ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠪᠦᠬᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 13 ᠤ ᠡᠳᠦᠷ᠂ ᠪᠦᠬᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠦᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ ᠨᠢᠭᠡ ᠪᠦᠯᠦᠭ ᠠᠬᠠᠮᠠᠳ ᠨᠥᠬᠦᠳ ᠬᠤᠷᠠᠯ ᠳᠤ ᠣᠷᠣᠯᠴᠠᠵᠠᠶ᠃    ᠰᠦᠨ ᠱᠤᠤ ᠴᠧᠩ ᠡᠩ ᠲᠡᠷᠢᠭᠦᠨ ᠳᠤ ᠨᠠᠮ ᠤᠨ ᠲᠥᠪ ᠬᠤᠷᠢᠶ᠎ᠠ ᠶᠢᠨ ︽ᠬᠡᠷᠡᠭ ᠢᠶᠠᠷ ᠶᠣᠰᠣ ᠰᠤᠷᠲᠠᠬᠤᠨ ᠢ ᠶᠠᠷᠢᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠦᠯ ᠬᠥᠮᠦᠵᠢᠯ ᠢ ᠭᠦᠨᠵᠡᠭᠡᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠢ ᠬᠦᠳᠦᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠵᠥ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠴᠢᠬᠤᠯᠠᠴᠢᠯᠠᠭᠰᠠᠨ ᠪᠠᠶᠢᠨ᠎ᠠ᠃ ᠲᠡᠷᠡ᠂ ᠰᠡᠷᠡᠮᠵᠢᠯᠡᠭᠦᠯᠦᠯ ᠬᠥᠮᠦᠵᠢᠯ ᠬᠦᠷᠳᠡᠬᠦ ᠶᠢᠨ ᠡᠷᠬᠢᠮ ᠨᠢ ᠲᠠᠷᠢᠬᠢᠨ ᠳᠠᠭᠠᠨ ᠬᠠᠳᠠᠩᠰᠢᠭᠤᠯᠵᠤ ᠰᠡᠳᠭᠢᠯ ᠵᠢᠷᠦᠭᠡᠨ ᠳᠡᠭᠡᠨ ᠬᠠᠳᠠᠩᠰᠢᠭᠤᠯᠬᠤ ᠶᠠᠪᠤᠳᠠᠯ ᠪᠣᠯᠤᠨ᠎ᠠ᠂ ᠲᠤᠬᠠᠢ ᠶᠢᠨ ᠴᠠᠭ ᠲᠤᠨᠢ ᠯᠡ ᠬᠦᠨᠵᠡᠭᠡᠢ ᠲᠦᠷᠦᠭᠳᠡᠯ ᠲᠠᠢ᠂ ᠥᠩᠭᠡᠷᠡᠭᠰᠡᠨ ᠤ ᠳᠠᠷᠠᠭ᠎ᠠ ᠪᠤᠲᠠᠲᠠᠢ ᠠᠵᠢᠯᠯᠠᠭ᠎ᠠ ᠠᠪᠬᠤ ᠦᠭᠡᠢ ᠪᠠᠶᠢᠵᠤ ᠪᠣᠯᠬᠤ ᠦᠭᠡᠢ᠃ ᠵᠠᠰᠠᠭ ᠤᠨ ᠰᠤᠷᠳᠠᠯ ᠤᠨ ᠪᠤᠯᠪᠠᠰᠤᠷᠠᠯ ᠢ ᠰᠠᠶᠢᠳᠤᠷ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ︽ᠶᠡᠭᠡ ᠶᠣᠰᠣ ᠶᠢ ᠮᠡᠳᠡᠬᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ ᠴᠢᠩᠳᠠᠯᠠᠬᠤ︾ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠵᠠᠰᠠᠭ ᠤᠨ ᠰᠤᠷᠳᠠᠯ ᠤᠨ ᠪᠣᠯᠪᠠᠰᠤᠷᠠᠯ ᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ︽ᠶᠡᠷᠦᠩᠬᠡᠶ ᠨᠡᠭᠡᠭᠡᠯᠭᠡ︾ ᠶᠢ ᠴᠥᠬᠦᠷᠡᠰᠢ ᠥᠬᠡᠶ ᠴᠢᠩᠭᠠᠯᠠᠬᠤ ᠬᠡᠷᠡᠭᠲᠡᠶ᠃ ᠰᠠᠬᠢᠯᠭ᠎ᠠ ᠪᠠᠲᠤ ᠶᠢ ᠰᠤᠯᠠᠷᠠᠭᠤᠯᠤᠯ ᠦᠭᠡᠢ ᠴᠢᠩᠭ᠎ᠠ ᠰᠠᠬᠢᠵᠤ᠂ ᠶᠠᠮᠠᠷ ᠶᠠᠪᠤᠳᠠᠯ ᠭᠦᠢᠴᠡᠳᠭᠡᠭᠰᠡᠨ ᠴᠦ᠂ ᠶᠠᠮᠠᠷ ᠬᠥᠮᠦᠨ ᠳᠤ ᠬᠠᠨᠳᠤᠭᠰᠠᠨ ᠴᠤ᠂ ᠬᠡᠵᠢᠶ᠎ᠡ ᠴᠦ ᠭᠡᠰᠡᠨ ᠴᠥᠮ ᠰᠠᠬᠢᠯᠭ᠎ᠠ ᠪᠠᠲᠤ ᠶᠢ ᠪᠢᠰᠢᠷᠡᠨ ᠵᠢᠷᠦᠭᠡᠰᠢᠶᠡᠬᠦ ᠪᠠ ᠪᠠᠲᠤ ᠰᠠᠬᠢᠬᠤ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠦᠨ ᠲᠦᠷᠢᠮ ᠲᠤᠭᠲᠠᠭᠠᠯ ᠠᠴᠠ ᠦᠯᠦ ᠵᠦᠷᠢᠴᠡᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠬᠠᠤᠯᠢ ᠪᠠᠷ ᠵᠠᠰᠠᠬᠤ ᠬᠡᠪᠴᠢᠶᠡᠨ ᠳᠤ ᠤᠬᠠᠮᠰᠠᠷ ᠠᠴᠠ ᠪᠠᠨ ᠠᠰᠠᠭᠤᠳᠠᠯ ᠢ ᠪᠣᠳᠣᠯᠬᠢᠯᠠᠨ᠂ ᠰᠢᠢᠳᠪᠦᠷᠢᠲᠦ ᠪᠤᠳᠤᠯᠭ᠎ᠠ ᠲᠣᠭᠲᠠᠭᠠᠨ᠂ ᠠᠵᠢᠯ ᠢᠶᠠᠨ ᠬᠢᠵᠦ᠂ ᠦᠭᠡ ᠪᠠᠷ ᠬᠠᠤᠯᠢ ᠶᠢ ᠣᠷᠣᠯᠠᠭᠤᠯᠵᠤ᠂ ᠡᠷᠬᠡ ᠪᠠᠷ ᠬᠠᠤᠯᠢ ᠶᠢ ᠳᠠᠷᠤᠵᠤ᠂ ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠵᠤ ᠶᠠᠭᠠᠬᠢᠭᠰᠠᠨ ᠴᠤ ᠪᠣᠯᠬᠤ ᠦᠭᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠴᠠᠯᠠᠭᠠᠶᠢᠳᠠᠬᠤ ᠦᠭᠡᠢ ᠪᠠᠶᠢᠵᠤ᠂ ᠬᠠᠷᠢᠭᠤᠴᠠᠯᠭ᠎ᠠ ᠪᠠᠨ ᠰᠡᠳᠭᠢᠯ ᠳᠡᠭᠡᠨ ᠲᠤᠩᠭᠠᠵᠤ᠂ ᠬᠠᠷᠢᠭᠤᠴᠠᠯᠭ᠎ᠠ ᠪᠠᠨ ᠦᠢᠯᠡ ᠠᠵᠢᠯᠯᠠᠭ᠎ᠠ ᠲᠡᠭᠡᠷ᠎ᠡ ᠪᠠᠨ ᠭᠦᠢᠴᠡᠳᠭᠡᠵᠦ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠢᠯ ᠢᠶᠠᠨ ᠰᠠᠶᠢᠲᠤᠷ ᠬᠢᠵᠦ ᠰᠢᠯᠢᠳᠡᠭ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃    ᠳᠠᠷᠠᠭ᠎ᠠ ᠨᠢ᠂ ᠰᠦᠨ ᠱᠤᠤ ᠴᠧᠩ ︽ᠪᠢᠯᠵᠤᠤᠬᠠᠢ ᠶᠢ ᠲᠤᠶᠠᠴᠢᠬᠤ︾ ᠠᠷᠭ᠎ᠠ ᠪᠠᠷ ᠨᠡᠶᠢᠲᠡᠯᠢᠭ ᠬᠡᠷᠡᠭ ᠤᠨ  ᠵᠢᠱᠢᠶ᠎ᠡ ᠶᠢ ᠭᠦᠨᠵᠡᠭᠡᠢ ᠵᠠᠳᠠᠯᠵᠤ᠂ ᠤᠯᠠᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠲᠡᠷᠡ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠢᠯᠡᠷᠡᠭᠦᠯᠦᠭᠰᠡᠨ ᠠᠰᠠᠭᠤᠳᠠᠯ ᠮᠠᠰᠢ ᠣᠯᠠᠨ ᠪᠠᠶᠢᠨ᠎ᠠ᠃ ᠨᠢᠭᠡ ᠳᠤ᠂ ᠠᠰᠠᠭᠤᠳᠠᠯ ᠢ ᠬᠠᠷᠠᠵᠤ ᠪᠠᠶᠢᠭᠠᠳ ᠬᠠᠶᠢᠬᠤᠷᠬᠤ ᠥᠬᠡᠶ᠂ ᠡᠰᠡᠬᠦᠯ᠎ᠡ ᠠᠰᠠᠭᠤᠳᠠᠯ ᠢ ᠢᠯᠡᠷᠡᠭᠦᠯᠵᠦ ᠳᠡᠶᠢᠯᠬᠦ ᠥᠬᠡᠶ᠂ ᠡᠰᠡᠬᠦᠯ᠎ᠡ ᠮᠡᠳᠡᠭᠰᠡᠨ ᠴᠦ ᠮᠡᠳᠡᠭᠦᠯᠬᠦ ᠥᠬᠡᠶ︔ ᠬᠤᠶᠠᠷ ᠲᠤ᠂ ᠠᠰᠠᠭᠤᠳᠠᠯ ᠢ ᠢᠯᠡᠷᠡᠭᠦᠯᠦᠭᠡᠳ ᠰᠢᠢᠳᠪᠦᠷᠢᠯᠡᠬᠦ ᠦᠭᠡᠢ᠂ ᠴᠡᠭᠴᠡᠯᠡᠨ ᠵᠠᠰᠠᠬᠤ ᠶᠣᠰᠣᠲᠠᠢ ᠶᠢ ᠨᠢ ᠴᠡᠭᠴᠡᠯᠡᠨ ᠵᠠᠰᠠᠬᠤ ᠦᠭᠡᠢ᠂ ᠬᠠᠤᠯᠢ ᠬᠡᠷᠡᠭᠵᠢᠭᠦᠯᠬᠦ ᠶᠣᠰᠣᠲᠠᠢ ᠶᠢ ᠨᠢ ᠬᠠᠤᠯᠢ ᠬᠡᠷᠡᠭᠵᠢᠭᠦᠯᠬᠦ ᠦᠭᠡᠢ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢᠶᠠᠨ ᠴᠤ ᠰᠠᠶᠢᠲᠤᠷ ᠬᠢᠬᠦ ᠦᠭᠡᠢ︔ ᠭᠤᠷᠪᠠ ᠳᠤ᠂ ᠠᠰᠠᠭᠤᠳᠠᠯ ᠢ ᠰᠢᠢᠳᠪᠦᠷᠢᠯᠡᠬᠦ ᠳᠤ ᠬᠦᠴᠢᠷ ᠲᠠᠢ ᠪᠣᠯ ᠤᠳᠠᠭᠠᠰᠢᠷᠠᠭᠤᠯᠵᠤ᠂ ᠠᠷᠭᠠᠯᠠᠵᠤ ᠪᠠᠶᠢᠭᠠᠳ ᠥᠩᠭᠡᠷᠡᠭᠡᠬᠦ ᠶᠢ ᠯᠡ ᠪᠤᠳᠤᠨ᠎ᠠ︔ ᠳᠥᠷᠪᠡ ᠳᠤ᠂ ᠴᠡᠭᠴᠡᠯᠡᠨ ᠰᠠᠶᠢᠵᠢᠷᠠᠭᠤᠯᠬᠤ ᠳᠠᠭᠠᠨ ᠨᠠᠷᠢᠨ ᠬᠢᠨᠠᠮᠠᠭᠠᠶ ᠥᠬᠡᠶ᠂ ᠬᠠᠰᠢ ᠶᠠᠰᠢ ᠪᠠᠷ ᠥᠩᠭᠡᠷᠡᠭᠦᠯᠵᠦ᠂ ᠳᠡᠭᠡᠷ᠎ᠡ ᠱᠠᠲᠤᠨ ᠠᠴᠠ ᠠᠰᠠᠭᠤᠳᠠᠯ ᠢ ᠨᠢᠭᠡᠨᠲᠡ ᠵᠢᠭᠠᠵᠤ ᠭᠠᠷᠭᠠᠭᠰᠠᠨ ᠪᠠᠶᠢᠲᠠᠯ᠎ᠠ ᠪᠠᠰᠠ ᠬᠠᠰᠢ ᠶᠠᠰᠢ ᠪᠠᠷ ᠠᠯᠪᠠ ᠬᠠᠰᠢᠵᠤ᠂ ᠴᠢᠨᠠᠭᠰᠢᠯᠠᠪᠠᠯ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠨ᠎ᠡ︔ ᠲᠠᠪᠤ ᠳᠤ᠂ ᠲᠦᠷᠦ ᠶᠢᠨ ᠪᠤᠳᠤᠯᠭ᠎ᠠ ᠶᠢ ᠰᠤᠳᠤᠯᠬᠤ ᠦᠭᠡᠢ᠂ ᠵᠠᠷᠢᠮ ᠶᠠᠪᠤᠳᠠᠯ ᠢ ᠲᠠᠭ ᠮᠡᠳᠡᠬᠦ ᠦᠭᠡᠢ᠂ ᠵᠠᠷᠢᠮ ᠠᠵᠢᠯ ᠢ ᠠᠯᠠᠩ ᠰᠠᠯᠠᠩ ᠬᠢᠳᠡᠭ︔ ᠵᠢᠷᠭᠤᠭ᠎ᠠ ᠳᠤ᠂ ᠤᠯᠠᠨ ᠲᠦᠮᠡᠨ ᠤ ᠠᠰᠢᠭ ᠲᠤᠰᠠ ᠶᠢ ᠬᠠᠶᠢᠬᠤᠷᠬᠤ ᠦᠭᠡᠢ᠂ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠡᠷᠡᠰ ᠰᠢᠭᠤᠷᠬᠠᠢ ᠪᠢᠰᠢ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠠᠯ᠎ᠠ ᠪᠠᠷ ᠢᠳᠡᠪᠬᠢᠲᠡᠢ ᠪᠢᠰᠢ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠤᠭᠲᠠᠭᠠᠬᠤ᠂ ᠤᠴᠢᠷ ᠶᠠᠪᠤᠳᠠᠯ ᠭᠦᠢᠴᠡᠳᠭᠡᠬᠦ ᠳᠡᠭᠡᠨ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠬᠤ ᠦᠭᠡᠢ︔ ᠲᠤᠯᠤᠭ᠎ᠠ ᠳᠤ᠂ ᠵᠤᠷᠢᠭᠲᠠᠢ ᠪᠠᠷ ᠬᠠᠲᠠᠭᠤ ᠲᠠᠢ ᠨᠢ ᠬᠠᠯᠳᠠᠬᠤ ᠦᠭᠡᠢ᠂ ᠵᠥᠷᠢᠴᠡᠯ ᠵᠢᠭᠤᠷᠠᠯᠳᠤᠭᠠᠨ ᠪᠣᠯᠤᠨ ᠬᠦᠴᠢᠷ ᠠᠰᠠᠭᠤᠳᠠᠯ ᠳᠤ ᠬᠠᠨᠳᠤᠬᠤ ᠳᠠᠭᠠᠨ ᠠᠶᠤᠵᠤ ᠡᠮᠢᠶᠡᠵᠦ ᠴᠢᠨᠠᠭᠰᠢᠯᠠᠪᠠᠯ ᠬᠤᠶᠢᠰᠢ ᠤᠬᠤᠷᠢᠵᠤ᠂ ᠵᠤᠷᠢᠭᠲᠠᠢ ᠲᠡᠮᠡᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ︔ ᠨᠠᠢᠮᠠ ᠳᠤ ᠠᠵᠢᠯ ᠬᠢᠬᠦ ᠳᠡᠭᠡᠨ ᠬᠠᠷᠢᠭᠤᠴᠠᠯᠭ᠎ᠠ ᠦᠭᠡᠢ᠂ ᠨᠠᠷᠢᠨ ᠬᠢᠨᠠᠮᠠᠭᠠᠢ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠪᠣᠭᠤᠮᠲᠠ ᠶᠢ ᠴᠢᠩᠭ᠎ᠠ ᠰᠠᠬᠢᠬᠤ ᠦᠭᠡᠢ᠃ ᠡᠳᠡᠭᠡᠷ ᠠᠰᠠᠭᠤᠳᠠᠯ ᠤᠨ ᠣᠯᠠᠩᠬᠢ ᠨᠢ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠮᠡᠳᠡᠬᠦ ᠦᠭᠡᠢ᠂ ᠰᠠᠬᠢᠯᠭ᠎ᠠ ᠪᠠᠲᠤ ᠠᠴᠠ ᠵᠢᠷᠦᠬᠡᠰᠢᠶᠡᠬᠦ ᠦᠭᠡᠢ᠂ ᠰᠠᠬᠢᠯᠭ᠎ᠠ ᠪᠠᠲᠤ ᠶᠢ ᠰᠠᠬᠢᠬᠤ ᠦᠭᠡᠢ ᠪᠠᠶᠢᠬᠤ ᠲᠠᠢ ᠬᠤᠯᠪᠣᠭ᠎ᠠ ᠲᠠᠢ ᠪᠠᠶᠢᠳᠠᠭ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠡᠮᠵᠢ ᠲᠠᠢ ᠪᠠᠶᠢᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠪᠦᠬᠦ ᠲᠠᠯ᠎ᠠ ᠪᠠᠷ ᠡᠵᠡᠮᠰᠢᠨ᠂ ᠴᠢᠩᠭ᠎ᠠ ᠵᠢᠷᠤᠮᠯᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠬᠤ ᠳᠠᠳᠬᠠᠯ ᠲᠠᠢ ᠪᠣᠯᠬᠤ ᠬᠡᠷᠡᠭᠲᠡᠢ᠃ ᠲᠦᠷᠦᠭᠦᠯᠡᠨ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠥᠪᠥᠷ ᠮᠣᠩᠭᠤᠯ ᠤᠨ ᠡᠬᠢ ᠪᠠᠶᠠᠯᠢᠭ ᠪᠤᠯᠭᠠᠨ ᠢ ᠨᠠᠨᠳᠢᠩᠨᠠᠨ᠂ ᠠᠯᠪᠠᠨ ᠤ ᠵᠠᠷᠤᠳᠠᠯ ᠮᠥᠩᠭᠦ ᠪᠦᠬᠦᠨ ᠢ ᠰᠠᠶᠢᠲᠤᠷ ᠬᠡᠷᠡᠭᠯᠡᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ᠂ ᠡᠯ᠎ᠡ ᠠᠵᠢᠯ ᠲᠥᠷᠥᠯ ᠤᠨ ᠬᠢᠨ ᠤ ᠥᠪᠥᠷ ᠮᠣᠩᠭᠤᠯ ᠤᠨ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠶᠢ ᠬᠥᠲᠥᠯᠥᠨ ᠳᠠᠭᠠᠭᠤᠯᠬᠤ ᠬᠡᠷᠡᠭᠲᠡᠶ᠃ ᠵᠥᠪ ᠪᠤᠷᠤᠭᠤ ᠶᠢᠨ ᠲᠤᠬᠠᠢ ᠦᠵᠡᠯᠲᠡ ᠪᠠᠨ ᠲᠦᠪ ᠪᠤᠯᠭᠠᠵᠤ᠂ ᠢᠴᠢᠩᠭᠦᠷᠡᠬᠦ ᠰᠡᠳᠭᠢᠯᠭᠡ ᠶᠢ ᠪᠠᠶᠢᠩᠭᠤ ᠡᠪᠦᠷᠯᠡᠨ᠂ ᠢᠮᠠᠭᠲᠠ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠢ ᠳᠠᠪᠠᠭ᠋ᠤ ᠦᠭᠡᠢ ᠪᠠᠶᠢᠬᠤ ᠬᠡᠷᠡᠭᠲᠡᠢ᠃ ᠡᠷᠳᠡᠮ ᠴᠢᠳᠠᠪᠤᠷᠢ ᠪᠠᠨ ᠴᠢᠩᠭᠠᠳᠬᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠤᠭᠤᠰᠢᠯᠠᠭᠤᠯᠤᠨ ᠬᠡᠷᠡᠭᠵᠢᠭᠦᠯᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠳᠠᠯᠠᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠭ᠎ᠠ ᠭᠠᠷᠭᠠᠬᠤ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠺᠠᠳ᠋ᠷ ᠤᠨ ᠠᠵᠢᠯ ᠶᠠᠪᠤᠳᠠᠯ ᠭᠦᠢᠴᠡᠳᠭᠡᠭᠦ ᠳᠤ ᠲᠦᠰᠢᠭ ᠲᠤᠯᠭᠠᠭᠤᠷᠢ ᠪᠤᠯᠵᠤ ᠡᠷᠴᠢ ᠵᠣᠷᠢᠭ ᠢ ᠨᠢ ᠬᠥᠪᠴᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠤᠯᠠᠨ ᠢ ᠳᠠᠷᠤᠭᠠᠰᠤ ‍ᠦᠭᠡᠢ ᠪᠠᠷ ᠨᠢᠭᠡ ᠯᠡ ᠰᠡᠳᠭᠢᠯ ᠢᠶᠠᠷ ᠠᠵᠢᠯ ᠢᠶᠠᠨ ᠬᠢᠬᠦ ᠪᠣᠯᠭᠠᠬᠤ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠳ ︽ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠬᠤ ᠬᠡᠷᠡᠭᠲᠡᠶ︾ ᠭᠡᠬᠦ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠬᠠᠮᠳᠤ ᠪᠠᠷ ᠦᠵᠡᠪᠡ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号