ᠬᠤᠸᠠᠩ ᠶᠠ ᠯᠢ᠂ ᠪᠠᠢ ᠬᠠᠢ ᠯᠢᠨ ᠳᠤᠮᠳᠠᠳᠤ ᠤᠯᠤᠰ ᠤᠨ ᠳᠠᠪᠣᠰᠣ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠶᠣᠣ ᠴᠢᠶᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳᠤᠮᠳᠠᠳᠤ ᠤᠯᠤᠰ ᠤᠨ ᠳᠠᠪᠣᠰᠣ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠶᠣᠣ ᠴᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠠᠪᠣᠰᠣ ᠬᠢᠮᠢ ᠶᠢᠨ ᠠᠵᠤ ᠦᠢᠯᠡᠳᠪᠦᠷᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
1.jpg
     ᠬᠤᠸᠠᠩ ᠶᠠ ᠯᠢ ᠯᠢ ᠶᠣᠣ ᠴᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠳᠠᠪᠣᠰᠣ ᠪᠦᠯᠦᠭᠯᠡᠯ ᠤᠨ ᠬᠢᠨ ᠠᠯᠠᠱᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃ ᠠᠯᠠᠱᠠ ᠶᠢᠨ ᠰᠠᠯᠬᠢ᠂ ᠬᠡᠷᠡᠯ᠂ ᠭᠠᠵᠠᠷ᠂ ᠳᠠᠪᠣᠰᠣ ᠬᠤᠵᠢᠷ ᠵᠡᠷᠭᠡ ᠡᠬᠢ ᠪᠠᠶᠠᠯᠢᠭ ᠡᠯᠪᠡᠭ ᠪᠠᠶᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠵᠤ᠂ ᠪᠥᠬᠦ ᠤᠯᠤᠰ ᠤᠨ ᠳ᠋ᠦᠩᠰᠢᠭᠤᠷ ᠺᠢᠯᠣᠸᠠᠲ ᠤᠨ  ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠪᠠ ᠣᠲᠣ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠰᠠᠭᠤᠷᠢᠨ ᠭᠠᠵᠠᠷ ᠢ ᠪᠠᠶᠢᠭᠤᠯᠵᠤ᠂ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠃ ᠳᠤᠮᠳᠠᠳᠤ ᠤᠯᠤᠰ ᠤᠨ ᠳᠠᠪᠣᠰᠣ ᠪᠦᠯᠦᠭᠯᠡᠯ ᠤᠨ ᠬᠢᠨ ᠠᠯᠠᠱᠠ ᠳᠠᠬᠢ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ ᠴᠡᠪᠡᠷ ᠴᠠᠬᠢᠯᠭᠠᠨ ᠢ ᠨᠠᠷᠢᠨ ᠪᠣᠳᠣᠯᠬᠢᠯᠠᠵᠤ᠂ ᠨᠡᠩ ᠤᠯᠠᠨ ᠲᠡᠷᠢᠭᠦᠨ ᠤ ᠲᠥᠬᠦᠭᠡᠷᠦᠮᠵᠢ ᠶᠢ ᠪᠠᠶᠢᠷᠢᠯᠠᠭᠤᠯᠵᠤ᠂ ᠨᠡᠩ ᠤᠯᠠᠨ ᠰᠢᠯᠢᠳᠡᠭ ᠲᠦᠷᠦᠯ ᠵᠦᠢᠯ ᠢ ᠪᠠᠶᠢᠷᠢᠰᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃
2.jpg
    ᠯᠢ ᠶᠣᠣ ᠴᠢᠶᠠᠩ ᠳᠤᠮᠳᠠᠳᠤ ᠤᠯᠤᠰ ᠤᠨ ᠳᠠᠪᠣᠰᠣ ᠪᠦᠯᠦᠭᠯᠡᠯ ᠤᠨ ᠦᠨᠳᠦᠰᠦᠨ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠲᠠᠨᠢᠯᠴᠠᠭᠤᠯᠵᠤ᠂ ᠠᠯᠠᠱᠠ ᠶᠢᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠳᠡᠭᠡᠳᠦ ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠠᠯᠠᠱᠠ ᠳᠤ ᠳᠡᠯᠡᠬᠡᠶ ᠶᠢᠨ ᠲᠡᠷᠢᠭᠦᠨ ᠤ ᠳᠠᠪᠣᠰᠣ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠢᠷᠮᠠᠶᠢᠨ ᠪᠠᠶᠢᠭᠤᠯᠵᠤ᠂ ᠣᠲᠣ ᠦᠶ᠎ᠡ ᠶᠢᠨ ᠳᠠᠪᠤᠰᠤᠨ ᠤ ᠦᠢᠯᠡᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ ᠭᠡᠪᠡ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号