ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠨᠢ ᠰᠢᠨ᠎ᠡ ᠪᠠᠶᠢᠳᠠᠯ ᠳᠣᠣᠷᠠᠬᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠴᠢᠭᠯᠡᠯ ᠵᠠᠷᠴᠢᠮ᠂ ᠠᠷᠭ᠎ᠠ ᠬᠡᠯᠪᠡᠷᠢ ᠠᠷᠭ᠎ᠠ ᠬᠡᠮᠵᠢᠶ᠎ᠠ᠂ ᠪᠠᠶᠢᠭᠤᠯᠤᠮᠵᠢ ᠲᠣᠭᠲᠠᠴᠠ ᠵᠡᠷᠭᠡ ᠴᠢᠬᠤᠯᠠ ᠶᠡᠭᠡ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠨᠠᠮ ᠳᠤ ᠲᠥᠪ ᠴᠢᠩᠭ᠎ᠠ ᠬᠦᠭ ᠠᠶᠠᠰ ᠢᠶᠠᠷ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠣᠯᠤᠨ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠡᠨᠡ ᠬᠦ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠵᠦ᠂ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠲᠠᠪᠰᠢᠯᠳᠠ ᠰᠢᠨ᠎ᠠ ᠦᠷ᠎ᠠ ᠪᠦᠳᠦᠮᠵᠢ ᠤᠯᠬᠤ ᠬᠡᠷᠡᠭᠲᠡᠢ ᠬᠡᠵᠥ ᠬᠡᠯᠡᠪᠡ᠃    ᠰᠦᠨ ᠱᠤᠤ ᠴᠧᠩ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ᠂ ᠬᠠᠮᠤᠭ ᠤᠨ ᠵᠠᠩᠭᠢᠯᠠᠭ᠎ᠠ ᠶᠢᠨ ᠰᠠᠬᠢᠯᠭ᠎ᠠ ᠪᠠᠲᠤ ᠮᠥᠨ᠂ ᠡᠯ᠎ᠡ ᠱᠠᠲᠤᠨ ᠤ ᠬᠢᠨ ᠤᠯᠤᠰ ᠲᠦᠷᠦ ᠶᠢᠨ ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠴᠢᠩᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠰᠠᠶᠢᠲᠤᠷ ᠬᠢᠬᠦ ᠪᠣᠳᠠᠲᠠᠢ ᠠᠵᠢᠯᠯᠠᠭ᠎ᠠ ᠪᠣᠯᠤᠨ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠢᠢ ᠦᠢᠯᠡᠳᠦᠯᠭᠡᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠠᠰᠠᠭᠤᠳᠠᠯ ᠪᠣᠯᠤᠨ ᠰᠤᠷᠲᠠᠯ ᠤᠨ ᠠᠰᠠᠭᠤᠳᠠᠯ᠂ ᠢᠯᠵᠠᠷᠠᠯ ᠤᠨ ᠠᠰᠠᠭᠤᠳᠠᠯ ᠶᠡᠷᠦ ᠨᠢ ᠬᠠᠷᠢᠯᠴᠠᠨ ᠨᠥᠬᠦᠴᠡᠯᠳᠦᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠢ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤ ᠪᠡᠶ᠎ᠠ ᠪᠠᠨ ᠪᠠᠷᠢᠬᠤ ᠳᠤ ᠲᠦᠰᠢᠭᠯᠡᠬᠦ ᠪᠦᠭᠡᠳ ᠪᠠᠰᠠ ᠱᠠᠭᠠᠷᠳᠠᠭᠤᠯᠬᠤ ᠳᠤ ᠲᠦᠰᠢᠭᠯᠡᠵᠦ᠂ ᠰᠠᠬᠢᠯᠭ᠎ᠠ ᠪᠠᠲᠤ ᠶᠢᠨ ᠤᠬᠠᠮᠰᠠᠷ ᠢ ᠪᠤᠢ ᠪᠣᠯᠭᠠᠬᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠬᠤ ᠶᠢ ᠠᠬᠢᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠪᠠᠶ᠎ᠠ ᠪᠠᠨ ᠪᠠᠷᠢᠬᠤ ᠪᠠ ᠱᠠᠭᠠᠷᠳᠠᠭᠤᠯᠬᠤ ᠶᠢ ᠨᠢᠭᠡᠳᠭᠡᠬᠦ ᠶᠢ ᠨᠡᠩ ᠰᠠᠶᠢᠲᠤᠷ ᠪᠡᠶᠡᠯᠡᠭᠦᠯᠬᠦ ᠦᠢᠯᠡᠳᠦᠯᠭᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠨᠡᠩ ᠤᠬᠠᠮᠰᠠᠷ ᠠᠴᠠ ᠪᠠᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠥᠨᠳᠥᠷ ᠪᠠᠷᠢᠮᠵᠢᠶ᠎ᠠ ᠶᠢ ᠬᠥᠭᠡᠭᠡᠴᠡᠯᠳᠦᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠪᠣᠯ ︽ᠬᠦᠯᠢᠶᠠᠰᠤ︾ ᠪᠥᠭᠡᠳ ᠪᠠᠰᠠ ᠴᠤ ︽ᠬᠠᠮᠠᠭᠠᠯᠠᠯᠳᠠ︾ ᠪᠣᠯᠤᠨ᠎ᠠ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠨᠠᠮ ᠤᠨ ᠭᠡᠰᠢᠭᠦᠨ ᠺᠠᠳ᠋ᠷᠴᠤᠳ ᠲᠤ ᠴᠢᠩᠭ᠎ᠠ ᠬᠠᠮᠢᠶᠠᠷᠬᠤ ᠪᠠ ᠭᠦᠨᠵᠡᠭᠡᠢ ᠬᠠᠶᠢᠷᠠᠯᠠᠨ ᠬᠠᠯᠠᠮᠵᠢᠯᠠᠵᠤ ᠪᠠᠶᠢᠬᠤ᠂ ᠴᠥᠮ ᠬᠦᠴᠦᠯᠡᠨ ᠴᠢᠷᠮᠠᠶᠢᠵᠤ ᠪᠠᠶᠢᠬᠤ ᠶᠢ ᠮᠡᠳᠡᠷᠡᠬᠦᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠲᠦᠷᠢᠮ ᠶᠣᠰᠣᠭᠠᠷ ᠠᠵᠢᠯ ᠬᠢᠵᠦ ᠦᠢᠯᠡᠰ ᠪᠤᠰᠬᠠᠬᠤ ᠤᠬᠠᠮᠰᠠᠷ ᠪᠠ ᠳᠠᠳᠬᠠᠯ ᠲᠠᠢ ᠪᠣᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠤ ᠬᠡᠯᠡᠪᠡ᠃    ᠰᠦᠨ ᠱᠤᠤ ᠴᠧᠩ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠭᠤᠴᠠᠭ᠎ᠠ ᠨᠢᠭᠡᠨᠲᠡ ᠬᠠᠭᠠᠰ ᠨᠢ ᠥᠩᠭᠡᠷᠡᠵᠦ᠂ ᠶᠠᠭ ᠭᠦᠨᠵᠡᠭᠡᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠢᠩᠭ᠎ᠠ ᠪᠠᠷᠢᠮᠵᠢᠶ᠎ᠠ᠂ ᠪᠣᠳᠠᠲᠠᠢ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠯ ᠢᠶᠠᠷ ᠰᠤᠷᠤᠯᠴᠠᠯᠭ᠎ᠠ ᠳᠤ ᠲᠤᠰᠠᠯᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠤᠨ ᠵᠢᠷᠤᠬᠡᠰᠢᠶᠡᠬᠦᠯᠬᠦ ᠬᠦᠴᠦᠨ᠂ ᠨᠥᠯᠥᠭᠡᠯᠡᠬᠦ ᠬᠦᠴᠦᠨ ᠪᠠ ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ ᠂ ᠳᠡᠷᠭᠡᠳᠡᠬᠢ ᠬᠡᠷᠡᠭ ᠢᠶᠠᠷ ᠳᠡᠷᠭᠡᠳᠡᠬᠢ ᠬᠥᠮᠦᠰ ᠢᠶᠠᠨ ᠰᠡᠷᠡᠮᠵᠢᠯᠡᠭᠦᠯᠬᠦ ᠭᠡᠷᠡᠭᠳᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠨᠢ ᠲᠣᠬᠢᠷᠠᠭᠤᠯᠤᠯᠲᠠ ᠪᠠ ᠵᠢᠯᠣᠭᠤᠳᠣᠯᠭ᠎ᠠ ᠪᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号