︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︿ᠣᠯᠠᠨ ᠬᠡᠮᠵᠢᠯᠲᠡ ᠶᠢ ᠨᠢᠭᠡᠳᠭᠡᠭᠰᠡᠨ﹀ ᠮᠡᠷᠭᠡᠵᠢᠯ ᠤᠨ ᠲᠦᠷᠢᠮ︾᠎ ᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/14
    ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠲᠤᠭᠳᠠᠭᠠᠭᠰᠠᠨ ︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︿ᠣᠯᠠᠨ ᠬᠡᠮᠵᠢᠯᠲᠡ ᠶᠢ ᠨᠢᠭᠡᠳᠭᠡᠭᠰᠡᠨ﹀ ᠮᠡᠷᠭᠡᠵᠢᠯ ᠤᠨ ᠲᠦᠷᠢᠮ ᠲᠣᠭᠲᠠᠭᠠᠯ︾ ︵ᠳᠣᠷᠣᠭᠰᠢ ︽ᠲᠦᠷᠢᠮ ᠲᠣᠭᠲᠠᠭᠠᠯ︾ ᠭᠡᠵᠦ ᠲᠣᠪᠴᠢᠯᠠᠨ᠎ᠠ︶᠎ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠯᠪᠠᠨ ᠵᠠᠷ︾᠎ ᠢᠶᠠᠷ ᠵᠥᠪᠰᠢᠶᠡᠷᠡᠭᠦᠯᠦᠨ ᠨᠡᠶᠢᠲᠡᠯᠡᠵᠦ᠂ 2024 ᠣᠨ ᠤ 7 ᠰᠠᠷ᠎ᠠ ᠶᠢᠨ 1᠎ ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠪᠤᠢ᠃    ︽ᠲᠦᠷᠢᠮ ᠲᠣᠭᠲᠠᠭᠠᠯ︾᠎ ᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠰᠢᠯᠭᠠᠨ ᠪᠠᠶᠢᠴᠠᠭᠠᠬᠤ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠱᠠᠲᠤᠨ ᠳᠤ ᠱᠠᠭᠠᠷᠳᠠᠭᠰᠠᠨ ᠬᠡᠮᠵᠢᠨ ᠵᠢᠷᠤᠬᠤ ᠦᠢᠯᠡᠴᠢᠯᠡᠭᠡ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠵᠡᠷᠭᠡ ᠪᠠᠷᠢᠯᠭ᠎ᠠ ︵ᠣᠨᠴᠠᠭᠠᠢ ᠪᠠᠷᠢᠯᠭ᠎ᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠴᠢᠬᠤᠯᠠ ᠶᠡᠭᠡ ᠪᠠᠷᠢᠯᠭ᠎ᠠ ᠪᠠᠭᠲᠠᠬᠤ ᠥᠬᠡᠶ︶᠎ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ ᠵᠥᠪᠰᠢᠶᠡᠷᠡᠯ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠪᠠᠶᠢᠴᠠᠭᠠᠬᠤ ᠶᠠᠪᠤᠴᠠ ᠳᠤ ᠬᠡᠮᠵᠢᠨ ᠵᠢᠷᠤᠭᠰᠠᠨ ᠲᠤᠭ᠎ᠠ ᠪᠠᠷᠢᠮᠲᠠ ᠶᠢ ᠤᠯᠬᠤ᠂ ᠰᠢᠢᠳᠪᠦᠷᠢᠯᠡᠬᠦ ᠮᠡᠷᠭᠡᠵᠢᠯ ᠤᠨ ᠠᠷᠭ᠎ᠠ᠂ ᠨᠠᠷᠢᠯᠢᠭᠴᠠ ᠶᠢᠨ ᠱᠠᠭᠠᠷᠳᠠᠯᠭ᠎ᠠ᠂ ᠦᠷ᠎ᠡ ᠪᠦᠲᠦᠭᠡᠯ ᠤᠨ ᠶᠠᠰᠤ ᠴᠢᠨᠠᠷ ᠪᠠ ᠲᠤᠰᠢᠶᠠᠬᠤ ᠮᠠᠲ᠋ᠤᠷᠢᠶᠠᠯ ᠵᠡᠷᠭᠡ ᠠᠭᠤᠯᠭ᠎ᠠ ᠶᠢ ᠲᠣᠭᠲᠠᠭᠠᠪᠠ᠃    ︽ᠳᠦᠷᠢᠮ ᠲᠣᠭᠲᠠᠭᠠᠯ︾᠎ ᠤᠨ ᠬᠡᠷᠡᠭᠵᠢᠬᠦᠯᠦᠯᠳᠡ ᠨᠢ ᠥᠪᠡᠷᠲᠡᠭᠡᠨ ᠵᠠᠰᠠᠬᠤ ᠣᠷᠣᠨ ᠤ ︽ᠣᠯᠠᠨ ᠬᠡᠮᠵᠢᠯᠲᠡ ᠶᠢ ᠨᠢᠭᠡᠳᠭᠡᠬᠦ︾ ᠥᠭᠡᠷᠡᠴᠢᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠣᠯᠠᠨ ᠬᠡᠮᠵᠢᠯᠲᠡ ᠶᠢ ᠨᠢᠭᠡᠳᠭᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠤᠯᠤᠰ ᠤᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ︽ᠠᠳᠠᠯᠢ ᠬᠠᠷᠠᠯᠲᠠ ᠪᠣᠳᠠᠰ ᠢ ᠨᠢᠭᠡ ᠯᠡ ᠤᠳᠠᠭ᠎ᠠ ᠬᠡᠮᠵᠢᠬᠦ︾ ᠬᠡᠮᠵᠢᠨ ᠵᠢᠷᠤᠬᠤ ᠱᠠᠭᠠᠷᠳᠠᠯᠭ᠎ᠠ ᠶᠢ ᠬᠠᠩᠭᠠᠵᠤ᠂ ︽ᠨᠢᠭᠡ ᠤᠳᠠᠭ᠎ᠠ ᠨᠠᠶᠢᠳᠠᠵᠤ᠂ ᠬᠠᠮᠲᠤᠷᠠᠨ ᠬᠡᠮᠵᠢᠨ ᠵᠢᠷᠤᠭᠯᠠᠵᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠬᠡᠮᠵᠢᠨ ᠵᠢᠷᠤᠬᠤ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠪᠠᠲᠤ ᠴᠢᠩᠭ᠎ᠠ ᠮᠡᠷᠭᠡᠵᠢᠯ ᠤᠨ ᠪᠠᠲᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号