ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 28 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠷᠭ᠎ᠠ ᠬᠡᠮᠵᠢᠶ᠎ᠡ ᠶᠢ ᠪᠣᠳᠠᠲᠠᠶ ᠶᠠᠪᠤᠳᠠᠯ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠤᠳᠠᠳᠠᠢ ᠬᠦᠮᠦᠨ ᠳᠤ ᠳᠠᠭᠠᠭᠠᠯᠭᠠᠵᠤ᠂ ᠪᠠᠲᠤᠯᠠᠭ᠎ᠠ ᠶᠢ ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃    ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠣᠯᠤᠨ ᠤᠯᠤᠰ ᠤᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠴᠢᠩᠭ᠎ᠠ ᠠᠴᠠ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠢ ᠨᠢ ︽ᠡᠷᠬᠢᠨ ᠬᠠᠷᠠᠵᠤ︾᠂ ᠪᠡᠶᠡᠯᠡᠭᠦᠯᠵᠦ ᠳᠡᠶᠢᠯᠦᠭᠡᠳᠦᠢ ᠨᠢ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ᠂ ᠶᠠᠭᠠᠬᠢᠭᠰᠠᠨ ᠴᠤ ᠬᠠᠰᠢ ᠶᠠᠰᠢ ᠪᠠᠷ ᠥᠩᠭᠡᠷᠡᠭᠦᠯᠵᠦ ᠪᠣᠯᠬᠤ ᠥᠬᠡᠶ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢ ᠴᠢᠩᠭᠠᠳᠬᠠᠵᠤ᠂ ᠤᠨᠳᠤᠤ ᠭᠠᠵᠠᠷ ᠲᠤ ᠬᠠᠤᠯᠢ ᠬᠡᠷᠡᠭᠵᠢᠭᠦᠯᠬᠦ ᠶᠢ ᠪᠠᠶᠢᠩᠭᠤ ᠥᠷᠨᠢᠭᠦᠯᠵᠦ᠂ ᠠᠵᠢᠯ ᠬᠤᠪᠢᠶᠠᠨ ᠬᠠᠷᠢᠭᠤᠴᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠶ᠃ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠡᠭᠠᠬᠤ ᠰᠣᠷᠢᠯᠲᠠ ᠶᠢ ᠴᠢᠩᠭᠠᠳᠬᠠᠵᠤ ᠂ ᠦᠨᠡᠨ ᠬᠦ ᠪᠣᠯᠪᠠᠰᠤᠷᠠᠵᠤ᠂ ᠦᠨᠡᠨ ᠬᠦ ᠪᠠᠴᠢᠮ ᠪᠠᠶᠢᠳᠠᠯ ᠢ ᠠᠷᠭᠠᠴᠡᠭᠠᠬᠤ ᠶᠢ ᠪᠡᠶᠡᠯᠡᠭᠦᠯᠬᠦ ᠬᠡᠷᠡᠭᠳᠠᠢ᠃ ᠭᠡᠮ ᠰᠤᠭᠤᠭ ᠢ ᠪᠠᠶᠢᠴᠠᠭᠠᠬᠤ ᠠᠵᠢᠯ ᠢ ᠭᠡᠳᠡᠷᠭᠦ ᠪᠠᠶᠢᠴᠠᠭᠠᠬᠤ ᠲᠤᠰᠬᠠᠶ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠭᠡᠮ ᠰᠤᠭᠤᠭ ᠢ ᠢᠯᠡᠷᠡᠭᠦᠯᠵᠤ ᠳᠡᠶᠢᠯᠦᠭᠰᠡᠨ ᠦᠭᠡᠶ᠂ ᠭᠡᠮ ᠰᠤᠭᠤᠭ ᠢ ᠢᠯᠡᠷᠡᠭᠦᠯᠦᠭᠰᠡᠨ ᠪᠠᠶᠢᠲᠠᠯ᠎ᠠ ᠪᠠᠨ ᠮᠡᠳᠡᠭᠦᠯᠦᠭᠰᠡᠨ ᠦᠭᠡᠶ ᠵᠡᠷᠭᠡ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠤ ᠴᠢᠬᠤᠯᠠᠴᠢᠯᠠᠵᠠᠢ᠃    ᠬᠤᠷᠠᠯ ᠠᠴᠠ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠤᠳᠤᠯᠳᠠ ᠶᠢ ᠲᠤᠰᠬᠠᠶ ᠴᠡᠭᠴᠡᠯᠡᠨ ᠰᠠᠶᠢᠵᠢᠷᠠᠭᠤᠯᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠬᠠᠷᠢᠭᠤ ᠲᠤᠰᠬᠠᠭᠰᠠᠨ ᠰᠠᠨᠠᠯ ᠢ ᠴᠢᠩ ᠦᠨᠡᠨᠴᠢ ᠪᠠᠷ ᠭᠥᠯᠢᠶᠡᠨ ᠠᠪᠴᠤ᠂ ᠦᠵᠡᠯ ᠰᠠᠨᠠᠭᠠᠨ ᠤ ᠲᠠᠯ᠎ᠠ ᠠᠴᠠ ᠦᠨᠳᠦᠰᠦ ᠰᠤᠷᠪᠤᠯᠵᠢ ᠶᠢ ᠡᠷᠢᠵᠦ᠂ ᠠᠵᠢᠯ ᠤᠨ ᠲᠠᠯ᠎ᠠ ᠠᠴᠠ ᠵᠥᠷᠢᠶ᠎ᠡ ᠪᠠᠨ ᠡᠷᠢᠵᠦ᠂ ᠨᠠᠷᠢᠨ ᠬᠢᠨᠠᠮᠠᠭᠠᠶ ᠂ ᠨᠣᠮᠣᠬᠠᠨ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠠᠩᠰᠠ ᠲᠤᠰᠢᠶᠠᠬᠤ ᠰᠢᠯᠭᠠᠯᠳᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠳᠡᠶᠢᠯᠬᠦ ᠶᠢ ᠨᠢ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ ᠦᠷᠭᠦᠯᠵᠢᠳᠡ ᠠᠬᠢᠭᠤᠯᠵᠤ ᠪᠠᠶᠢᠭ᠎ᠠ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠡᠷᠡᠭᠲᠡᠶ᠃ ᠬᠢᠨᠠᠨ ᠪᠣᠳᠣᠯᠳᠠ ᠶᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠲᠣᠭᠲᠡᠴᠡ ᠪᠠᠨ ᠲᠡᠭᠦᠯᠳᠡᠷᠵᠢᠭᠦᠯᠵᠦ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠥᠩᠭᠡᠨ ᠲᠠᠯ᠎ᠠ ᠶᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠠᠴᠠ ᠨᠢ ᠴᠤ ᠵᠠᠰᠠᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠰᠢᠰᠲ᠋ᠧᠮ ᠪᠣᠯᠤᠨ ᠪᠠᠴᠢᠮ ᠪᠠᠶᠢᠳᠠᠯ ᠢ ᠠᠷᠭᠠᠴᠡᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号