ᠸᠠᠩ ᠯᠢ ᠰᠢᠶᠠ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/14
    6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠠᠶᠢᠮᠠᠭ ᠬᠤᠳᠠ ᠳᠠᠷᠠᠭᠠᠯᠠᠨ ᠦᠨᠡᠯᠡᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠶ᠂ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠲᠥᠪ ᠬᠤᠷᠢᠶ᠎ᠠ ᠳᠤ ᠬᠠᠷᠢᠭᠤᠯᠲᠠ ᠶᠢᠨ ᠬᠠᠭᠤᠳᠠᠰᠤ ᠪᠠᠨ ᠰᠠᠶᠢᠲᠤᠷ ᠲᠤᠰᠢᠶᠠᠵᠤ᠂ ᠲᠠᠩᠰᠠ ᠪᠠᠨ ᠰᠠᠶᠢᠲᠤᠷ ᠲᠤᠰᠢᠶᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠦᠨᠡᠨ ᠬᠦ ᠠᠳᠬᠤᠵᠤ ᠦᠨᠡᠨ ᠬᠦ ᠬᠠᠮᠢᠶᠠᠷᠴᠤ ᠦᠨᠡᠨ ᠬᠦ ᠴᠢᠬᠤᠯᠠᠴᠢᠯᠠᠵᠤ᠂ ᠴᠠᠭ ᠢᠮᠠᠭᠲᠠ ᠰᠡᠳᠭᠢᠯ ᠠᠯᠭᠠᠰᠠᠬᠤ ᠬᠠᠷᠢᠭᠤᠴᠠᠯᠭᠠᠲᠤ ᠰᠡᠳᠭᠢᠯᠭᠡ ᠪᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠠᠳᠬᠤᠵᠤ ᠨᠠᠷᠢᠯᠢᠭ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠡᠵᠡᠮᠳᠡᠵᠦ᠂ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠭᠡᠯᠡᠵᠦ ᠳᠡᠶᠢᠯᠬᠦ ᠶᠢ ᠨᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠲᠣᠬᠢᠷᠠᠭᠤᠯᠤᠯᠲᠠ ᠶᠢ ᠠᠳᠬᠤᠵᠤ᠂ ᠠᠬᠢᠴᠠ ᠶᠢ ᠠᠩᠬᠠᠷᠴᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠪᠣᠳᠠᠲᠠᠶ ᠴᠡᠭ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠷᠭᠦᠯᠵᠢᠯᠡᠨ ᠳᠠᠭᠠᠵᠤ᠂ ᠵᠦᠢᠯ ᠳᠠᠷᠠᠭᠠᠯᠠᠨ ᠳ᠋ᠤᠭᠠᠷ ᠢ ᠬᠠᠰᠤᠬᠤ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠠᠶᠢᠭᠤᠯᠬᠤ ᠶᠢ ᠴᠢᠬᠤᠯᠠᠴᠢᠯᠠᠵᠤ᠂ ᠬᠠᠲᠤᠨ ᠭᠤᠤᠯ ᠤᠨ ᠰᠠᠪᠠ ᠭᠠᠵᠠᠷ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠠᠩᠬᠠᠷᠴᠤ ᠴᠡᠭᠴᠡᠯᠡᠨ ᠰᠠᠶᠢᠵᠢᠷᠠᠭᠤᠯᠬᠤ ᠠᠵᠢᠯ ᠤᠨ ︽ᠡᠷᠬᠢᠨ ᠬᠠᠷᠠᠬᠤ︾ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠠᠰᠠᠭᠤᠳᠠᠯ ᠳᠠᠬᠢᠨ ᠡᠭᠦᠰᠭᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠮᠦᠨ᠎ᠡ ᠹᠷᠣᠨᠲ ᠲᠤ ᠭᠦᠨᠵᠡᠭᠡᠶᠢᠷᠡᠨ ᠡᠯ᠎ᠡ ᠭᠠᠵᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠱᠠᠯᠠᠪᠳᠠᠭᠤᠯᠤᠨ ᠬᠠᠪᠰᠤᠷᠬᠤ ᠶᠢ ᠤᠶᠠᠯᠳᠤᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠢᠯᠣᠭᠤᠳᠤᠮᠵᠢ ᠪᠣᠯᠭᠠᠵᠤ ᠪᠠᠶᠢᠭᠠᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠮᠧᠩ ᠰᠢᠶᠠᠨ ᠳ᠋ᠦᠩ᠂ ᠶᠤᠤ ᠶᠦᠩ ᠪᠥᠸᠧ ᠣᠷᠣᠯᠴᠠᠵᠠᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号