠢᠬᠤᠯᠠ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠤᠨ | ᠰᠢᠢᠳᠪᠦᠷᠢᠯᠡᠨ᠎ᠡ︔ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠤᠨ᠎ᠠ︔ ᠬᠢᠨᠠᠨ | ᠪᠠᠶᠢᠴᠠᠭᠠᠬᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠵᠢᠯᠣᠭᠤᠳᠤᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠬᠤ ᠠᠵᠢᠯ ᠢ ᠥᠷᠨᠢᠭᠦᠯᠦᠨ᠎ᠡ︔ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠰᠢᠢᠳᠪᠦᠷᠢᠯᠡᠨ᠎ᠡ︔ | ᠠᠵᠢᠯᠴᠢᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠ | ᠬᠥᠳᠡᠯᠮᠦᠷᠢ ᠶᠢᠨ ᠭᠡᠷ᠎ᠡ ᠶᠢᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ᠃ | ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠄ ᠪᠠᠶᠢᠭᠤᠯᠭ᠎ᠠ ︵ᠰᠢᠰᠲ᠋ᠧᠮ ᠤᠨ ᠨᠠᠮ ᠤᠨ ᠠᠵᠢᠯ ᠤᠨ | ᠬᠤᠷᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠶ ᠡᠭᠦᠷ᠂ ᠨᠠᠮ ᠤᠨ ᠡᠭᠦᠷ︶ ᠵᠢᠴᠢ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ᠃ ᠲᠣᠰ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ | ᠠᠵᠢᠯ ᠢ ᠬᠠᠷᠢᠭᠤᠴᠠᠨ᠎ᠠ︔ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠶᠠᠪᠣᠭᠳᠠᠭᠤᠯᠬᠤ ᠪᠦᠬᠦ ᠳᠣᠪᠴᠢᠶ᠎ᠠ | ᠰᠢᠰᠲ᠋ᠧᠮ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠳᠤ ᠬᠢᠨᠠᠯᠲᠠ ᠲᠠᠯᠪᠢᠬᠤ᠂ ᠬᠢᠨᠠᠨ ᠰᠢᠯᠭᠠᠬᠤ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠡᠭᠦᠷᠭᠡᠯᠡᠨ᠎ᠡ︔ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠵᠦᠢᠯ ᠤᠨ ᠠᠵᠢᠯ ᠢ ᠲᠤᠤᠱᠯᠠᠭᠤᠯᠤᠨ | ᠬᠡᠷᠡᠭᠵᠢᠭᠦᠯᠦᠨ᠎ᠡ︔ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ ᠤᠨ ᠡᠯ᠎ᠡ | ᠵᠦᠢᠯ ᠤᠨ ᠠᠵᠢᠯ ᠢ ᠲᠤᠤᠱᠯᠠᠭᠤᠯᠤᠨ ᠬᠡᠷᠡᠭᠵᠢᠭᠦᠯᠵᠦ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠠᠴᠠ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ | | | | | ᠪᠠᠶᠢᠭᠤᠯᠭ᠎ᠠ ᠶᠢᠨ ᠰᠦᠯᠵᠢᠶ᠎ᠡ |