ᠬᠤᠶᠠᠷᠬᠤᠳᠳᠤᠭ ᠤᠨ ᠬᠦᠳᠡᠭᠡ ᠶᠢᠨ ᠳᠠᠷᠢᠶᠠᠴᠢᠨ ᠲᠠᠷᠢᠶᠠᠨ ᠭᠠᠵᠠᠷ ᠢᠶᠠᠨ ᠠᠷᠠᠴᠢᠯᠠᠨ ᠳᠤᠳᠤᠮᠳᠠᠵᠦ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2024/6/14
    ᠤᠶᠢᠷ᠎ᠠ ᠳᠤ ᠰᠤᠷᠪᠤᠯᠵᠢᠯᠠᠭᠴᠢ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠠ ᠦᠵᠡᠬᠦᠯᠬᠦ ᠤᠷᠤᠨ ᠳᠤ ᠤᠴᠢᠬᠤ ᠳᠤ᠂ ᠳᠠᠷᠢᠶᠠᠨ ᠭᠠᠵᠠᠷ ᠲᠤ ᠡᠷᠳᠡᠨᠢ ᠰᠢᠰᠢ ᠴᠡᠯ ᠨᠤᠭᠤᠭᠠᠷᠠᠨ ᠢᠳᠡᠷᠡᠬᠦᠨ ᠤᠷᠭᠤᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠵᠢᠷᠭᠠᠯᠰᠠᠶᠢᠬᠠᠨ ᠪᠠᠯᠭᠠᠰᠤᠨ ᠤ ᠲᠠᠷᠢᠶᠠᠳᠦ ᠭᠠᠴᠠᠭ᠎ᠠ ᠶᠢᠨ ᠬᠠᠨ ᠵᠢᠶᠦ᠋ᠨ ᠴᠢᠶᠠᠩ ᠤᠨ ᠬᠢᠨ ᠲᠠᠷᠢᠶᠠᠨ ᠭᠠᠵᠠᠷ ᠲᠠᠭᠠᠨ ᠲᠠᠷᠢᠶᠠᠯᠠᠩ ᠤᠨ ᠮᠠᠰᠢᠨ ᠢ ᠠᠵᠢᠯᠯᠠᠭᠤᠯᠤᠨ᠂ ᠡᠪᠡᠰᠦ ᠴᠡᠪᠡᠷᠯᠡᠵᠦ ᠶᠠᠭᠠᠷᠠᠨ᠎ᠠ᠃ ᠳᠡᠷᠡ᠄ ︽ᠪᠢ ᠡᠨᠡ ᠵᠢᠯ 200 ᠮᠦ ᠡᠷᠳᠡᠨᠢ ᠰᠢᠰᠢ ᠳᠠᠷᠢᠵᠠᠢ ᠂ ᠣᠳᠣᠬᠠᠨ ᠳᠤ ᠴᠢᠬᠢᠯᠡᠭᠰᠡᠨ ᠨᠣᠷᠮ᠎ᠠ ᠨᠢ 90% ᠳᠤ ᠬᠦᠷᠴᠡᠢ᠃ ᠪᠢ ᠦᠷᠬᠦᠯᠵᠢᠯᠡᠨ ᠬᠠᠮᠢᠶᠠᠷᠤᠯᠲᠠ ᠪᠠᠨ ᠴᠢᠩᠭᠠᠳᠬᠠᠵᠤ᠂ ᠡᠷᠳᠡᠨᠢ ᠰᠢᠰᠢ ᠶᠢᠨ ᠤᠷᠭᠤᠯᠲᠠ ᠶᠢᠨ ᠬᠤᠭᠤᠴᠠᠭ᠎ᠠ ᠶᠢ ᠦᠨᠳᠦᠰᠦᠯᠡᠨ᠂ ᠵᠦᠢ ᠵᠣᠬᠢᠰᠲᠠᠢ ᠪᠠᠷ ᠪᠣᠷᠳᠣᠭᠤᠷ ᠤᠷᠤᠭᠤᠯᠤᠨ ᠤᠰᠤᠯᠠᠵᠤ᠂ ᠤᠷᠭᠤᠮᠠᠯ ᠤᠨ ᠥᠰᠦᠯᠲᠡ ᠪᠤᠶᠢᠵᠢᠯᠲᠠ ᠶᠢ ᠪᠠᠳᠤᠯᠠᠨ᠂ ᠡᠨᠡ ᠵᠢᠯ ᠰᠠᠶᠢᠨ ᠬᠤᠷᠢᠶᠠᠯᠲᠠ ᠣᠯᠬᠤ ᠪᠠᠷ ᠴᠢᠷᠮᠠᠶᠢᠵᠦ ᠪᠠᠶᠢᠨ᠎ᠠ︾ ᠭᠡᠵᠦ ᠬᠦᠯᠦᠰᠦ ᠪᠠᠨ ᠠᠷᠴᠢᠬᠤ ᠶᠢᠨ ᠳᠠᠭᠠᠤ ᠶᠠᠷᠢᠨ᠎ᠠ᠃    ᠣᠳᠣᠬᠠᠨ ᠳᠤ᠂ ᠶᠠᠭ ᠡᠯ᠎ᠡ ᠲᠥᠷᠥᠯ ᠤᠨ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠤᠯᠵᠤ᠂ ᠪᠠᠰᠠ ᠴᠤ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ᠂ ᠡᠪᠡᠳᠴᠢᠨ ᠬᠤᠷᠣᠬᠠᠢ ᠶᠢᠨ ᠬᠥᠨᠥᠭᠡᠯ ᠠᠮᠠᠷᠬᠠᠨ ᠡᠭᠦᠰᠭᠦ᠂ ᠣᠯᠠᠨᠲᠠ ᠡᠭᠦᠰᠭᠦ ᠬᠤᠭᠤᠴᠠᠭ᠎ᠠ ᠪᠤᠯᠤᠭᠰᠠᠨ ᠪᠠᠶᠢᠨ᠎ᠠ᠃ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠮᠠᠯ ᠤᠨ ᠴᠢᠬᠢᠯᠡᠬᠦ ᠬᠤᠭᠤᠴᠠᠭᠠᠨ ᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠳᠤᠯᠠᠨ᠂ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠬᠢᠵᠢᠬᠦᠯᠵᠦ ᠪᠠᠶᠢᠨ᠎ᠠ᠃    ᠲᠠᠷᠢᠶᠠᠴᠢᠳ ᠤᠨ ᠲᠠᠷᠢᠶᠠᠨ ᠠᠵᠢᠯ ᠤᠨ ᠬᠠᠮᠢᠶᠠᠷᠤᠯᠲᠠ ᠴᠢᠩᠭᠠᠷᠠᠬᠤ ᠶᠢ ᠳᠠᠭᠠᠯᠳᠤᠨ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠴᠤ ᠪᠣᠷᠤᠯᠠᠭᠤᠯᠭ᠎ᠠ ᠶᠢᠨ ᠬᠥᠭᠵᠢᠯᠲᠡᠢ ᠤᠯᠠᠷᠢᠯ ᠢᠶᠠᠨ ᠤᠭᠲᠤᠨ ᠠᠪᠴᠢᠷᠠᠵᠠᠢ᠃ ᠹᠦ᠋ ᠹᠸᠡᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠨ ᠪᠣᠷᠣᠯᠠᠭᠤᠯᠬᠤ ᠬᠤᠷᠰᠢᠶ᠎ᠠ ᠳᠤ ᠣᠷᠣᠬᠤ ᠳᠤ᠂ ᠡᠯ᠎ᠡ ᠲᠦᠷᠦᠯ ᠤᠨ ᠴᠢᠨᠠᠷ ᠰᠠᠶᠢᠲᠠᠢ ᠲᠠᠷᠢᠶᠠᠯᠠᠩ ᠤᠨ ᠬᠡᠷᠡᠭᠯᠡᠭᠡᠨ ᠤ ᠡᠳ᠋ ᠪᠣᠳᠠᠰ ᠭᠦᠢᠴᠡᠳ ᠬᠠᠷᠠᠭᠳᠠᠵᠦ᠂ ᠲᠠᠷᠢᠶᠠᠴᠢᠨ ᠬᠦᠷᠴᠦ ᠢᠷᠡᠬᠡᠳ ᠬᠡᠷᠡᠭᠴᠡᠭᠡ ᠲᠠᠢ ᠪᠦᠲᠦᠭᠡᠭᠳᠡᠬᠦᠨ ᠢᠶᠠᠨ ᠬᠤᠳᠠᠯᠳᠤᠨ ᠠᠪᠬᠤ ᠪᠤᠶᠤ ᠠᠰᠠᠭᠤᠨ ᠯᠠᠪᠯᠠᠵᠤ ᠪᠠᠶᠢᠯ᠎ᠠ᠃ ︽ᠪᠢᠳᠡ ᠨᠢᠳᠤᠨᠤᠨ ᠤ 11 ᠰᠠᠷ᠎ᠠ ᠠᠴᠠ ᠡᠬᠢᠯᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠤᠷᠤᠭᠤᠯᠤᠨ ᠂ ᠲᠠᠷᠢᠶᠠᠨ ᠡᠮ 10 ᠲᠣᠨ᠂ ᠬᠢᠮᠢ ᠶᠢᠨ ᠪᠣᠷᠳᠣᠭᠤᠷ 400 ᠲᠣᠨ᠂ ᠦᠷ᠎ᠡ 100 ᠲᠣᠨ ᠨᠥᠭᠡᠴᠡᠯᠡᠵᠦ᠂ ᠲᠠᠸᠠᠷ ᠤᠨ ᠬᠠᠩᠭᠠᠯᠭ᠎ᠠ ᠶᠢ ᠪᠠᠳᠤᠯᠠᠨ᠂ ᠲᠠᠷᠢᠶᠠᠴᠢᠳ ᠤᠨ ᠦᠢᠯᠡᠳᠪᠦᠷᠢᠯᠡᠯ ᠤᠨ ᠬᠡᠷᠡᠭᠴᠡᠭᠡ ᠶᠢ ᠴᠢᠳᠠᠬᠤ ᠶᠢᠨ ᠬᠢᠷᠢ ᠪᠠᠷ ᠬᠠᠩᠭᠠᠵᠤ ᠪᠠᠶᠢᠨ᠎ᠠ︾ ᠭᠡᠵᠦ ᠳᠤᠰ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠷᠢᠭᠤᠴᠠᠯᠭᠠᠲᠠᠨ ᠰᠢᠦᠢ ᠵᠢᠦ ᠶᠦᠨ ᠳᠠᠨᠢᠯᠴᠠᠭᠤᠯᠪᠠ᠃    ᠵᠢᠱᠢᠶ᠎ᠡ ᠦᠵᠡᠭᠦᠯᠬᠦ ᠣᠷᠣᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢᠳᠡᠪᠬᠢᠲᠡᠢ ᠬᠦ᠋ᠳᠡᠯᠦᠯᠴᠡᠵᠦ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠯᠠᠩ ᠤᠨ ᠪᠠᠶᠢᠳᠠᠯ ᠤᠨ ᠪᠠᠶᠢᠴᠠᠭᠠᠯᠲᠠ ᠪᠠ ᠮᠡᠷᠭᠡᠵᠢᠯ ᠤᠨ ᠵᠢᠯᠣᠭᠤᠳᠤᠯᠭ᠎ᠠ ᠬᠠᠨᠭ᠍ᠭᠠᠵᠦ᠂ ᠲᠠᠷᠢᠶᠠᠴᠢᠨ ᠤ ᠮᠠᠳᠠᠭ ᠲᠠᠢ ᠠᠰᠠᠭᠤᠳᠠᠯ ᠪᠠ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠪᠠᠶᠢᠯ᠎ᠡ᠃    ᠡᠨᠡ ᠵᠢᠯ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠠᠮᠤ ᠪᠤᠳᠠᠭᠠᠨ ᠤ ᠠᠮᠤᠷ ᠲᠦᠪᠰᠢᠨ ᠢ ᠲᠣᠪᠤᠶᠢᠮ᠎ᠠ ᠪᠠᠶᠢᠷᠢᠨ ᠳᠤ ᠳᠠᠯᠪᠢᠨ᠂ ᠠᠮᠤ ᠪᠤᠳᠠᠭᠠᠨ ᠤ ᠦᠢᠯᠡᠳᠪᠦᠷᠢᠯᠡᠯ ᠢ ᠰᠤᠯᠠᠷᠠᠭᠤᠯᠤᠯ ᠦᠭᠡᠢ ᠠᠳᠬᠤᠵᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠳᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠢᠵᠢ ᠪᠦᠷᠢᠳᠦᠬᠦᠯᠦᠭᠰᠡᠨ ᠰᠠᠭᠤᠷᠢ ᠲᠥᠬᠦᠭᠡᠷᠦᠮᠵᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠡᠶᠢᠳᠡ 8.5 ᠲᠦᠮᠡᠨ ᠮᠦ ᠠᠮᠤ ᠪᠤᠳᠠᠭ᠎ᠠ ᠵᠢᠴᠢ ᠠᠵᠤ ᠠᠬᠤᠢ ᠶᠢᠨ ᠲᠠᠷᠢᠮᠠᠯ ᠢ ᠳᠠᠷᠢᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号