ᠤᠯᠤᠰ ᠤᠨ ᠡᠮ ᠡᠮᠨᠡᠯᠬᠡ ᠶᠢᠨ ᠪᠠᠳᠤᠯᠠᠭ᠎ᠠ ᠶᠢᠨ ᠲᠣᠪᠴᠢᠶ᠎ᠠ ᠬᠦᠩᠭᠡᠵᠢᠯ ᠤᠨ ᠰᠠᠯᠠᠭ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/6/19
    ᠤᠯᠤᠰ ᠤᠨ ᠡᠮ ᠡᠮᠨᠡᠯᠬᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠬᠦᠩᠭᠡᠵᠢᠯ ᠤᠨ ᠰᠠᠯᠠᠭ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠲᠦᠷᠦᠯ ᠵᠦᠢᠯ ᠢ ᠲᠤᠭᠳᠠᠭᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾᠎ ᠲᠤ ᠡᠯ᠎ᠡ ᠭᠠᠵᠠᠷ ᠤᠨ ᠤᠤᠯ ᠤᠨ ᠪᠠᠶᠢᠭᠰᠠᠨ ᠬᠦᠩᠭᠡᠵᠢᠯ ᠤᠨ ᠰᠠᠯᠠᠭ᠎ᠠ ᠶᠢᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠢ 30 ᠵᠦᠢᠯ ᠪᠣᠯᠭᠠᠨ ᠨᠡᠶᠢᠳᠭᠡᠵᠤ᠂ ᠬᠦᠩᠭᠡᠵᠢᠯ ᠤᠨ ᠦᠢᠯᠡᠴᠢᠯᠡᠭᠡᠨ ᠤ ᠳᠡᠭᠡᠭᠰᠢᠯᠡᠯᠲᠡ ᠶᠢ ᠠᠬᠢᠭᠤᠯᠪᠠ᠃    ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠦᠷᠦᠯ ᠵᠦᠢᠯ ᠪᠣᠯ ᠡᠮᠴᠢᠯᠡᠭᠡᠨ ᠤ ᠪᠠᠶᠢᠭᠤᠯᠤᠮᠵᠢ ᠶᠢᠨ ᠮᠡᠰᠡ ᠵᠠᠰᠠᠯ ᠤᠨ ᠵᠠᠷᠤᠳᠠᠯ᠂ ᠡᠮᠴᠢᠯᠡᠭᠡᠨ ᠤ ᠵᠠᠷᠤᠳᠠᠯ᠂ ᠣᠨᠣᠰᠢᠯᠠᠨ ᠡᠮᠨᠡᠬᠦ ᠵᠠᠷᠤᠳᠠᠯ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠢ ᠪᠤᠳᠤᠬᠤ ᠨᠢᠭᠡᠴᠢ ᠪᠣᠯᠤᠨ᠎ᠠ᠃ ᠥᠩᠭᠡᠷᠡᠭᠰᠡᠨ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥᠯ ᠵᠦᠢᠯ ᠢ ᠡᠯ᠎ᠡ ᠮᠤᠵᠢ ᠣᠷᠣᠨ ᠠᠴᠠ ᠲᠣᠭᠲᠠᠭᠠᠵᠤ᠂ ᠲᠤᠭ᠎ᠠ ᠬᠡᠮᠵᠢᠶ᠎ᠡ᠂ ᠨᠡᠷᠡᠶᠢᠳᠦᠯ᠂ ᠲᠥᠷᠥᠯ ᠵᠦᠢᠯ ᠤᠨ ᠠᠭᠤᠯᠤᠭᠳᠠᠬᠤᠨ᠂ ᠦᠨ᠎ᠡ ᠪᠤᠳᠤᠬᠤ ᠨᠢᠭᠡᠴᠢ ᠵᠢᠴᠢ ᠮᠠᠲ᠋ᠧᠷᠢᠶᠠᠯ ᠤᠨ ᠰᠦᠢᠳᠭᠡᠯ ᠵᠡᠷᠭᠡ ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠠᠶᠢᠪᠠ᠃ᠤᠯᠤᠰ ᠤᠨ ᠡᠮ ᠡᠮᠨᠡᠯᠬᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠲᠣᠰ ᠤᠳᠠᠭᠠᠨ ᠤ ᠬᠥᠩᠭᠡᠵᠢᠯ ᠤᠨ ᠰᠠᠯᠠᠭᠠᠨ ᠤ ᠲᠥᠷᠥᠯ ᠵᠦᠢᠯ ᠢ ᠲᠣᠭᠲᠠᠭᠠᠬᠤ ᠵᠦᠭᠯᠡᠭᠦᠷ ᠢ ᠵᠠᠷᠴᠢᠮ ᠳᠡᠭᠡᠷ᠎ᠡ ᠪᠠᠨ ᠵᠢᠷᠮᠦᠰᠦᠯᠡᠵᠦ ᠬᠥᠩᠭᠡᠵᠢᠬᠦ ᠶᠠᠪᠤᠴᠠ ᠶᠢᠨ ᠶᠣᠰᠣᠭᠠᠷ ᠬᠡᠰᠡᠭ ᠬᠤᠪᠢᠶᠠᠨ ᠲᠤᠭᠳᠠᠭᠠᠪᠠ᠂ ᠲᠤᠬᠠᠶᠢᠯᠠᠪᠠᠯ ᠵᠢᠷᠮᠦᠰᠦᠯᠡᠬᠦ ᠬᠤᠭᠤᠴᠠᠭ᠎ᠠ᠂ ᠬᠥᠩᠭᠡᠵᠢᠬᠦ ᠠᠴᠠ ᠡᠮᠦᠨᠡᠬᠢ ᠬᠤᠭᠤᠴᠠᠭ᠎ᠠ᠂ ᠬᠦᠩᠭᠡᠵᠢᠬᠦ᠂ ᠬᠥᠩᠭᠡᠵᠢᠭᠰᠡᠨ ᠤ ᠳᠠᠷᠠᠭᠠᠬᠢ ᠬᠤᠭᠤᠴᠠᠭ᠎ᠠ ᠵᠡᠷᠭᠡ ᠡᠯ᠎ᠡ ᠭᠤᠭᠴᠤᠭ᠎ᠠ ᠶᠢᠨ ᠪᠣᠳᠠᠲᠠᠶ ᠪᠠᠶᠢᠴᠠᠭᠠᠯᠲᠠ ᠶᠢᠨ ᠡᠮᠴᠢᠯᠡᠭᠡ ᠪᠤᠶᠤ ᠠᠵᠢᠯᠯᠠᠭ᠎ᠠ ᠶᠢ ᠦᠨᠳᠦᠰᠦᠯᠡᠨ ᠲᠣᠰ ᠲᠣᠰ ᠲᠥᠷᠥᠯ ᠵᠦᠢᠯ ᠢ ᠲᠤᠭᠳᠠᠭᠠᠵᠤ᠂ ᠪᠣᠳᠠᠲᠠᠶ ᠮᠡᠷᠭᠡᠵᠢᠯ ᠤᠨ ᠨᠠᠷᠢᠨ ᠵᠦᠢᠯᠡᠰ ᠲᠠᠢ ᠬᠤᠯᠪᠣᠭᠳᠠᠭᠤᠯᠬᠤ ᠥᠬᠡᠶ᠃ ᠵᠢᠱᠢᠶᠡᠯᠡᠪᠡᠯ᠂ ᠦᠨ᠎ᠡ ᠬᠠᠩᠰᠢ ᠶᠢᠨ ᠲᠥᠷᠥᠯ ᠵᠦᠢᠯ ᠢ ᠬᠥᠩᠭᠡᠵᠢᠬᠦ ᠠᠴᠠ ᠡᠮᠦᠨᠡᠬᠢ ᠬᠤᠭᠤᠴᠠᠭᠠᠨ ᠳᠤ ︽ᠬᠥᠩᠭᠡᠵᠢᠬᠦ ᠠᠴᠠ ᠡᠮᠦᠨᠡᠬᠢ ᠡᠩ ᠤᠨ ᠪᠠᠶᠢᠴᠠᠭᠠᠯᠲᠠ︾᠂ ︽ᠬᠡᠤᠬᠡᠢ ᠶᠢᠨ ᠵᠢᠷᠦᠬᠡᠨ ᠯᠤᠬᠰᠢᠯᠳᠠ ᠶᠢᠨ ᠬᠢᠨᠠᠨ ᠬᠡᠮᠵᠢᠯᠲᠡ︾᠂ ᠬᠥᠩᠭᠡᠵᠢᠬᠦ ᠦᠶ᠎ᠡ ᠶᠢᠨ ︽ᠬᠥᠩᠭᠡᠵᠢᠯ ᠢ ᠦᠳᠦᠬᠦ︾᠂ ︽ᠬᠥᠩᠭᠡᠵᠢᠬᠦ ᠶᠠᠪᠤᠴᠠ ᠶᠢᠨ ᠬᠠᠮᠢᠶᠠᠷᠤᠯᠲᠠ︾᠂ ᠬᠦᠩᠬᠡᠵᠢᠬᠦ ᠱᠠᠲᠤᠨ ᠤ ︽ᠤᠮᠠᠢ ᠪᠠᠷ ᠬᠥᠩᠭᠡᠵᠢᠬᠦ ︵ᠵᠤᠷᠰᠢᠯ︶︾᠂ ︽ᠤᠮᠠᠢ ᠪᠠᠷ ᠬᠥᠩᠭᠡᠵᠢᠬᠦ ︵ᠪᠤᠳᠤᠯᠢᠶᠠᠨᠲᠠᠢ︶︾᠂ ︽ᠬᠠᠭᠠᠯᠵᠤ ᠬᠥᠩᠭᠡᠵᠢᠬᠦ ︵ᠵᠤᠷᠰᠢᠯ︶︾᠂ ︽ᠬᠠᠭᠠᠯᠵᠤ ᠬᠥᠩᠭᠡᠵᠢᠬᠦ ︵ᠪᠤᠳᠤᠯᠢᠶᠠᠨᠲᠠᠢ︶︾ ᠵᠡᠷᠭᠡ ᠲᠦᠷᠦᠯ ᠳᠤ ᠬᠤᠪᠢᠶᠠᠪᠠ ᠭᠡᠵᠤ ᠲᠠᠨᠢᠯᠴᠠᠭᠤᠯᠵᠠᠢ᠃    ᠲᠣᠰ ᠤᠳᠠᠭ᠎ᠠ ᠶᠢᠨ ᠬᠥᠩᠭᠡᠵᠢᠯ ᠤᠨ ᠰᠠᠯᠠᠭ᠎ᠠ ᠶᠢᠨ ᠲᠥᠷᠥᠯ ᠵᠦᠢᠯ ᠢ ᠲᠣᠭᠲᠠᠭᠠᠬᠤ ᠵᠦᠭᠯᠡᠭᠦᠷ ᠲᠤ ︽ᠬᠥᠭᠵᠢᠮ ᠢᠶᠠᠷ ᠬᠥᠩᠭᠡᠵᠢᠭᠦᠯᠬᠦ︾᠂ ︽ᠬᠦᠩᠭᠡᠵᠢᠯ ᠳᠤ ᠬᠠᠨᠢ ᠪᠤᠯᠬᠤ︾ ᠵᠡᠷᠬᠡ ᠲᠥᠷᠥᠯ ᠵᠦᠢᠯ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠥᠩᠭᠡᠵᠢᠭᠦᠯᠬᠦ ᠪᠠᠷ ᠭᠤᠤᠯ ᠪᠣᠯᠭᠠᠭᠰᠠᠨ ᠬᠥᠮᠦᠯᠢᠭ ᠦᠢᠯᠡᠴᠢᠯᠡᠭᠡ ᠬᠠᠩᠭᠠᠬᠤ ᠶᠢ ᠳᠡᠮᠵᠢᠵᠦ᠂ ᠡᠪᠡᠳᠬᠦ ᠶᠢ ᠵᠣᠭᠰᠣᠭᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ᠵᠢᠷᠮᠦᠰᠦᠨ ᠪᠠ ᠬᠥᠩᠭᠡᠵᠢᠭᠰᠡᠨ ᠡᠮᠡᠭᠲᠡᠶᠢᠴᠦᠳ ᠲᠤ ᠲᠤᠰᠬᠠᠶᠢᠵᠢᠭᠰᠠᠨ ᠬᠠᠨᠢ ᠪᠤᠯᠵᠤ ᠬᠥᠩᠭᠡᠵᠢᠭᠦᠯᠬᠦ ᠪᠠ ᠬᠥᠭᠵᠢᠮ ᠢᠶᠠᠷ ᠬᠥᠩᠭᠡᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ ᠭᠡᠵᠦ ᠲᠣᠳᠣᠷᠬᠠᠶᠢᠯᠠᠪᠠ᠃   ᠣᠶᠢᠷ᠎ᠠ ᠶᠢᠨ ᠵᠢᠯ ᠳᠤ᠂ ᠤᠯᠤᠰ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠡᠴᠡ ᠶᠢ ᠪᠥᠬᠦ ᠲᠠᠯ᠎ᠠ ᠪᠠᠷ ᠪᠠᠶᠢᠭᠤᠯᠵᠤ᠂ ᠥᠰᠥᠯᠲᠡ ᠪᠠᠭᠤᠷᠠᠯᠲᠠ ᠲᠠᠢ ᠪᠠᠶᠢᠵᠤ᠂ ᠡᠭᠦᠨ ᠳᠤ ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨ᠎ᠡ ᠬᠠᠩᠰᠢ ᠦᠷᠭᠦᠯᠵᠢᠯᠡᠨ ᠪᠠᠭᠤᠷᠠᠪᠠ᠃   ᠲᠣᠰ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥᠯ ᠵᠦᠢᠯ ᠢ ᠲᠣᠭᠲᠠᠭᠠᠬᠤ ᠵᠦᠭᠯᠡᠭᠦᠷ ᠢ ᠳᠠᠷᠤᠮᠠᠯᠯᠠᠨ ᠲᠠᠷᠬᠠᠭᠠᠬᠤ ᠠᠬᠢᠴᠠ ᠶᠢ ᠲᠦᠷᠭᠡᠳᠭᠡᠨ᠂ ᠰᠤᠪᠢᠯᠠᠯᠲᠠ ᠶᠢᠨ ᠰᠠᠯᠠᠭ᠎ᠠ ᠵᠡᠷᠭᠡ ᠶᠢᠨ ᠲᠦᠷᠦᠯ ᠵᠦᠢᠯ ᠢ ᠲᠤᠭᠳᠠᠭᠠᠬᠤ ᠵᠦᠭᠯᠡᠭᠦᠷ ᠢ ᠵᠠᠯᠭᠠᠭ᠎ᠠ ᠪᠠᠷ ᠨᠡᠶᠢᠲᠡᠯᠡᠵᠦ᠂ ᠣᠯᠠᠩᠬᠢ ᠰᠠᠯᠠᠭ᠎ᠠ ᠶᠢ ᠬᠠᠮᠤᠷᠤᠭᠰᠠᠨ ᠲᠦᠷᠦᠯ ᠵᠦᠢᠯ ᠢ ᠲᠣᠭᠲᠠᠭᠠᠬᠤ ᠵᠦᠭᠯᠡᠭᠦᠷ ᠢ ᠲᠦᠷᠭᠡᠨ ᠪᠣᠶ ᠪᠣᠯᠭᠠᠨ᠎ᠠ ᠭᠡᠵᠤ ᠢᠯᠡᠳᠭᠡᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号