ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠬᠦ ᠣᠷᠣᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠢᠮᠠᠭᠲᠠ ᠲᠤᠭᠤᠰᠢᠯᠠᠭᠤᠯᠵᠤ᠂ ᠨᠢᠭᠡ ᠪᠦᠯᠦᠭ | ᠲᠤᠪᠤᠶᠢᠮ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠦᠷᠦᠭᠦᠯᠡᠨ ᠨᠣᠮ ᠤᠩᠰᠢᠬᠤ | ᠠᠩᠭᠢ ᠡᠷᠭᠢᠯᠡᠵᠦ᠂ ᠪᠥᠬᠦ ᠬᠤᠲᠠ ᠶᠢᠨ 837 ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ | 7279 ᠨᠠᠮ ᠤᠨ ᠡᠭᠦᠷ ᠢ ᠳᠠᠶᠢᠴᠢᠯᠠᠨ ᠰᠤᠷᠤᠯᠴᠠᠯᠭ᠎ᠠ ᠪᠠᠷ ᠡᠬᠢᠯᠡᠯᠲᠡ ᠪᠤᠯᠭᠠᠵᠤ᠂ 16 ᠵᠦᠢᠯ ᠤᠨ | ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠲᠣᠭᠲᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠥᠷᠥᠯ ᠵᠦᠢᠯᠵᠢᠭᠦᠯᠦᠨ ᠠᠬᠢᠭᠤᠯᠪᠠ᠃ ᠲᠣᠰ ᠬᠤᠲᠠ ᠪᠥᠬᠦ | ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠦᠨᠳᠦᠰᠦᠨ | ᠱᠠᠲᠤᠨ ᠤ ᠨᠠᠮ ᠤᠨ ᠡᠭᠦᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ | ᠡᠭᠦᠷᠭᠡ ᠶᠢ ᠵᠢᠯᠣᠭᠤᠳᠤᠨ ᠠᠬᠢᠭᠤᠯᠬᠤ ᠲᠥᠯᠥᠪᠯᠡᠭᠡ ᠶᠢ ᠲᠣᠭᠲᠠᠭᠠᠵᠤ᠂ ᠪᠠᠶᠢᠭᠤᠯᠭ᠎ᠠ ᠨᠢᠭᠡᠴᠢ ᠪᠣᠯᠤᠨ ᠭᠠᠴᠠᠭ᠎ᠠ | ᠲᠣᠰᠬᠤᠨ ᠤ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠶᠢᠨ ᠰᠡᠷᠡᠮᠵᠢᠯᠡᠬᠦᠯᠬᠦ ᠲᠡᠮᠳᠡᠭᠯᠡᠯ ᠢ ᠲᠥᠷᠥᠯ ᠬᠤᠪᠢᠶᠠᠨ ᠨᠠᠶᠢᠷᠠᠭᠤᠯᠤᠨ ᠪᠢᠴᠢᠵᠦ ᠳᠠᠷᠤᠮᠠᠯᠯᠠᠨ | ᠲᠠᠷᠬᠠᠭᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠪᠦᠲᠦᠮᠵᠢᠲᠡᠶ ᠰᠦᠷᠳᠡᠭᠦᠯᠦᠯ ᠢ ᠪᠣᠶ ᠪᠣᠯᠭᠠᠪᠠ᠃ ᠡᠭᠦᠨ ᠤ | ᠬᠠᠮᠲᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠵᠡᠷᠭᠡ ᠠᠵᠢᠯ ᠤᠨ | ᠲᠣᠭᠤᠷᠢᠨ ᠳᠤ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ 22 ᠬᠡᠷᠡᠭᠯᠡᠭᠡᠨ ᠤ ᠫᠷᠤᠭ᠍ᠷᠠᠮ ᠢ | ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠵᠤ᠂ ᠵᠢᠷᠤᠮᠵᠢᠭᠤᠨ ᠪᠤᠰᠤ ᠪᠠᠷ ᠫᠠᠶᠢᠰᠠ ᠡᠯᠭᠦᠭᠰᠡᠨ 9191 | ᠪᠠᠶᠢᠳᠠᠯ ᠢ ᠴᠡᠭᠴᠡᠯᠡᠵᠦ᠂ ᠬᠤᠲᠠ ᠶᠢᠨ ᠱᠠᠲᠤᠨ ᠤ ᠠᠵᠢᠯ ᠤᠨ ᠲᠤᠰᠬᠠᠶ ᠠᠩᠭᠢ ᠶᠢ ᠴᠣᠮᠬᠠᠳᠬᠠᠭᠰᠠᠨ ᠬᠡᠮᠵᠢᠶ᠎ᠡ ᠨᠢ | 46.9% ᠳᠤ ᠬᠦᠷᠴᠦ᠂ ᠬᠤᠰᠢᠭᠤ ᠰᠢᠶᠠᠨ ᠤ ᠬᠠᠮᠢᠶᠠᠷᠤᠯᠲᠠ ᠶᠢᠨ ᠨᠠᠷᠢᠨ ᠲᠠᠩᠰᠠ ᠶᠢ ᠴᠣᠮᠬᠠᠳᠬᠠᠭᠰᠠᠨ | ᠬᠡᠮᠵᠢᠶ᠎ᠡ ᠨᠢ 30.5% ᠳᠤ ᠬᠦᠷᠴᠡᠶ᠃ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ᠂ ᠲᠤᠰᠬᠠᠶ ᠰᠡᠳᠦᠪᠲᠦ ᠲᠠᠶᠢᠯᠤᠮᠵᠢ᠂ ᠰᠣᠯᠢᠯᠴᠠᠵᠤ | ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠰᠡᠷᠡᠮᠵᠢᠯᠡᠭᠦᠯᠬᠦ ᠬᠥᠮᠦᠵᠢᠯ ᠬᠢᠬᠦ ᠵᠡᠷᠭᠡ ᠶᠢ ᠡᠷᠭᠢᠯᠡᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠲᠣᠰ ᠲᠣᠪᠴᠢᠶ᠎ᠠ ᠰᠢᠨ᠎ᠡ ᠪᠠᠷ ᠲᠤᠰᠢᠶᠠᠯ ᠳᠤ | ᠳᠡᠪᠰᠢᠭᠦᠯᠬᠦ᠂ ᠰᠢᠨ᠎ᠡ ᠪᠠᠷ ᠲᠤᠰᠢᠶᠠᠯ ᠳᠤ ᠭᠠᠷᠬᠤ ᠵᠢᠴᠢ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠭᠠᠷᠬᠤ | ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠭ᠎ᠠ ᠶᠢ ᠵᠣᠬᠢᠶᠠᠨ ᠪᠠᠶᠢᠭᠤᠯᠵᠤ | ᠂ ᠪᠢᠴᠢᠭ ᠮᠠᠲ᠋ᠧᠷᠢᠶᠠᠯ ᠤᠨ ᠬᠤᠷᠠᠯ ᠤᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠬᠠᠲᠠᠭᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠦᠨ | ᠵᠢᠷᠤᠮᠵᠢᠭᠤᠯᠬᠤ ᠪᠠᠷ ᠬᠦᠴᠦᠯᠡᠨ ᠴᠢᠷᠮᠠᠶᠢᠵᠤ᠂ ᠬᠢᠨᠠᠨ ᠰᠢᠯᠭᠠᠬᠤ ᠵᠢᠭᠠᠯᠳᠠ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ︽ᠡᠳᠦᠷ ᠤᠨ | ᠠᠵᠢᠯ ᠢ ᠡᠳᠦᠷ ᠲᠤᠨᠢ ᠭᠦᠢᠴᠡᠳᠬᠡᠵᠦ ᠳᠠᠭᠤᠰᠬᠠᠬᠤ︾ ᠢᠢ ᠠᠬᠢᠭᠤᠯᠪᠠ᠃ ᠡᠭᠦᠨ ᠤ ᠬᠠᠮᠲᠤ᠂ ︽ᠵᠠᠷᠭᠤ | ᠬᠢᠬᠦ ᠠᠴᠠ ᠡᠮᠦᠨ᠎ᠡ ᠤᠷᠢᠳ ᠢᠶᠠᠷ ᠰᠶᠢᠳᠪᠦᠷᠢᠯᠡᠬᠦ᠂ ᠵᠠᠷᠭᠤ ᠶᠢ ᠭᠥᠯᠢᠶᠡᠨ ᠠᠪᠤᠪᠠᠯ ᠳᠠᠷᠤᠶ ᠳᠤᠨᠢ ᠭᠦᠢᠴᠡᠳᠭᠡᠬᠦ᠂ | ᠱᠠᠲᠤ ᠬᠤᠪᠢᠶᠠᠨ ᠣᠷᠣᠯᠠᠨ ᠭᠦᠢᠴᠡᠳᠭᠡᠬᠦ︾ ᠲᠣᠭᠲᠠᠴᠠ ᠶᠢ ᠬᠡᠷᠡᠭᠵᠢᠭᠦᠯᠵᠦ᠂ ᠬᠤᠰᠢᠭᠤ ᠰᠢᠶᠠᠨ ᠠᠴᠠ ᠠᠶᠢᠮᠠᠭ | ᠬᠤᠲᠠ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠳᠤ ᠬᠦᠷᠲᠡᠯᠡᠬᠢ ᠰᠢᠢᠳᠪᠦᠷᠢᠯᠡᠬᠦ ᠡᠷᠬᠡ ᠲᠠᠢ | ᠰᠠᠯᠠᠭ᠎ᠠ ᠮᠥᠴᠢᠷ ᠤᠨ ᠭᠦᠢᠴᠡᠳᠭᠡᠬᠦ ᠠᠷᠭ᠎ᠠ ᠵᠠᠮ ᠢ ᠬᠦᠴᠦᠯᠡᠨ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠯ ᠤᠨ | ᠣᠷᠣᠯᠠᠨ ᠭᠦᠢᠴᠡᠳᠭᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠬᠢᠳᠠᠯ ᠰᠤᠷᠪᠤᠯᠵᠢᠯᠠᠯ ᠤᠨ | ᠣᠶᠤᠨᠴᠢ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠲᠦᠷᠡᠲᠡᠯ᠎ᠡ ᠣᠷᠣ ᠮᠥᠷ ᠦᠯᠡᠳᠡᠭᠡᠬᠦ᠂ | ᠬᠡᠷᠡᠭ ᠥᠬᠡᠶ ᠵᠠᠷᠤᠴᠠᠭᠤᠯᠬᠤ ᠬᠥᠳᠡᠯᠮᠦᠷᠢ ᠶᠢ ᠪᠠᠭᠠᠰᠬᠠᠬᠤ ᠶᠢ ᠰᠡᠷᠭᠡᠶᠢᠯᠡᠨ᠂ ︽ᠬᠤᠷᠤᠭᠤᠨ ᠦᠵᠦᠭᠦᠷ ᠲᠠᠬᠢ | ᠬᠡᠯᠪᠡᠷᠢᠴᠢ ᠦᠵᠡᠯ︾ ᠢ ᠡᠷᠡᠰ ᠬᠤᠷᠢᠭᠯᠠᠪᠠ᠃ | ᠬᠥᠬᠡᠬᠤᠲᠠ ᠪᠣᠭᠤᠮᠲᠠ ᠨᠢ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ | ᠰᠡᠳᠦᠪ ᠬᠤᠪᠢᠶᠠᠨ ᠵᠢᠱᠶ᠊ ᠡᠶ᠎ᠡ ᠦᠵᠡᠭᠦᠯᠬᠦ ᠰᠤᠷᠤᠯᠴᠠᠯᠭ᠎ᠠ᠂ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠬᠦᠨ ᠥᠪᠡᠷ ᠤᠨ ᠪᠠᠶᠢᠭ᠎ᠠ ᠨᠠᠮ ᠤᠨ ᠡᠭᠦᠷ ᠲᠡᠭᠡᠨ ᠬᠦᠷᠴᠦ ᠳᠠᠭᠠᠭᠤᠯᠤᠨ ᠰᠤᠷᠤᠯᠴᠠᠬᠤ᠂ ᠬᠠᠷᠢᠶ᠎ᠠ | ᠪᠣᠭᠤᠮᠲᠠ ᠳᠠᠭᠠᠨ ︽ᠱᠦᠵᠢ ᠳᠤᠭᠤᠶᠢᠯᠠᠩ ᠤᠨ ᠳᠠᠷᠤᠭ᠎ᠠ ᠰᠠᠬᠢᠯᠭ᠎ᠠ ᠪᠠᠲᠤ ᠶᠢᠨ ᠲᠤᠬᠠᠢ ᠶᠠᠷᠢᠯᠴᠠᠬᠤ︾ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠡᠭᠦᠷ ᠤᠨ ᠱᠦᠵᠢ ᠲᠦᠷᠦᠭᠦᠯᠡᠨ ᠰᠠᠬᠢᠯᠭ᠎ᠠ ᠪᠠᠲᠤ ᠶᠢᠨ | ᠨᠠᠮ ᠤᠨ ᠬᠢᠴᠢᠶᠡᠯ ᠣᠷᠣᠬᠤ ᠪᠠᠷ ᠲᠠᠮᠵᠢᠨ᠂ 97 ᠦᠨᠳᠦᠰᠦᠨ ᠱᠠᠲᠤᠨ ᠤ ᠨᠠᠮ ᠤᠨ ᠡᠭᠦᠷ ᠢ ᠵᠣᠬᠢᠶᠠᠨ ᠪᠠᠶᠢᠭᠤᠯᠵᠤ | ︽︿ᠲᠦᠷᠢᠮ﹀ ᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢ ᠰᠠᠬᠢᠬᠤ︾ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠵᠦ᠂ ︽ᠬᠢᠯᠢ ᠶᠢᠨ ᠪᠣᠭᠤᠮᠲᠠ ᠶᠢᠨ ᠵᠠᠯᠠᠭᠤᠴᠤᠳ ᠰᠠᠬᠢᠯᠭ᠎ᠠ ᠪᠠᠲᠤ ᠶᠢᠨ ᠲᠤᠬᠠᠢ | ᠶᠠᠷᠢᠯᠴᠠᠬᠤ ᠬᠤᠷᠠᠯ︾ ᠬᠢᠵᠦ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠠᠷᠢᠶ᠎ᠠ ᠪᠣᠭᠤᠮᠲᠠ᠂ ᠡᠭᠦᠷᠭᠡ | ᠲᠤᠰᠢᠶᠠᠯᠳᠤ ᠰᠠᠯᠠᠭ᠎ᠠ ᠮᠥᠴᠢᠷ ᠠᠴᠠ ᠰᠤᠯᠠ ᠰᠣᠨᠣᠰᠴᠤ ᠵᠢᠯᠤᠭᠤᠳᠤᠯᠭ᠎ᠠ ᠬᠢᠬᠦ ᠢᠢ ᠪᠦᠬᠦᠨ ᠢ ᠪᠦᠷᠬᠦᠬᠦᠯᠪᠡ᠃ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ᠂ ᠭᠡᠮᠰᠢᠯ ᠤᠨ | ᠲᠡᠮᠳᠡᠭᠯᠡᠯ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠵᠡᠷᠭᠡ ᠶᠢ ᠶᠡᠷᠦᠩᠬᠡᠶᠢᠯᠡᠨ ᠬᠡᠷᠡᠭᠯᠡᠵᠦ ᠵᠠᠳᠠᠯᠤᠨ ᠰᠢᠨᠵᠢᠯᠡᠬᠦ | ᠮᠠᠶ᠋ᠢᠭ ᠤᠨ ᠰᠤᠷᠤᠯᠴᠠᠯᠭ᠎ᠠ ᠬᠢᠵᠦ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠪᠡ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠵᠦ᠂ ᠴᠢᠩᠭ᠎ᠠ ᠪᠣᠳᠠᠲᠠᠢ | ᠰᠤᠷᠲᠠᠯ ᠢᠶᠠᠷ ᠬᠢᠯᠢ ᠶᠢᠨ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ | ᠭᠠᠳᠠᠭᠠᠳᠤ ᠠᠷᠠᠯᠵᠢᠶᠠᠨ ᠤ ᠲᠣᠭᠲᠠᠭᠤᠨ ᠪᠠᠶᠢᠳᠠᠯ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ | ᠥᠪᠥᠷ ᠮᠣᠩᠭᠤᠯ ᠤᠨ ᠮᠦᠽᠧᠶ ᠨᠣᠮ ᠤᠩᠰᠢᠬᠤ ᠠᠩᠭᠢ᠂ ᠪᠣᠯᠪᠠᠰᠤᠷᠠᠯ ᠲᠠᠶᠢᠯᠤᠮᠵᠢ ᠬᠢᠬᠦ ᠶᠢ ᠵᠤᠬᠢᠶᠠᠨ | ᠪᠠᠶᠢᠭᠤᠯᠤᠨ ᠦᠷᠨᠢᠭᠦᠯᠵᠦ᠂ ᠱᠦᠵᠢ ᠨᠠᠮ ᠤᠨ ᠬᠢᠴᠢᠶᠡᠯ ᠣᠷᠣᠵᠤ᠂ ᠪᠥᠬᠦ ᠮᠦᠽᠧᠶ ᠶᠢᠨ ᠨᠠᠮ ᠤᠨ ᠭᠡᠰᠢᠭᠦᠨ | ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ | ᠰᠠᠬᠢᠯᠭ᠎ᠠ ᠪᠠᠲᠤ ᠶᠢ ᠰᠠᠬᠢᠬᠤ ᠶᠢ ᠠᠬᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠲᠣᠳᠣᠷᠠᠭᠤᠯᠬᠤ᠂ ᠪᠣᠳᠠᠲᠠᠶ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠭᠦᠨᠴᠡ ᠪᠠ ᠥᠷᠭᠡᠴᠡ ᠶᠢ ᠦᠷᠭᠦᠯᠵᠢᠯᠡᠨ ᠥᠷᠭᠡᠳᠭᠡᠪᠡ᠃ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ᠂ ᠰᠡᠷᠡᠮᠵᠢᠯᠡᠭᠦᠯᠬᠦ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠦᠨ᠂ ᠬᠡᠷᠡᠭ ᠢᠶᠠᠷ ᠶᠣᠰᠣ ᠶᠠᠷᠢᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ | ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠲᠤᠳᠤᠷᠬᠠᠶᠢᠯᠠᠬᠤ ᠶᠢ ᠭᠦᠨᠵᠡᠭᠡᠶᠢᠷᠡᠭᠦᠯᠵᠦ᠂ ︽ | ᠳᠡᠷᠭᠡᠳᠡᠬᠢ ᠶᠠᠪᠤᠳᠠᠯ︾ ᠢᠶᠠᠷ ︽ᠳᠡᠷᠭᠡᠳᠡᠬᠢ ᠬᠥᠮᠦᠨ︾ ᠢ ᠰᠡᠷᠡᠮᠵᠢᠯᠡᠭᠦᠯᠵᠦ᠂ ︽ᠠᠳᠠᠯᠢ ᠲᠦᠷᠦᠯ ᠤᠨ ᠶᠠᠪᠤᠳᠠᠯ︾ | ᠢᠶᠠᠷ ︽ᠠᠳᠠᠯᠢ ᠲᠦᠷᠦᠯ ᠤᠨ ᠬᠥᠮᠦᠨ︾ ᠢ ᠰᠡᠷᠡᠮᠵᠢᠯᠡᠭᠦᠯᠵᠦ᠂ ︽ᠬᠡᠷᠡᠭ ᠤᠨ ᠳᠤᠮᠳᠠᠬᠢ ᠬᠥᠮᠦᠨ︾ ᠢᠶᠠᠷ ︽ᠬᠡᠢ | ᠬᠦᠰᠡᠯ ᠡᠪᠦᠷᠯᠡᠵᠤ ᠪᠠᠶᠢᠭ᠎ᠠ ᠬᠦᠮᠦᠨ︾ ᠢ ᠰᠤᠷᠭᠠᠨ ᠰᠡᠷᠡᠮᠵᠢᠯᠡᠭᠦᠯᠵᠦ᠂ ᠪᠥᠬᠦ ᠮᠦᠽᠧᠶ ᠶᠢᠨ ᠨᠠᠮ ᠤᠨ ᠭᠡᠰᠢᠭᠦᠨ | ᠺᠠᠳ᠋ᠷ ᠤᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠢ ᠵᠢᠷᠤᠮᠯᠠᠨ ᠰᠠᠬᠢᠬᠤ᠂ ᠬᠤᠷᠢᠭ᠎ᠠ ᠱᠤᠭᠤᠮ ᠤᠨ ᠰᠡᠷᠭᠡᠶᠢᠯᠡᠯᠲᠡ ᠶᠢᠨ ᠱᠤᠭᠤᠮ ᠢ ᠬᠢᠴᠢᠶᠡᠩᠭᠦᠢ | ᠪᠣᠯᠭᠤᠮᠵᠢᠲᠠᠢ ᠪᠠᠲᠤ ᠪᠠᠬᠢ ᠪᠣᠯᠭᠠᠬᠤ ᠶᠢ ᠬᠦᠮᠦᠵᠢᠭᠦᠯᠵᠦ ᠵᠢᠯᠣᠭᠤᠳᠪᠠ᠃ | ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ | ᠲᠦᠷᠢᠮ︾ ᠭᠡᠵᠦ ᠲᠣᠪᠴᠢᠯᠠᠨ᠎ᠠ︶ ᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠪᠠ᠃ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠳᠡ ᠶᠢᠨ ᠲᠡᠶᠢᠯᠠᠯᠳᠤᠭᠠᠨ ᠤ | ᠢᠯᠠᠯᠲᠠ ᠶᠢ ᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ 42 ᠠᠰᠠᠭᠤᠳᠠᠯ ᠤᠨ | ᠰᠦᠪᠡᠭᠴᠢ ᠶᠢ ᠢᠯᠡᠷᠡᠭᠦᠯᠦᠨ ᠪᠠᠶᠢᠴᠠᠭᠠᠨ ᠰᠢᠢᠳᠪᠦᠷᠢᠯᠡᠵᠦ᠂ 5 ᠬᠡᠷᠡᠭ 6 ᠬᠥᠮᠦᠨ ᠢ ᠬᠡᠷᠡᠭ ᠪᠣᠯᠭᠠᠨ ᠳᠡᠩᠰᠡᠯᠡᠪᠡ᠃ | ᠡᠭᠦᠨ ᠤ ᠬᠠᠮᠲᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ | ᠡᠰᠡᠷᠭᠦ ᠲᠠᠯ᠎ᠠ ᠶᠢᠨ 14 ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠠᠳᠠᠯᠢ ᠪᠤᠰᠤ ᠬᠦᠮᠦᠰ ᠤᠨ ᠣᠨᠴᠠᠯᠢᠭ ᠢ | ᠦᠨᠳᠦᠰᠦᠯᠡᠨ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠠᠵᠢᠯ ᠢ ᠲᠥᠷᠥᠯ ᠬᠤᠪᠢᠶᠠᠨ ᠥᠷᠨᠢᠭᠦᠯᠵᠦ᠂ ︽ | ᠳᠡᠷᠭᠡᠳᠡᠬᠢ ᠶᠠᠪᠤᠳᠠᠯ︾ ᠢᠶᠠᠷ ︽ᠳᠡᠷᠭᠡᠳᠡᠬᠢ ᠬᠥᠮᠦᠨ︾ ᠢ ᠰᠡᠷᠡᠮᠵᠢᠯᠡᠭᠦᠯᠪᠡ᠃ |