ᠰᠦᠨ ᠱᠤᠤ ᠴᠧᠩ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/14
    6 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠰᠦᠨ ᠱᠤᠤ ᠴᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠢᠯᠴᠠᠬᠤ ᠴᠡᠭ ᠪᠣᠯᠬᠤ ᠳᠥᠷᠪᠡᠳ ᠬᠤᠰᠢᠭᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠳᠤ ᠨᠥᠬᠦᠪᠥᠷᠢ ᠪᠠᠭᠤᠯᠭᠠᠵᠤ ᠪᠠᠶᠢᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃    ᠰᠦᠨ ᠱᠤᠤ ᠴᠧᠩ ᠲᠥᠮᠥᠰᠥ ᠲᠠᠷᠢᠬᠤ ᠤᠷᠤᠨ ᠪᠠ ᠮᠢᠬᠠᠨ ᠤ ᠬᠤᠨᠢ ᠦᠷᠡᠵᠢᠭᠦᠯᠦᠨ ᠪᠤᠶᠢᠵᠢᠭᠤᠯᠬᠤ ᠲᠣᠭᠤᠷᠢᠭ ᠲᠤ ᠭᠦᠨᠵᠡᠭᠡᠶᠢᠷᠡᠵᠦ᠂ ᠲᠥᠮᠥᠰᠥ ᠶᠢᠨ ᠤᠷᠭᠤᠴᠠ ᠪᠠ ᠮᠢᠬᠠᠨ ᠤ ᠬᠤᠨᠢ ᠶᠢ ᠬᠠᠰᠢᠶᠠᠯᠠᠨ ᠲᠡᠵᠢᠭᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠷᠢᠶᠠᠴᠢᠨ ᠡᠷᠦᠬᠡ ᠪᠠ ᠲᠡᠵᠢᠭᠡᠨ ᠦᠷᠡᠵᠢᠭᠦᠯᠬᠦ ᠡᠷᠦᠬᠡ ᠶᠢᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠡᠳᠡᠨ ᠲᠠᠢ ᠬᠠᠮᠲᠤ ᠣᠷᠣᠭᠤᠯᠤᠯᠲᠠ ᠭᠠᠷᠭᠠᠯᠳᠠ ᠶᠢᠨ ᠲᠠᠩᠰᠠ ᠶᠢ ᠪᠤᠳᠤᠵᠠᠢ᠃ ᠲᠡᠷᠡ᠂ ᠭᠠᠵᠠᠷ ᠰᠢᠷᠣᠢ ᠶᠢ ᠡᠵᠡᠩᠨᠡᠬᠦ ᠠᠵᠢᠯ ᠢ ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠦᠬᠦᠭᠡᠷᠤᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠠ ᠬᠠᠰᠢᠶᠠᠨ ᠤ ᠠᠵᠤ ᠠᠬᠤᠢ ᠵᠡᠷᠭᠡ ᠤᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠶᠡᠭᠡ ᠲᠠᠪᠴᠠᠩ ᠢ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠠᠢ᠃    ᠰᠦᠨ ᠱᠤᠤ ᠴᠧᠩ ᠮᠠᠯᠵᠢᠬᠤ ᠲᠠᠷᠢᠶᠠᠯᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠪᠠᠭᠤᠯᠭᠠᠵᠤ ᠪᠠᠶᠢᠬᠤ ᠪᠠᠶᠢᠳᠠᠯ ᠪᠣᠯᠤᠨ ᠬᠡᠷᠡᠭᠯᠡᠭᠰᠡᠨ ᠦᠷ᠎ᠡ ᠪᠦᠲᠦᠮᠵᠢ ᠶᠢ ᠮᠠᠰᠢ ᠠᠩᠬᠠᠷᠴᠤ᠂ ᠬᠦᠷᠦᠭᠰᠡᠨ ᠭᠠᠵᠠᠷ ᠪᠣᠯᠭᠠᠨ ᠳᠤ ᠲᠤᠬᠠᠢ ᠶᠢᠨ ᠭᠠᠵᠠᠷ ᠤᠨ ᠺᠠᠳ᠋ᠷ ᠪᠣᠯᠤᠨ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠯ ᠪᠦᠷᠢ ᠬᠡᠳᠦᠶ ᠨᠥᠬᠦᠪᠥᠷᠢ ᠪᠠᠭᠤᠯᠭᠠᠵᠤ ᠪᠠᠶᠢᠬᠤ᠂ ᠶᠠᠮᠠᠷ ᠲᠥᠷᠥᠯ ᠵᠦᠢᠯ᠂ ᠬᠡᠵᠢᠶ᠎ᠡ ᠪᠠᠭᠤᠯᠭᠠᠬᠤ᠂ ᠠᠯᠢ ᠪᠠᠩᠬᠢ ᠪᠠᠷ ᠳᠠᠮᠵᠢᠨ ᠪᠠᠭᠤᠯᠭᠠᠬᠤ᠂ ᠬᠡᠷᠬᠢᠨ ᠰᠠᠨᠠᠭᠤᠯᠵᠤ ᠮᠡᠳᠡᠭᠳᠡᠬᠦ ᠵᠡᠷᠭᠡ ᠭᠤᠭᠴᠤᠭ᠎ᠠ ᠪᠦᠷᠢ ᠶᠢ ᠲᠡᠷᠡ ᠪᠦᠷ ᠮᠠᠰᠢ ᠨᠠᠷᠢᠯᠢᠭ ᠠᠰᠠᠭᠤᠪᠠ᠃ 12 ᠤᠨ ᠦᠳᠡ ᠶᠢᠨ ᠡᠮᠦᠨ᠎ᠡ᠂ ᠰᠦᠨ ᠱᠤᠤ ᠴᠤᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭᠠᠨᠴᠠᠪ ᠬᠤᠳᠠ ᠵᠢᠴᠢ ᠳᠥᠷᠪᠡᠳ ᠬᠤᠰᠢᠭᠤᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠢᠩᠭᠠᠨ ᠠᠶᠢᠮᠠᠭ ᠤᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠲᠦᠷᠦ ᠶᠢᠨ ᠪᠤᠳᠤᠯᠭ᠎ᠠ ᠶᠣᠰᠣᠭᠠᠷ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠪᠣᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠶᠡᠭᠡ ᠶᠠᠪᠤᠳᠠᠯ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠥᠬᠦᠪᠥᠷᠢ ᠶᠢᠨ ᠪᠡᠯᠡ ᠮᠥᠩᠭᠦ ᠪᠠᠭᠤᠯᠭᠠᠬᠤ ᠠᠵᠢᠯ ᠢ ᠰᠢᠯᠢᠳᠡᠭᠵᠢᠭᠦᠯᠬᠦ ᠶᠢ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠪᠣᠯᠭᠠᠨ ᠠᠳᠬᠤᠵᠤ᠂ ᠪᠠᠭᠤᠯᠭᠠᠬᠤ ᠶᠢ ᠵᠣᠬᠢᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ ᠪᠠᠷ ᠳᠠᠮᠵᠢᠨ ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠤᠯᠠᠨ ᠲᠦᠮᠡᠨ ᠳᠤ ᠨᠠᠮ ᠤᠨ ᠬᠠᠯᠠᠮᠵᠢᠯᠠᠯ ᠪᠠ ᠬᠠᠶᠢᠷ᠎ᠠ ᠶᠢ ᠨᠡᠩ ᠭᠦᠨᠵᠡᠭᠡᠢ ᠮᠡᠳᠡᠷᠡᠭᠦᠯᠬᠦ ᠬᠡᠷᠡᠭᠲᠡᠢ᠃ ᠨᠥᠬᠦᠪᠥᠷᠢ ᠶᠢᠨ ᠲᠥᠷᠥᠯ ᠵᠦᠢᠯ ᠢ ᠵᠢᠷᠤᠮᠵᠢᠭᠤᠯᠤᠨ ᠨᠡᠶᠢᠳᠭᠡᠵᠤ᠂ ᠨᠡᠶᠢᠯᠡᠭᠦᠯᠵᠦ ᠪᠣᠯᠬᠤ ᠶᠢ ᠨᠢ ᠨᠡᠶᠢᠯᠡᠭᠦᠯᠵᠦ᠂ ᠴᠣᠮᠬᠠᠳᠬᠠᠵᠤ ᠪᠣᠯᠬᠤ ᠶᠢ ᠨᠢ ᠴᠣᠮᠬᠠᠳᠬᠠᠬᠤ ᠬᠡᠷᠡᠭᠲᠡᠶ᠃ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯ ᠶᠠᠪᠤᠳᠠᠯ ᠬᠢᠵᠤ᠂ ᠢᠯᠡ ᠳᠤᠳᠤ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃ ᠪᠣᠳᠠᠲᠠᠶ ᠶᠢ ᠡᠷᠬᠢᠮᠯᠡᠭᠰᠡᠨ ᠲᠤᠰᠠᠲᠠᠶ ᠪᠠᠶᠢᠬᠤ ᠵᠠᠷᠴᠢᠮ ᠶᠣᠰᠣᠭᠠᠷ ᠨᠥᠬᠦᠪᠥᠷᠢ ᠪᠠᠭᠤᠯᠭᠠᠬᠤ ᠴᠠᠭ ᠬᠤᠭᠤᠴᠠᠭ᠎ᠠ ᠪᠣᠯᠤᠨ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠣᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ᠂ ᠬᠠᠮᠤᠭ ᠤᠨ ᠬᠡᠷᠡᠭᠴᠡᠭᠡ ᠲᠠᠢ ᠴᠠᠭ ᠲᠤ ᠪᠠᠭᠤᠯᠭᠠᠬᠤ ᠶᠢ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠠᠷᠭ᠎ᠠ ᠮᠠᠶ᠋ᠢᠭ ᠪᠠ ᠠᠭᠤᠯᠭ᠎ᠠ ᠶᠢ ᠰᠢᠯᠢᠳᠡᠭᠵᠢᠭᠦᠯᠵᠦ᠂ ᠤᠯᠠᠨ ᠲᠦᠮᠡᠨ ᠳᠤ ᠨᠥᠬᠦᠪᠥᠷᠢ ᠶᠢᠨ ᠪᠡᠯᠡ ᠮᠥᠩᠭᠦ ᠪᠠᠭᠤᠯᠭᠠᠬᠤ ᠠᠩᠬᠠᠨ ᠤ ᠵᠣᠷᠢᠯᠲᠠ ᠪᠠ ᠦᠨᠳᠦᠰᠦᠯᠡᠯ ᠢ ᠲᠣᠳᠣᠷᠬᠠᠢ ᠶᠠᠷᠢᠵᠤ ᠥᠭᠴᠦ᠂ ᠨᠥᠬᠦᠪᠥᠷᠢ ᠪᠦᠷᠢ ᠶᠢᠨ ᠠᠷᠤ ᠳᠠᠬᠢ ᠬᠠᠷᠠᠭᠠᠯᠵᠠᠭᠰᠠᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠢ ᠶᠠᠷᠢᠵᠤ ᠥᠭᠴᠦ᠂ ᠤᠯᠠᠨ ᠲᠦᠮᠡᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠶᠢ ᠬᠦᠳᠦᠯᠦᠨ ᠵᠢᠯᠣᠭᠤᠳᠴᠤ᠂ ᠨᠡᠩ ᠭᠦᠨ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠣᠯᠭᠠᠬᠤ ᠬᠡᠷᠡᠭᠲᠡᠢ ᠭᠡᠵᠠᠢ᠃    ᠰᠦᠨ ᠱᠤᠤ ᠴᠧᠩ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠪᠣᠯᠬᠤ ᠬᠢᠷᠰᠠᠳᠠᠢ ᠪᠠᠯᠭᠠᠰᠤᠨ ᠤ ᠬᠠᠢ ᠪᠦ ᠽᠢ ᠲᠣᠰᠬᠤᠨ ᠳᠤ ᠬᠦᠷᠴᠦ᠂ ᠶᠠᠪᠠᠭᠠᠨ ᠢᠶᠠᠷ ᠲᠣᠰᠬᠤᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠠᠰᠢᠷᠠᠮ ᠢᠶᠠᠷ ᠲᠠᠷᠢᠶᠠᠴᠢᠨ ᠡᠷᠦᠬᠡ ᠳᠤ ᠤᠷᠤᠵᠤ ᠠᠷᠠᠳ ᠤᠨ ᠪᠠᠶᠢᠳᠠᠯ ᠢ ᠣᠶᠢᠯᠠᠭᠠᠪᠠ᠃ ᠲᠡᠷᠡ᠂ ᠤᠯᠠᠨ ᠲᠦᠮᠡᠨ ᠤ ᠠᠵᠢᠯ ᠢ ᠬᠢᠵᠦ᠂ ᠤᠯᠠᠨ ᠲᠦᠮᠡᠨ ᠳᠤ ᠦᠢᠯᠡᠴᠢᠯᠡᠬᠦ ᠳᠤ᠂ ᠤᠯᠠᠨ ᠲᠦᠮᠡᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠶᠠᠭᠤ ᠬᠢᠯᠭᠡᠬᠦ ᠶᠢ ᠬᠠᠮᠤᠭ ᠠᠴᠠ ᠢᠯᠡᠭᠦᠦ ᠬᠦᠰᠡᠵᠤ ᠪᠠᠶᠢᠬᠤ ᠶᠢ ᠵᠠᠪᠠᠯ ᠲᠣᠳᠣᠷᠬᠠᠢ ᠣᠶᠢᠯᠠᠭᠠᠵᠤ᠂ ᠤᠯᠠᠨ ᠲᠦᠮᠡᠨ ᠤ ᠪᠣᠳᠠᠲᠠᠢ ᠠᠩᠬᠠᠷᠴᠤ ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠦᠨᠡᠨ ᠪᠣᠳᠠᠲᠠᠢ ᠪᠠᠷ ᠤᠯᠠᠨ ᠲᠦᠮᠡᠨ ᠤ ᠲᠥᠯᠥᠭᠡ ᠠᠵᠢᠯ ᠶᠠᠪᠤᠳᠠᠯ ᠬᠢᠵᠦ᠂ ᠣᠷᠣᠨ ᠪᠠᠶᠢᠷᠢ ᠠᠴᠠ ᠪᠠᠨ ᠰᠠᠯᠵᠤ ᠪᠣᠯᠬᠤ ᠦᠭᠡᠢ ᠮᠥᠷᠲᠡᠭᠡᠨ ᠪᠠᠰᠠ ᠣᠷᠣᠨ ᠪᠠᠶᠢᠷᠢ ᠠᠴᠠ ᠪᠠᠨ ᠳᠠᠪᠠᠵᠤ ᠪᠣᠯᠬᠤ ᠦᠭᠡᠢ᠂ ᠤᠯᠠᠨ ᠲᠦᠮᠡᠨ ᠢ ᠰᠡᠳᠭᠢᠯ ᠬᠠᠨᠤᠮᠵᠢᠲᠠᠢ ᠪᠤᠯᠭᠠᠬᠤ ᠮᠥᠷᠲᠡᠭᠡᠨ ᠪᠠᠰᠠ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠰᠢᠷᠭᠠᠭᠤ ᠬᠥᠳᠡᠯᠮᠦᠷᠢ ᠳᠡᠭᠡᠨ ᠲᠦᠰᠢᠭᠯᠡᠨ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠤᠨ ᠬᠠᠪᠰᠤᠷᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ᠂ ᠳᠡᠭᠡᠷ᠎ᠠ ᠱᠠᠲᠤᠨ ᠠᠴᠠ ᠬᠦᠴᠦᠯᠡᠬᠦ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠠᠴᠠ ᠠᠷᠭ᠎ᠠ ᠪᠤᠳᠤᠬᠤ ᠶᠢ ᠴᠢᠬᠤᠯᠠᠴᠢᠯᠠᠵᠤ᠂ ᠴᠢᠬᠤᠯᠠ ᠦᠭᠡᠢ ᠭᠤᠭᠴᠤᠭ᠎ᠠ ᠶᠢ ᠬᠠᠰᠤᠵᠤ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠢ ᠨᠡᠩ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ ᠭᠡᠪᠡ᠃    ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号