ᠸᠠᠩ ᠯᠢ ᠰᠢᠶᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/6/17
    ᠤᠢᠢᠷ᠎ᠡ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠨᠠᠷᠢᠨ ᠬᠢᠨᠠᠮᠠᠭᠠᠢ ᠪᠠᠷ ᠰᠠᠬᠢᠯᠭ᠎ᠠ ᠪᠠᠲᠤ ᠶᠢ ᠰᠤᠷᠤᠯᠴᠠᠵᠤ᠂ ᠪᠦᠬᠦ ᠲᠠᠯ᠎ᠠ ᠪᠠᠷ ᠰᠠᠬᠢᠯᠭ᠎ᠠ ᠪᠠᠲᠤ ᠶᠢ ᠣᠶᠢᠯᠠᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠪᠠᠲᠤ ᠰᠠᠬᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠠᠮᠠᠭᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠤᠶ᠎ᠠ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ᠃    ᠸᠠᠩ ᠯᠢ ᠰᠢᠶᠠ᠂ ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠦᠨ᠂ ᠵᠠᠭᠤᠨ ᠵᠢᠯ ᠤᠨ ᠨᠠᠮ ᠤᠨ ᠲᠡᠦᠬᠡ ᠠᠴᠠ ︽ᠰᠠᠬᠢᠯᠭ᠎ᠠ ᠪᠠᠲᠤᠴᠢ ᠴᠢᠨᠠᠷ ᠢᠶᠠᠨ ᠴᠢᠩᠭᠠᠳᠬᠠᠪᠠᠯ᠂ ᠬᠤᠪᠢᠰᠬᠠᠯ ᠯᠠᠪᠲᠠᠢ ᠢᠯᠠᠯᠲᠠ ᠣᠯᠤᠨ᠎ᠠ︾ ᠭᠡᠬᠦ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠰᠠᠭ ᠲᠤ ᠤᠷᠤᠬᠰᠠᠨ ᠲᠡᠦᠬᠡᠨ ᠶᠠᠪᠤᠴᠠ ᠠᠴᠠ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ︾ ᠭᠡᠬᠦ ᠰᠡᠷᠭᠡᠭ ᠪᠠᠲᠤ ᠴᠢᠩᠭ᠎ᠠ ᠴᠢᠨᠠᠷ ᠢ ᠭᠦᠨᠵᠡᠭᠡᠢ ᠣᠶᠢᠯᠠᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠶ᠊ ᠡᠶ᠎ᠡ ᠠᠴᠠ ᠰᠡᠷᠡᠮᠵᠢᠯᠡᠭᠦᠯᠬᠦ ᠰᠤᠷᠭᠠᠮᠵᠢ ᠠᠪᠴᠤ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠸᠠᠩ ᠯᠢ ᠰᠢᠶᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠷᠢ ᠰᠠᠭᠤᠷᠢ ᠴᠢᠬᠤᠯᠠ᠂ ᠡᠭᠦᠷᠭᠡ ᠴᠢᠳᠠᠪᠬᠢ ᠴᠢᠬᠤᠯᠠ ᠶᠤᠮ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠨᠢ ᠬᠤᠰᠢᠭᠤᠷᠠᠨ ᠦᠯᠢᠭᠡᠷ ᠳᠠᠭᠤᠷᠢᠶᠠᠯ ᠪᠤᠯᠵᠤ᠂ ︽ᠲᠠᠪᠤᠨ ᠡᠭᠦᠷᠢᠳᠡ ᠵᠤᠭᠰᠤᠰᠢ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠤᠯᠤᠰ ᠲᠦᠷᠦ ᠶᠢ ᠡᠷᠬᠢᠮᠯᠡᠬᠦ ᠲᠠᠯ᠎ᠠ ᠪᠠᠷ ᠡᠭᠦᠷᠢᠳᠡ ᠵᠤᠭᠰᠤᠰᠢ ᠦᠭᠡᠢ ᠪᠠᠶᠢᠵᠤ᠂ ᠤᠯᠤᠰ ᠲᠦᠷᠦ ᠶᠢᠨ ᠪᠣᠭᠤᠮᠲᠠ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠪᠠᠷᠢᠮᠵᠢᠶ᠎ᠠ ᠶᠢ ᠴᠢᠩᠭ᠎ᠠ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠩᠭ᠎ᠠ ᠠᠩᠬᠠᠷᠴᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠤᠷᠤᠯᠴᠠᠯᠭ᠎ᠠ ᠶᠢ ᠡᠷᠬᠢᠮᠯᠡᠬᠦ ᠲᠠᠯ᠎ᠠ ᠪᠠᠷ ᠡᠭᠦᠷᠢᠳᠡ ᠵᠤᠭᠰᠤᠰᠢ ᠦᠭᠡᠢ ᠪᠠᠶᠢᠵᠤ᠂ ᠳᠡᠯᠡᠬᠡᠢ ᠶᠢᠨ ᠪᠠᠶᠢᠳᠠᠯ ᠢ ᠰᠤᠳᠤᠯᠵᠤ ᠶᠡᠭᠡ ᠬᠠᠨᠳᠤᠰᠢ ᠶᠢ ᠮᠡᠳᠡᠵᠦ᠂ ᠤᠯᠤᠰ ᠤᠨ ᠪᠠᠶᠢᠳᠠᠯ ᠢ ᠰᠤᠳᠤᠯᠵᠤ ᠪᠦᠬᠦ ᠲᠠᠯ᠎ᠠ ᠶᠢ ᠪᠣᠳᠣᠯᠬᠢᠯᠠᠵᠤ᠂ ᠣᠷᠣᠨ ᠤ ᠪᠠᠶᠢᠳᠠᠯ ᠢ ᠰᠤᠳᠤᠯᠵᠤ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠶᠠᠪᠤᠳᠠᠯ ᠢ ᠰᠤᠳᠤᠯᠵᠤ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠠᠯ᠎ᠠ ᠶᠢᠨ ᠠᠵᠢᠯ ᠳᠤ ᠴᠠᠭᠠᠷᠠᠬᠤ ᠮᠥᠷᠲᠡᠭᠡᠨ ᠪᠠᠰᠠ ᠲᠤᠰᠬᠠᠢ ᠮᠡᠷᠭᠡᠵᠢᠯᠲᠡᠨ ᠪᠣᠯᠬᠤ ᠬᠡᠷᠡᠭᠲᠡᠢ᠃ ᠭᠤᠷᠪᠠ ᠳᠤ᠂ ᠨᠠᠷᠢᠨ ᠬᠢᠨᠠᠮᠠᠭᠠᠢ ᠪᠠᠶᠢᠬᠤ ᠶᠢ ᠡᠷᠬᠢᠮᠯᠡᠬᠦ ᠳᠠᠯ᠎ᠠ ᠪᠠᠷ ᠡᠭᠦᠷᠢᠲᠡ ᠵᠤᠭᠰᠤᠰᠢ ᠦᠭᠡᠢ ᠪᠠᠶᠢᠵᠤ᠂ ᠴᠠᠭ ᠢᠮᠠᠭᠲᠠ ᠰᠠᠨᠠᠭ᠎ᠠ ᠲᠠᠯᠪᠢᠵᠦ᠂ ᠶᠠᠪᠤᠳᠠᠯ ᠪᠦᠬᠦᠨ ᠳᠤ ᠨᠢᠭᠲᠠ ᠠᠴᠠ ᠨᠢᠭᠲᠠ ᠪᠠᠶᠢᠬᠤ ᠶᠢ ᠪᠠᠷᠢᠮᠲᠠᠯᠠᠵᠤ᠂ ︽ᠭᠠᠷ ᠬᠦᠷᠦᠭᠰᠡᠨ ᠪᠦᠬᠦᠨ ᠳᠤ ᠬᠠᠷᠢᠭᠤᠴᠠᠯᠭ᠎ᠠ ᠲᠠᠢ︾ ᠪᠠᠶᠢᠬᠤ ᠶᠢ ᠪᠠᠷᠢᠮᠳᠠᠯᠠᠵᠦ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠬᠢᠯᠡᠬᠦ᠂ ᠠᠵᠢᠯ ᠶᠠᠪᠤᠳᠠᠯ ᠬᠢᠬᠦ ᠳᠡᠭᠡᠨ ᠥᠴᠦᠬᠡᠨ ᠴᠦ ᠣᠰᠣᠯᠳᠠᠬᠤ ᠦᠭᠡᠢ ᠪᠠᠶᠢᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠥᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠠᠯ᠎ᠠ ᠪᠠᠷ ᠡᠭᠦᠷᠢᠳᠡ ᠵᠤᠭᠰᠤᠰᠢ ᠥᠬᠡᠶ ᠪᠠᠶᠢᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠢᠳᠡᠬᠦᠦ ᠭᠤᠬᠴᠤᠭ᠎ᠠ ᠪᠠᠷ ᠶᠠᠪᠤᠬᠳᠠᠬᠤ ᠶᠢ ᠠᠬᠢᠭᠤᠯᠵᠤ᠂ ᠠᠯᠢ ᠲᠦᠷᠭᠡᠨ ᠢᠶᠠᠷ ᠦᠷ᠎ᠡ ᠪᠦᠳᠦᠮᠵᠢ ᠭᠠᠷᠭᠠᠬᠤ ᠬᠡᠷᠡᠭᠲᠡᠢ᠃ ᠲᠠᠪᠤ ᠳᠤ᠂ ᠠᠷᠢᠭᠤᠨ ᠴᠢᠬᠡᠴᠢ ᠶᠢ ᠡᠷᠬᠢᠮᠯᠡᠬᠦ ᠳᠠᠯ᠎ᠠ ᠪᠠᠷ ᠡᠭᠦᠷᠢᠳᠡ ᠵᠤᠭᠰᠤᠰᠢ ᠦᠭᠡᠢ ᠪᠠᠶᠢᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠤᠬᠠᠮᠰᠠᠷ ᠠᠴᠠ ᠪᠠᠨ ᠴᠡᠪᠡᠷᠰᠢᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠰᠡᠳᠭᠢᠯ ᠲᠠᠯᠪᠢᠨ ᠬᠦᠴᠦ ᠣᠷᠣᠭᠤᠯᠵᠤ ᠪᠠᠶᠢᠭᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠵᠠᠮ ᠨᠡᠭᠡᠭᠡᠬᠦ ᠳᠤᠮᠳᠠ ᠲᠦᠪᠰᠢᠨ ᠳᠤ ᠣᠷᠣᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号