ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃    ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ‍ᠦ᠋ᠠᠯᠳᠤᠭᠤᠯᠤᠨ ᠪᠣᠳᠠᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠰᠡᠯᠡᠯᠲᠡ ᠰᠢᠪᠲᠤᠯᠬᠤ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠤᠭᠳᠠᠭᠠᠨ ᠪᠦᠷᠢᠨᠰᠢᠭᠦᠯᠬᠦ ᠶᠢ ᠠᠬᠢᠭᠤᠯᠬᠤ ᠬᠡᠷᠡᠭᠳᠡᠢ᠃ ᠡᠭᠦᠳᠡ ᠪᠠᠨ ᠨᠡᠭᠡᠭᠡᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠨᠳᠦᠰᠦᠨ ᠠᠴᠠ ᠨᠢ ᠰᠢᠢᠳᠪᠦᠷᠢᠯᠡᠬᠦ ᠠᠷᠭ᠎ᠠ ᠪᠠᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠳᠠᠳᠠᠨ ᠠᠪᠴᠢᠷᠠᠵᠦ ᠠᠰᠢᠭᠯᠠᠬᠤ ᠬᠡᠷᠡᠭᠲᠡᠢ᠃ ᠲᠠᠷᠢᠶᠠᠴᠢᠳ ᠲᠤ ᠠᠰᠢᠭ ᠬᠦᠷᠲᠡᠭᠡᠬᠦ ᠤᠯᠤᠰ ᠤᠨ ᠡᠯ᠎ᠡ ᠵᠦᠢᠯ  ᠤᠨ ᠲᠣᠭᠲᠠᠴᠠ ᠪᠣᠯᠤᠨ ᠲᠥᠷᠥ  ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠮᠦ ᠨᠢᠭᠡᠴᠢ  ᠶᠢᠨ ᠤᠨᠠᠯᠲᠠ   ᠶᠢ ᠳᠡᠬᠡᠭᠰᠢᠯᠡᠬᠦᠯᠬᠦ᠂ ᠦᠷ᠎ᠠ ᠠᠰᠢᠬ  ᠢ ᠨᠡᠮᠡᠭᠳᠡᠬᠦᠯᠬᠦ ᠶᠢ ᠲᠣᠪᠤᠶᠢᠮ᠎ᠠ ᠰᠠᠶᠢᠲᠤᠷ ᠠᠳᠬᠤᠵᠥ᠂ ᠲᠠᠷᠢᠶᠠᠯᠠᠩ ᠮᠠᠯ ᠠᠵᠤ ᠠᠬᠤᠶ  ᠶᠢᠨ ᠬᠥᠭᠵᠢᠯᠲᠡ ᠶᠢᠨ ᠳᠦᠪᠰᠢᠨ  ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠭᠡᠵᠥ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠳᠠᠭᠠᠳᠤ ᠳᠤ ᠬᠠᠨᠳᠤᠭᠤᠯᠤᠬᠰᠠᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠤᠨ ᠲᠤᠬᠠᠶ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠬᠤᠯᠪᠣᠭᠳᠠᠯ ᠪᠦᠬᠦᠢ ᠬᠤᠷᠠᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠴᠢ ᠵᠣᠷᠢᠭ ᠢᠶᠠᠨ ᠪᠠᠲᠤᠯᠠᠵᠤ ᠂ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠣᠨᠢᠯᠠᠵᠤ᠂ ᠴᠠᠬ ᠢ ᠠᠮᠵᠢᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠡᠷᠴᠢᠮᠲᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠥᠳᠡᠯᠦᠩᠭᠦᠶ ᠪᠠᠷ ᠬᠢᠨᠠᠨ ᠬᠡᠮᠵᠢᠬᠦ ᠢᠢ ᠴᠢᠩᠭᠠᠳᠬᠠᠵᠤ᠂ ᠣᠨᠣᠴᠠᠲᠠᠶ ᠪᠠᠷ ᠬᠠᠪᠰᠤᠷᠤᠨ ᠲᠡᠳᠬᠦᠬᠦ ᠶᠢ ᠴᠢᠩᠭᠠᠷᠠᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠬᠡᠷᠡᠭᠯᠡᠨ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ᠃ ᠲᠥᠷᠥᠯ ᠵᠦᠢᠯ ᠨᠥᠭᠡᠴᠡᠯᠡᠬᠦ ᠪᠠ ᠳᠦᠯᠦᠪᠵᠢᠬᠦᠯᠬᠦ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠲᠠᠢ ᠵᠣᠯᠭᠠᠭᠤᠯᠬᠤ ᠲᠤᠰᠠᠯᠠᠮᠵᠢ ᠶᠢᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠰᠢᠰᠲ᠋ᠧᠮ ᠤᠨ ᠦᠵᠡᠯᠲᠡ ᠶᠢ ᠪᠣᠶ ᠪᠣᠯᠭᠠᠵᠤ᠂ ᠪᠠᠶᠢᠯᠳᠤᠬᠤ ᠪᠣᠳᠣᠯᠭ᠎ᠠ ᠪᠠ ᠪᠥᠬᠦ ᠲᠠᠯ᠎ᠠ ᠶᠢᠨ ᠦᠨᠳᠦᠷᠴᠡ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠲᠠᠩ ᠭᠠᠭᠴᠠ ᠪᠠᠷ ᠬᠢᠬᠦ ᠶᠢ ᠰᠡᠷᠭᠡᠶᠢᠯᠡᠬᠦ ᠬᠡᠷᠡᠭᠲᠡᠶ᠃ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠰᠠᠨᠠᠯ︾ ᠢ ᠬᠢᠨᠠᠨ ᠵᠥᠪᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠥ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠪᠣᠳᠠᠲᠠᠶ ᠪᠠᠷ ᠬᠠᠪᠰᠤᠷᠤᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ ᠦᠭᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号