ᠪᠥᠬᠦ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠣᠵᠦ ᠬᠤᠸᠠᠩ ᠶᠠ ᠯᠢ ᠬᠤᠷᠠᠯ ᠢ ᠡᠷᠬᠢᠯᠡᠭᠰᠡᠨ ᠪᠦᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠦ ᠪᠠᠢ ᠬᠠᠢ ᠯᠢᠨ ᠸᠠᠩ ᠸᠧᠢ ᠳ᠋ᠦᠩ ᠯᠦ ᠯᠢ ᠮᠢᠩ ᠣᠷᠣᠯᠴᠠᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 13 ᠤ ᠡᠳᠦᠷ᠂ ᠪᠥᠬᠦ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃
1.jpg
     ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠪᠦᠦ ᠵᠦ ᠪᠥᠬᠦ ᠠᠶᠢᠮᠠᠭ ᠤᠨ ᠰᠠᠬᠢᠯᠭ᠎ᠠ ᠪᠠᠲᠤ ᠶᠢ ᠬᠢᠨᠠᠨ  ᠪᠠᠶᠢᠴᠠᠭᠠᠭᠰᠠᠨ ᠠᠵᠢᠯ ᠤᠨ ᠪᠠᠶᠢᠳᠠᠯ ᠪᠠ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠣᠳᠣᠷᠢᠳᠣᠯᠭ᠎ᠠ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠵᠠᠶ᠃
2.jpg
     ᠬᠤᠸᠠᠩ ᠶᠠ ᠯᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠲᠣᠭᠤᠷᠢᠨ ᠳᠤ᠂ ︽ᠶᠠᠭᠤᠨ ᠤ ᠣᠴᠢᠷ ᠠᠴᠠ᠂ ᠶᠠᠭᠤ ᠶᠢ ᠰᠤᠷᠤᠯᠴᠠᠬᠤ᠂ ᠬᠡᠷᠬᠢᠨ ᠬᠢᠬᠦ︾ ᠭᠤᠷᠪᠠᠨ ᠲᠠᠯ᠎ᠠ ᠠᠴᠠ ᠣᠯᠠᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠲᠡᠷᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠳᠤ ᠨᠠᠮ ᠢ ᠴᠢᠩᠭ᠎ᠠ ᠵᠠᠰᠠᠬᠤ ᠠᠵᠢᠯ ᠤᠯᠠᠮ ᠠᠴᠠ ᠤᠯᠠᠮ ᠴᠢᠩᠭ᠎ᠠ ᠪᠠᠶᠢᠬᠤ ᠴᠢᠩᠭ᠎ᠠ ᠳᠣᠬᠢᠶ᠎ᠠ ᠶᠢ ᠢᠯᠡᠷᠡᠭᠦᠯᠵᠦ᠂ ᠮᠠᠨ ᠤ ᠨᠠᠮ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠡᠭᠦᠯᠳᠡᠷᠵᠢᠭᠦᠯᠬᠦ ᠢᠯᠡ ᠲᠣᠳᠣ ᠣᠪᠣᠷ ᠢ ᠢᠯᠡᠷᠡᠭᠦᠯᠵᠦ᠂ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠢ ᠢᠯᠡᠷᠡᠭᠦᠯᠪᠡ᠃ ᠪᠥᠬᠦ ᠠᠶᠢᠮᠠᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠦᠷᠴᠡ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠤᠨ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠥᠬᠡᠶ ᠭᠡᠳᠡᠭ ᠢ ᠲᠣᠳᠣᠷᠬᠠᠶ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠢᠯᠡᠷᠡᠭᠦᠯᠬᠦ ᠬᠡᠷᠡᠭᠲᠡᠶ ᠬᠡᠪᠡ᠃     ᠬᠤᠸᠠᠩ ᠶᠠ ᠯᠢ᠂ ᠰᠢᠨ᠎ᠡ ᠪᠠᠷ ᠵᠠᠰᠠᠪᠣᠷᠢ ᠣᠷᠣᠭᠤᠯᠤᠭᠰᠠᠨ ︽ᠲᠦᠷᠢᠮ︾ ᠨᠢ ᠪᠢᠳᠡᠨ ᠳᠤ ︽ᠤᠯᠠᠭᠠᠨ ᠱᠤᠭᠤᠮ︾ ᠵᠢᠷᠤᠵᠤ᠂ ︽ᠬᠤᠷᠢᠭᠠᠳᠣ ᠣᠷᠣᠨ︾ ᠢ ᠲᠣᠳᠣᠷᠬᠠᠶᠢᠯᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠶᠠᠷᠢᠶ᠎ᠠ ᠬᠡᠯᠡᠯᠴᠡᠭᠡ᠂ ᠤᠯᠤᠰ ᠲᠦᠷᠦ ᠶᠢᠨ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠬᠡᠪᠰᠢ ᠵᠢᠷᠤᠮᠯᠠᠬᠤ ᠶᠣᠰᠣ ᠲᠦᠷᠢᠮ ᠢ ᠣᠨᠣᠪᠴᠢᠲᠠᠢ ᠡᠵᠡᠮᠰᠢᠵᠦ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠰᠠᠶᠢᠲᠤᠷ ᠰᠠᠬᠢᠬᠤ ᠬᠡᠷᠡᠭᠲᠡᠢ︔ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠬᠤᠭᠤᠷᠣᠨᠳᠣᠬᠢ ᠵᠢᠴᠢ ᠨᠠᠮ ᠤᠨ ᠭᠡᠰᠢᠭᠦᠨ ᠪᠠ ᠨᠠᠮ ᠤᠨ ᠭᠡᠰᠢᠭᠦᠨ ᠤ ᠬᠤᠭᠤᠷᠣᠨᠳᠣᠬᠢ ᠬᠠᠷᠢᠴᠠᠭ᠎ᠠ ᠶᠢ ᠵᠢᠷᠤᠮᠵᠢᠭᠤᠯᠤᠨ ᠰᠢᠢᠳᠪᠦᠷᠢᠯᠡᠬᠦ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠣᠨᠣᠪᠴᠢᠲᠠᠢ ᠡᠵᠡᠮᠰᠢᠵᠦ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠰᠠᠶᠢᠲᠤᠷ ᠰᠠᠬᠢᠬᠤ ᠬᠡᠷᠡᠭᠲᠡᠢ ︔  ᠨᠠᠮ ᠤᠨ ᠭᠡᠰᠢᠭᠦᠨ᠂ ᠺᠠᠳ᠋ᠷᠴᠤᠳ ᠤᠨ ᠠᠷᠢᠭᠤᠨ ᠴᠢᠭᠡᠴᠢ ᠪᠠᠷ ᠡᠷᠬᠡ ᠪᠠᠨ ᠬᠡᠷᠡᠭᠯᠡᠬᠦ ᠠᠵᠢᠯᠯᠠᠭ᠎ᠠ ᠶᠢᠨ ᠪᠠᠷᠢᠮᠵᠢᠶ᠎ᠠ ᠶᠢ ᠣᠨᠤᠪᠴᠢᠲᠠᠢ ᠡᠵᠡᠮᠰᠢᠵᠦ᠂ ᠠᠷᠢᠭᠤᠨ ᠴᠢᠭᠡᠴᠢ ᠶᠢᠨ ᠰᠠᠬᠢᠯᠭ᠎ᠠ ᠪᠠᠲᠤ ᠶᠢ ᠰᠠᠶᠢᠲᠤᠷ ᠰᠠᠬᠢᠬᠤ ᠬᠡᠷᠡᠭᠲᠡᠢ︔ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠰᠢᠢᠳᠪᠦᠷᠢᠯᠡᠬᠦ ᠦᠶ᠎ᠡ ᠳᠤ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠣᠨᠣᠪᠴᠢᠲᠠᠢ ᠡᠵᠡᠮᠰᠢᠵᠦ᠂ ᠤᠯᠠᠨ ᠲᠦᠮᠡᠨ ᠤ ᠰᠠᠬᠢᠯᠭ᠎ᠠ ᠪᠠᠲᠤ ᠶᠢ ᠰᠠᠶᠢᠲᠤᠷ ᠰᠠᠬᠢᠬᠤ ᠬᠡᠷᠡᠭᠲᠡᠢ︔ ᠨᠠᠮ ᠤᠨ ᠡᠯ᠎ᠡ ᠵᠦᠢᠯ ᠤᠨ ᠪᠣᠳᠠᠲᠠᠶ ᠠᠵᠢᠯ ᠤᠨ ᠳᠤᠮᠳᠠᠬᠢ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ ᠶᠢᠨ ᠵᠢᠷᠤᠮᠵᠢᠯ ᠢ ᠣᠨᠣᠪᠴᠢᠲᠠᠶ ᠡᠵᠡᠮᠰᠢᠵᠦ᠂ ᠠᠵᠢᠯ ᠤᠨ ᠰᠠᠬᠢᠯᠭ᠎ᠠ ᠪᠠᠲᠤ ᠶᠢ ᠰᠠᠶᠢᠲᠤᠷ ᠰᠠᠬᠢᠬᠤ ᠬᠡᠷᠡᠭᠲᠡᠶ︔ ᠡᠳᠦᠷ ᠲᠤᠳᠤᠮ ᠤᠨ ᠠᠮᠢᠳᠤᠷᠠᠯ ᠪᠠ ᠨᠡᠶᠢᠭᠡᠮ ᠤᠨ ᠶᠠᠪᠤᠯᠴᠠᠭ᠎ᠠ ᠶᠢᠨ ᠳᠤᠮᠳᠠ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠣᠨᠣᠪᠴᠢᠲᠠᠢ ᠡᠵᠡᠮᠰᠢᠵᠦ᠂ ᠠᠮᠢᠳᠤᠷᠠᠯ ᠤᠨ ᠰᠠᠬᠢᠯᠭ᠎ᠠ ᠪᠠᠲᠤ ᠶᠢ ᠰᠠᠶᠢᠲᠤᠷ ᠰᠠᠬᠢᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠪᠡ᠃    ᠬᠤᠸᠠᠩ ᠶᠠ ᠯᠢ᠂ ᠪᠦᠬᠦ ᠨᠠᠮ ᠤᠨ ᠭᠡᠰᠢᠭᠦᠨ ᠢᠯᠠᠩᠭᠤᠶ᠎ᠠ ᠤᠳᠤᠷᠢᠳᠬᠤ ᠺᠠᠳ᠋ᠷ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠨᠡᠩ ᠥᠨᠳᠥᠷ ᠪᠠᠷᠢᠮᠵᠢᠶ᠎ᠠ ᠶᠢ ᠪᠤᠢ ᠪᠣᠯᠭᠠᠵᠤ᠂ ᠨᠡᠩ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠳᠬᠢᠯ ᠲᠠᠯᠪᠢᠨ ᠰᠠᠬᠢᠯᠭ᠎ᠠ ᠪᠠᠲᠤ ᠶᠢ ᠰᠤᠷᠤᠯᠴᠠᠬᠤ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠢ ᠰᠠᠬᠢᠬᠤ ᠳᠤᠮᠳᠠ ᠥᠪᠡᠷ ᠢ ᠪᠠᠨ ᠰᠡᠷᠡᠮᠵᠢᠯᠡᠭᠦᠯᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠥᠪᠡᠷ ᠢ ᠪᠠᠨ ᠲᠤᠩᠭᠠᠵᠤ᠂ ᠣᠯᠣᠰ ᠳᠦᠷᠦ ᠶᠢᠨ ᠮᠣᠷᠠᠯ ᠰᠣᠷᠳᠠᠯ ᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠢ ᠬᠢᠴᠢᠶᠡᠩᠭᠦ᠋ᠢᠯᠡᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠲᠦᠮᠡᠨ ᠤ ᠠᠰᠢᠭ ᠲᠤᠰᠠ ᠶᠢ ᠰᠡᠳᠬᠢᠯ ᠳᠡᠭᠡᠨ ᠪᠤᠳᠤᠵᠤ᠂ ᠠᠵᠢᠯ ᠨᠢᠭᠡᠪᠦᠷᠢ ᠳᠤ ᠬᠠᠷᠢᠭᠤᠴᠠᠯᠭ᠎ᠠ ᠡᠭᠦᠷᠭᠡᠯᠡᠵᠦ᠂ ᠲᠦᠷᠦ ᠶᠢᠨ ᠪᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠰᠤᠳᠤᠯᠵᠤ᠂ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠴᠢᠩᠭ᠎ᠠ ᠰᠠᠬᠢᠯᠭ᠎ᠠ ᠪᠠᠲᠤ᠂ ᠰᠢᠯᠢᠳᠡᠭ ᠰᠤᠷᠲᠠᠯ ᠪᠣᠯᠤᠨ ᠬᠠᠷᠢᠭᠤᠴᠠᠯᠭ᠎ᠠ ᠡᠭᠦᠷᠭᠡᠯᠡᠬᠦ ᠡᠷᠴᠢ ᠵᠣᠷᠢᠭ ᠢᠶᠠᠷ ᠠᠯᠠᠱᠠ ᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠪᠡ᠃    ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠰᠠᠬᠢᠯᠭ᠎ᠠ ᠪᠠᠲᠤ ᠶᠢ ᠵᠦᠷᠢᠴᠡᠭᠰᠡᠨ ᠤ ᠦᠷ᠎ᠡ ᠳᠠᠭᠠᠪᠣᠷᠢ︾ ᠶᠢ ᠦᠵᠡᠪᠡ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ  ᠳᠤ ᠬᠤᠪᠢᠶᠠᠷᠢ ᠲᠠᠯᠠᠪᠠᠢ ᠲᠤᠬᠢᠷᠠᠭᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号