ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/19
    ᠣᠶᠢᠷ᠎ᠠ ᠶᠢᠨ ᠡᠳᠦᠷ᠂ ᠨᠠᠮ ᠤᠨ ᠳᠦᠪ ᠬᠤᠷᠢᠶ᠎ᠠ ᠶᠢᠨ ᠠᠯᠪᠠᠨ ᠲᠢᠩᠭᠢᠮ᠂ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠠᠯᠪᠠᠨ ᠲᠢᠩᠭᠢᠮ ᠠᠴᠠ ︽ᠪᠦᠬᠦ ᠤᠯᠤᠰ ᠤᠨ ᠦᠠᠲᠣᠰᠣᠲᠠᠨ ᠤ ᠪᠦᠯᠭᠦᠮᠲᠠᠯ ᠲᠠᠪᠰᠢᠯᠲᠠ ᠶᠢᠨ ᠵᠢᠱᠢᠶᠠᠴᠢ ᠶᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠰᠠᠶᠢᠲᠣᠷ ᠬᠢᠭᠦ ᠳᠣᠬᠠᠢ ᠮᠠᠲᠡᠭᠲᠠᠯ︾ ︵ᠳᠣᠷᠣᠬᠰᠢ ︽ᠮᠡᠳᠡᠭᠳᠡᠯ︾ ᠭᠡᠵᠤ ᠲᠦᠬᠦᠮᠴᠢᠯᠡᠨ᠎ᠠ︶ ᠲᠠᠷᠣᠮᠠᠯᠯᠠᠨ ᠲᠠᠷᠬᠠᠭᠠᠪᠠ᠃ ︽ᠮᠡᠳᠡᠭᠳᠡᠯ︾᠎ ᠳᠤ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠨᠡ ᠵᠢᠯ ᠠᠩᠬ᠎ᠠ ᠤᠳᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠭᠡᠵᠤ ᠵᠢᠭᠠᠵᠤ ᠭᠠᠷᠭᠠᠪᠠ᠃    ︽ᠮᠡᠳᠡᠭᠳᠡᠯ︾᠎ ᠳᠤ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠬᠤᠶᠠᠷ ᠢ ᠲᠤᠬᠳᠠᠭᠠᠬᠰᠡᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢᠯᠭᠠᠷᠠᠭᠤᠯᠵᠦ ᠬᠦᠬᠢᠬᠦᠯᠤᠨ ᠰᠠᠶᠢᠰᠢᠶᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠤᠨ ᠱᠠᠭᠠᠷᠳᠠᠯᠭ᠎ᠠ ᠶᠢ ᠲᠤᠪᠤᠶᠢᠯᠭᠠᠵᠤ᠂ ᠪᠣᠳᠠᠲᠤ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ 2019 ᠣᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠰᠡᠨ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠣᠯᠤᠭᠰᠠᠨ ᠠᠮᠵᠢᠯᠲᠠ ᠪᠠ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠡᠭᠨᠡᠵᠤ᠂ ᠡᠯ᠎ᠡ ᠭᠠᠵᠠᠷ ᠡᠯ᠎ᠡ ᠠᠵᠢᠯ ᠲᠦᠷᠦᠯ ᠳᠤ ᠴᠣᠯᠭᠤᠷᠠᠨ ᠭᠠᠷᠤᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠰᠢᠯᠭᠠᠷᠠᠭᠤᠯᠤᠨ ᠬᠦᠬᠢᠬᠦᠯᠤᠨ ᠰᠠᠶᠢᠰᠢᠶᠠᠵᠤ᠂ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠳᠦ ᠶᠢᠨ ᠲᠠᠨᠢᠯᠳᠠ ᠶᠢ ᠪᠠᠲᠤᠳᠬᠠᠵᠤ᠂ ᠰᠢᠨ᠎ᠡ ᠠᠶᠠᠨ ᠳᠠᠭᠠᠨ ᠪᠦᠯᠬᠦᠮᠳᠡᠨ ᠡᠷᠡᠮᠡᠭᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠢᠳᠡᠪᠬᠢᠲᠡᠢ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠤᠷᠭᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠬᠦᠭᠡᠨ ᠮᠠᠨᠳᠤᠭᠤᠯᠬᠤ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠭᠡᠷᠡᠭᠳᠠᠢ ᠭᠡᠪᠡ᠃    ᠮᠡᠳᠡᠭᠳᠡᠯ ᠳᠤ ᠲᠠᠨᠢᠯᠴᠠᠭᠤᠯᠬᠤ ᠰᠢᠯᠭᠠᠷᠠᠭᠤᠯᠬᠤ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ 2019 ᠣᠨ ᠠᠴᠠ ᠨᠠᠭᠠᠰᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠢ ᠪᠦᠷ ᠲᠠᠨᠢᠯᠴᠠᠭᠤᠯᠵᠤ ᠪᠤᠯᠤᠨ᠎ᠠ᠂ ᠨᠥᠬᠦᠴᠡᠯ ᠳᠤ ᠨᠡᠶᠢᠴᠡᠬᠦ ᠨᠢᠭᠡᠨᠲᠡ ᠨᠠᠰᠤ ᠪᠠᠷᠠᠭᠰᠠᠨ ᠬᠥᠮᠦᠰ ᠲᠤ ᠢᠷᠠᠭᠤ ᠠᠯᠳᠠᠷ ᠨᠡᠬᠡᠮᠵᠢᠯᠡᠨ ᠣᠯᠭᠤᠵᠤ ᠪᠣᠯᠤᠨ᠎ᠠ᠃ ᠲᠠᠨᠢᠯᠴᠠᠭᠤᠯᠬᠤ ᠡᠲᠡᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠢᠯᠡᠳᠲᠡ ᠠᠮᠵᠢᠯᠲᠠ ᠤᠯᠤᠬᠰᠡᠨ ᠪᠠᠶᠢᠪᠡᠯ ᠵᠤᠬᠢᠨ᠎ᠠ᠃ ᠪᠣᠳᠠᠲᠠᠢ ᠪᠠᠷ ᠬᠡᠯᠡᠪᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠪᠠ ᠬᠠᠭᠠᠴᠠᠭᠤᠯᠬᠤ ᠶᠢ ᠡᠰᠡᠷᠭᠦᠴᠡᠬᠦ᠂ ᠠᠵᠢᠯ ᠲᠦᠷᠦᠯ ᠢᠶᠠᠷ ᠨᠢ ᠲᠤᠰᠠᠯᠠᠬᠤ ᠪᠠ ᠵᠡᠭᠦᠨ ᠪᠠᠷᠠᠭᠤᠨ ᠣᠷᠣᠨ ᠬᠠᠮᠵᠢᠯᠴᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠪᠠ ᠵᠠᠰᠠᠭ  ᠤᠨ ᠡᠷᠬᠡ ᠎ ᠶᠢᠨ ᠪᠠᠶᠢᠭᠤᠯᠤᠯᠲᠠ ᠎ ᠶᠢ ᠴᠢᠩᠭᠠᠳᠬᠠᠬᠤ ᠵᠢᠴᠢ ᠪᠤᠰᠤᠳ ᠲᠠᠯ᠎ᠠ ᠎ ᠪᠠᠷ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠬᠤᠪᠢ ᠬᠥᠮᠦᠨ ᠢ ᠪᠠᠭᠲᠠᠭᠠᠨ᠎ᠠ᠃    ︽ᠮᠡᠳᠡᠭᠳᠡᠯ︾᠎ ᠳᠤ ᠲᠠᠨᠢᠯᠴᠠᠭᠤᠯᠵᠥ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠳᠤᠷᠢᠳᠬᠤ ᠪᠠ ᠪᠣᠭᠤᠮᠲᠠ ᠰᠠᠬᠢᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠲᠣᠭᠲᠠᠭᠠᠭᠰᠠᠨ ᠪᠠᠷᠢᠮᠵᠢᠶ᠎ᠠ᠂ ᠨᠥᠬᠦᠴᠡᠯ ᠪᠣᠯᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠠᠨᠢᠯᠴᠠᠭᠤᠯᠤᠭᠰᠠᠨ ᠡᠲᠡᠭᠡᠳ ᠤᠨ ᠤᠯᠤᠰ ᠲᠥᠷᠥ ᠶᠢᠨ ᠬᠡᠪ ᠪᠤᠯᠪᠠᠰᠤᠷᠠᠯ᠂ ᠭᠤᠣᠯ ᠪᠣᠯᠬᠤ ᠪᠣᠳᠠᠲᠤ ᠠᠮᠵᠢᠯᠲᠠ ᠪᠣᠯᠤᠨ ᠣᠯᠠᠨ ᠲᠦᠮᠡᠨ ᠳᠤ ᠮᠡᠳᠡᠷᠡᠭᠳᠡᠭᠰᠡᠨ ᠪᠠᠶᠢᠳᠠᠯ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠲᠠᠨᠢᠯᠴᠠᠭᠤᠯᠤᠭᠰᠠᠨ ᠡᠲᠡᠭᠡᠳ ᠤᠨ ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ ᠪᠣᠯᠤᠨ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠥᠷᠭᠡᠨ ᠢᠶᠠᠷ ᠰᠠᠨᠠᠯ ᠰᠣᠨᠣᠰᠴᠤ᠂ ᠤᠯᠠᠨ ᠲᠦᠮᠡᠨ ᠤ ᠦᠨᠡᠯᠡᠯᠲᠡ ᠶᠢ ᠴᠢᠬᠤᠯᠠᠴᠢᠯᠠᠨ᠂ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号